ᠬᠥᠬᠡᠬᠤᠲᠠ ᠶᠢᠨ ᠵᠠᠮ ᠬᠠᠷᠢᠯᠴᠠᠭᠠᠨ ᠤ ᠲᠣᠪᠴᠢᠶ᠎ᠠ ᠶᠢᠨ ᠵᠠᠰᠠᠮᠠᠯ ᠵᠠᠮ ᠤᠨ ᠰᠠᠯᠠᠭ᠎ᠠ ᠰᠢᠨ᠎ᠡ ᠬᠤᠲᠠ  ᠲᠤᠭᠤᠷᠢᠭ ᠤᠨ ᠲᠠᠷᠢᠶᠠᠯᠠᠩ ᠮᠠᠯ ᠠᠵᠤ ᠠᠬᠤᠶ ᠤᠰᠤᠨ ᠠᠰᠢᠭᠯᠠᠯᠲᠠ ᠶᠢᠨ ᠲᠣᠪᠴᠢᠶ᠎ᠠ ᠶᠢᠨ 2020 ᠣᠨ ᠤ ᠳᠡᠭᠡᠷ᠎ᠡ ᠬᠠᠭᠠᠰ ᠵᠢᠯ ᠤᠨ ᠬᠥᠳᠡᠭᠡ ᠲᠣᠰᠬᠤᠨ ᠤ ᠵᠠᠰᠠᠮᠠᠯ ᠵᠠᠮ ᠤᠨ ᠠᠵᠢᠯ ᠢ ᠥᠷᠨᠢᠭᠦᠯᠦᠭᠰᠡᠨ ᠪᠠᠶᠢᠳᠠᠯ ᠢ ᠪᠠᠶᠢᠴᠠᠭᠠᠪᠠ
ᠨᠡᠶᠢᠲᠡᠯᠡᠭᠰᠡᠨ ᠴᠠᠭ᠄
2020-07-02
     2020 ᠣᠨ ᠤ 7 ᠳ᠋ᠤᠭᠠᠷ ᠰᠠᠷ᠎ᠠ ᠶᠢᠨ 1 ᠤ ᠡᠳᠦᠷ᠂ ᠬᠥᠬᠡᠬᠤᠲᠠ ᠶᠢᠨ ᠵᠠᠮ ᠬᠠᠷᠢᠯᠴᠠᠭᠠᠨ ᠤ ᠲᠣᠪᠴᠢᠶ᠎ᠠ ᠶᠢᠨ ᠵᠠᠰᠠᠮᠠᠯ ᠵᠠᠮ ᠤᠨ ᠰᠠᠯᠠᠭ᠎ᠠ ᠶᠢᠨ ᠬᠤᠯᠪᠤᠭᠳᠠᠯ ᠪᠥᠬᠦᠶ ᠬᠥᠮᠦᠰ ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠰᠢᠨ᠎ᠡ ᠬᠤᠲᠠ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠤᠰᠤᠨ ᠠᠰᠢᠭᠯᠠᠯᠲᠠ ᠶᠢᠨ ᠲᠣᠪᠴᠢᠶ᠎ᠠ ᠳᠤ ᠬᠦᠷᠴᠦ 2020 ᠣᠨ ᠤ ᠳᠡᠭᠡᠷ᠎ᠡ ᠬᠠᠭᠠᠰ ᠵᠢᠯ ᠤᠨ ᠬᠥᠳᠡᠭᠡ ᠲᠣᠰᠬᠤᠨ ᠤ ᠵᠠᠰᠠᠮᠠᠯ ᠵᠠᠮ ᠤᠨ ᠠᠵᠢᠯ ᠢ ᠥᠷᠨᠢᠭᠦᠯᠦᠭᠰᠡᠨ ᠪᠠᠶᠢᠳᠠᠯ ᠳᠤ ᠪᠠᠶᠢᠴᠠᠭᠠᠯᠲᠠ ᠬᠢᠪᠠ᠃
     ᠬᠤᠷᠠᠯ ᠳᠡᠭᠡᠷ᠎ᠡ᠂ ᠰᠢᠨ᠎ᠡ ᠬᠤᠲᠠ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠳᠡᠳ᠋ ᠳᠠᠷᠤᠭ᠎ᠠ ᠪᠠ ᠽᠧᠩ ᠯᠢᠨ ᠪᠠᠶᠢᠴᠠᠭᠠᠬᠤ ᠳᠤᠭᠤᠶᠢᠯᠠᠩ ᠳᠤ ᠲᠤᠰ ᠲᠣᠪᠴᠢᠶ᠎ᠠ ᠶᠢᠨ ᠬᠥᠳᠡᠭᠡ ᠲᠣᠰᠬᠤᠨ ᠤ ᠵᠠᠰᠠᠮᠠᠯ ᠵᠠᠮ ᠤᠨ ᠳᠡᠭᠡᠷ᠎ᠡ ᠬᠠᠭᠠᠰ ᠵᠢᠯ ᠤᠨ ᠠᠵᠢᠯ ᠤᠨ ᠠᠬᠢᠴᠠ ᠶᠢᠨ ᠪᠠᠶᠢᠳᠠᠯ ᠢ ᠬᠠᠷᠢᠭᠤ ᠮᠡᠳᠡᠭᠦᠯᠵᠦ᠂ ᠰᠢᠨ᠎ᠡ ᠬᠤᠲᠠ ᠲᠣᠭᠤᠷᠢᠭ ᠤᠨ ᠵᠠᠮ ᠬᠠᠷᠢᠯᠴᠠᠭᠠᠨ ᠤ ᠲᠤᠪᠴᠢᠶ᠎ᠠ ᠶᠢᠨ ᠵᠠᠮ ᠬᠠᠷᠢᠯᠴᠠᠭᠠᠨ ᠤ ᠰᠠᠯᠠᠭ᠎ᠠ ᠮᠥᠴᠢᠷ ᠬᠢᠵᠢᠭ ᠢ ᠰᠡᠷᠭᠡᠶᠢᠯᠡᠨ ᠬᠢᠵᠠᠭᠠᠷᠯᠠᠬᠤ ᠬᠤᠭᠤᠴᠠᠭᠠᠨ ᠳᠤ ᠨᠢᠭᠡ ᠲᠠᠯ᠎ᠠ ᠪᠠᠷ ᠰᠡᠷᠭᠡᠶᠢᠯᠡᠨ ᠡᠵᠡᠮᠳᠡᠬᠦ ᠶᠢ ᠠᠳᠬᠤᠵᠤ᠂ ᠨᠢᠭᠡ ᠲᠠᠯ᠎ᠠ ᠪᠠᠷ ᠬᠥᠳᠡᠭᠡ ᠲᠣᠰᠬᠤᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢ ᠠᠳᠬᠤᠬᠤ ᠶᠢᠨ ᠬᠠᠮᠲᠤ ᠥᠪᠡᠷᠲᠡᠭᠡᠨ ᠵᠠᠰᠠᠬᠤ ᠣᠷᠣᠨ ᠤ ᠲᠡᠰ ᠤᠨ ︽ᠳᠥᠷᠪᠡᠨ ᠰᠠᠶᠢᠨᠲᠠᠶ ᠬᠥᠳᠡᠭᠡ ᠲᠣᠰᠬᠤᠨ ᠤ ᠵᠠᠮ︾ ᠤᠨ ᠵᠢᠱᠢᠶ᠎ᠡ ᠦᠵᠡᠭᠦᠯᠬᠦ ᠲᠤᠭᠤᠷᠢᠭ ᠢ ᠢᠳᠡᠪᠬᠢᠲᠡᠶ ᠪᠠᠷ ᠪᠦᠲᠦᠭᠡᠨ ᠪᠠᠶᠢᠭᠤᠯᠬᠤ ᠠᠵᠢᠯ ᠢ ᠰᠤᠯᠠᠷᠠᠭᠤᠯᠤᠯ ᠦᠭᠡᠢ ᠦᠷᠨᠢᠭᠦᠯᠦᠭᠰᠡᠨ ᠪᠠᠶᠢᠨ᠎ᠠ᠃      ᠪᠠᠶᠢᠴᠠᠭᠠᠬᠤ ᠳᠤᠭᠤᠶᠢᠯᠠᠩ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ ᠪᠠᠰᠠ ᠳᠣᠲᠣᠭᠠᠳᠤ ᠶᠢᠨ ᠠᠵᠢᠯ ᠤᠨ ᠮᠠᠲ᠋ᠧᠷᠢᠶᠠᠯ ᠢ ᠪᠠᠶᠢᠴᠠᠭᠠᠵᠤ᠂ ᠰᠢᠨ᠎ᠡ ᠬᠤᠲᠠ ᠲᠣᠭᠤᠷᠢᠭ ᠤᠨ ᠵᠠᠮ ᠬᠠᠷᠢᠯᠴᠠᠭᠠᠨ ᠤ ᠲᠣᠪᠴᠢᠶ᠎ᠠ ᠶᠢᠨ ᠬᠠᠮᠢᠶᠠᠷᠬᠤ ᠬᠡᠪᠴᠢᠶᠡᠨ ᠳᠠᠬᠢ ᠭᠤᠷᠪᠠᠨ ᠵᠤᠷᠪᠤᠰ ᠰᠢᠶᠠᠨ ᠤ ᠵᠠᠮ ᠤᠨ ᠠᠷᠠᠴᠢᠯᠠᠯᠲᠠ ᠬᠠᠮᠠᠭᠠᠯᠠᠯᠲᠠ ᠶᠢᠨ ᠪᠠᠶᠢᠳᠠᠯ ᠢ ᠲᠤᠬᠠᠢ ᠶᠢᠨ ᠭᠠᠵᠠᠷ ᠲᠤ ᠨᠢ ᠪᠠᠶᠢᠴᠠᠭᠠᠨ ᠦᠵᠡᠵᠦ᠂ ᠰᠢᠨ᠎ᠡ ᠬᠤᠲᠠ ᠲᠣᠭᠤᠷᠢᠭ ᠤᠨ ᠵᠠᠮ ᠬᠠᠷᠢᠯᠴᠠᠭᠠᠨ ᠤ ᠲᠣᠪᠴᠢᠶ᠎ᠠ ᠶᠢᠨ ᠣᠳᠣᠬᠠᠨ ᠪᠣᠯᠲᠠᠯ᠎ᠠ ᠬᠥᠳᠡᠭᠡ ᠲᠣᠰᠬᠤᠨ ᠤ ᠵᠠᠰᠠᠮᠠᠯ ᠵᠠᠮ ᠤᠨ ᠠᠵᠢᠯ ᠢ ᠦᠷᠨᠢᠭᠦᠯᠦᠭᠰᠡᠨ ᠢ ᠨᠤᠲᠠᠯᠠᠭᠰᠠᠨ ᠪᠠ ᠵᠢᠯᠣᠭᠤᠳᠬᠤ ᠰᠠᠨᠠᠭᠤᠯᠭ᠎ᠠ ᠳᠤᠷᠠᠳᠪᠠ᠃ ᠳᠣᠤᠷ᠎ᠠ ᠬᠠᠭᠠᠰ ᠵᠢᠯ ᠳᠤ ᠲᠣᠰ ᠲᠣᠪᠴᠢᠶ᠎ᠠ ᠡᠷᠴᠢᠮ ᠢᠶᠠᠨ ᠴᠢᠩᠭᠠᠷᠠᠭᠤᠯᠵᠤ ᠥᠪᠡᠷᠲᠡᠭᠡᠨ ᠵᠠᠰᠠᠬᠤ ᠣᠷᠣᠨ ᠤ ᠳᠡᠰ ᠤᠨ ︽ᠳᠥᠷᠪᠡᠨ ᠰᠠᠶᠢᠨᠲᠠᠶ ᠬᠦᠳᠡᠭᠡ ᠲᠣᠰᠬᠤᠨ ᠤ ᠵᠠᠮ︾ ᠤᠨ ᠵᠢᠱᠢᠶ᠎ᠡ ᠦᠵᠡᠭᠦᠯᠬᠦ ᠲᠤᠭᠤᠷᠢᠭ ᠢ ᠪᠦᠲᠦᠭᠡᠨ ᠪᠠᠶᠢᠭᠤᠯᠬᠤ ᠡᠭᠦᠷᠭᠡ ᠬᠠᠷᠠᠯᠲᠠ ᠪᠠᠨ ᠪᠡᠶᠡᠯᠡᠭᠦᠯᠦᠨ᠎ᠡ᠃
 
ᠢᠷᠡᠯᠲᠡ᠄ ᠰᠢᠨ᠎ᠡ ᠬᠤᠲᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号