ᠣᠷᠳᠣᠰ ᠬᠤᠲᠠ ᠶᠢᠨ ᠵᠠᠰᠠᠭ ᠤᠨ ᠣᠷᠳᠣᠨ ᠤ ᠰᠢᠨᠵᠢᠯᠡᠨ ᠪᠠᠶᠢᠴᠠᠭᠠᠬᠤ ᠪᠦᠯᠬᠦᠮ ᠬᠥᠬᠡᠬᠤᠲᠠ ᠳᠤ ᠢᠷᠡᠵᠦ ᠪᠠᠶᠢᠴᠠᠭᠠᠯᠲᠠ ᠬᠢᠪᠡ
ᠨᠡᠶᠢᠲᠡᠯᠡᠭᠰᠡᠨ ᠴᠠᠭ᠄
2020-07-02
      7 ᠳ᠋ᠤᠭᠠᠷ ᠰᠠᠷ᠎ᠠ ᠶᠢᠨ 1 ᠤ ᠡᠳᠦᠷ᠂ ᠣᠷᠳᠣᠰ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠰᠡᠴᠡᠨᠪᠢᠯᠢᠭ ᠢᠶᠠᠷ ᠪᠦᠯᠬᠦᠮ ᠤᠨ ᠳᠠᠷᠤᠭ᠎ᠠ ᠪᠣᠯᠭᠠᠭᠰᠠᠨ ᠣᠷᠳᠣᠰ ᠬᠤᠲᠠ ᠶᠢᠨ ᠵᠠᠰᠠᠭ ᠤᠨ ᠣᠷᠳᠣᠨ ᠤ ᠰᠢᠨᠵᠢᠯᠡᠨ ᠪᠠᠶᠢᠴᠠᠭᠠᠬᠤ ᠪᠦᠯᠬᠦᠮ ᠮᠠᠨ ᠤ ᠬᠤᠲᠠ ᠳᠤ ᠢᠷᠡᠵᠦ᠂ ᠮᠠᠨ ᠤ ᠬᠤᠲᠠ ᠶᠢᠨ ᠭᠡᠷ ᠪᠠᠶᠢᠰᠢᠩ ᠭᠠᠵᠠᠷ ᠬᠥᠷᠥᠩᠭᠡ ᠶᠢᠨ ᠦᠯᠡᠳᠡᠭᠳᠡᠯ ᠠᠰᠠᠭᠤᠳᠠᠯ ᠢ ᠰᠢᠢᠳᠪᠦᠷᠢᠯᠡᠭᠰᠡᠨ᠂ ᠠᠮᠢ ᠠᠬᠤᠢ ᠶᠢᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠵᠡᠷᠭᠡ ᠠᠵᠢᠯ ᠳᠤ ᠪᠠᠶᠢᠴᠠᠭᠠᠨ ᠰᠤᠳᠤᠯᠤᠯᠲᠠ ᠬᠢᠪᠡ᠃      ᠬᠤᠲᠠ ᠶᠢᠨ ᠤᠳᠤᠷᠢᠳᠤᠯᠭ᠎ᠠ ᠵᠠᠩ ᠪᠠᠢ ᠴᠧᠩ᠂ ᠯᠢᠦ ᠴᠧᠩ ᠮᠢᠨ᠂ ᠵᠸᠦ ᠴᠢᠶᠠᠩ᠂ ᠬᠤᠲᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠵᠠᠩ ᠵᠦᠩ ᠳ᠋ᠦᠩ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠰᠢᠨᠵᠢᠯᠡᠨ ᠪᠠᠶᠢᠴᠠᠭᠠᠯᠲᠠ ᠳᠤ ᠪᠠᠷ᠎ᠠ ᠪᠣᠯᠪᠠ᠃      ᠰᠡᠴᠡᠨᠪᠢᠯᠢᠭ ᠨᠠᠷ ᠤᠷᠢᠳ ᠬᠤᠵᠢᠳ ᠯᠦᠩ ᠴᠧᠩ᠂ ᠢ ᠳ᠋ᠥᠸᠧ ᠯᠢ ᠴᠠᠭ ᠦᠶ᠎ᠡ ᠶᠢᠨ ᠬᠤᠲᠠ᠂ ᠴᠢᠩ ᠴᠧᠩ ᠽᠢ ᠶᠤᠸᠠᠨ᠂ ᠬᠥᠬᠡᠬᠤᠲᠠ ᠶᠢᠨ ᠲᠣᠭᠲᠠᠮᠠᠯ ᠬᠥᠷᠥᠩᠭᠡ ᠶᠢᠨ ᠳᠠᠩᠰᠠᠯᠠᠬᠤ ᠲᠥᠪ᠂ ᠴᠡᠯᠡᠭᠡᠷ ᠲᠠᠯ᠎ᠠ ᠣᠯᠠᠨ ᠤᠯᠤᠰ ᠤᠨ ᠬᠤᠷᠠᠯ ᠦᠵᠡᠰᠭᠦᠯᠡᠩ ᠤᠨ ᠲᠥᠪ᠂ ᠴᠡᠯᠡᠭᠡᠷ ᠲᠠᠯ᠎ᠠ᠂ ᠢᠮᠠᠭᠠᠲᠤ ᠣᠢ ᠰᠢᠭᠤᠢ ᠶᠢᠨ ᠴᠡᠴᠡᠷᠯᠢᠭ ᠵᠡᠷᠭᠡ  ᠲᠦᠷᠦᠯ ᠵᠦᠢᠯ ᠢ ᠲᠤᠬᠠᠢ ᠶᠢᠨ ᠭᠠᠵᠠᠷ ᠲᠤᠨᠢ ᠬᠦᠷᠴᠦ ᠰᠢᠨᠵᠢᠯᠡᠨ ᠪᠠᠶᠢᠴᠠᠭᠠᠪᠠ᠃      ᠯᠦᠩ ᠴᠧᠩ᠂ ᠢ ᠳ᠋ᠥᠸᠧ ᠯᠢ ᠴᠠᠭ ᠦᠶ᠎ᠡ ᠶᠢᠨ ᠬᠤᠲᠠ᠂ ᠴᠢᠩ ᠴᠧᠩ ᠽᠢ ᠶᠤᠸᠠᠨ ᠳᠤ᠂ ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ ᠠᠳᠠᠯᠢ ᠪᠤᠰᠤ ᠪᠠᠶᠢᠳᠠᠯ ᠳᠠᠬᠢ ᠭᠡᠷ ᠪᠠᠶᠢᠰᠢᠩ ᠭᠠᠵᠠᠷ ᠬᠥᠷᠥᠩᠭᠡ ᠶᠢᠨ ᠦᠯᠡᠳᠡᠭᠳᠡᠯ ᠠᠰᠠᠭᠤᠳᠠᠯ ᠢ ᠰᠢᠢᠳᠪᠦᠷᠢᠯᠡᠬᠦ ᠠᠷᠭ᠎ᠠ ᠬᠡᠮᠵᠢᠶ᠎ᠡ ᠪᠠ ᠲᠤᠷᠰᠢᠯᠭ᠎ᠠ ᠶᠢ ᠨᠠᠷᠢᠨ ᠠᠰᠠᠭᠤᠨ ᠯᠠᠪᠯᠠᠵᠤ᠂ ᠣᠯᠠᠨ ᠢᠶᠠᠷ ᠢᠶᠠᠨ ᠦᠵᠡᠬᠦ ᠶᠢᠨ ᠳᠠᠭᠠᠤ ᠲᠠᠨᠢᠯᠴᠠᠭᠤᠯᠬᠤ ᠶᠢ ᠰᠤᠨᠤᠰᠴᠤ᠂ ᠶᠠᠷᠢᠯᠴᠠᠵᠤ ᠵᠤᠭᠤᠭᠳᠠᠬᠤ ᠶᠢᠨ ᠬᠠᠮᠳᠤ ᠣᠷᠳᠣᠰ ᠬᠤᠲᠠ ᠶᠢᠨ ᠠᠳᠠᠯᠢᠪᠲᠤᠷ ᠪᠠᠶᠢᠳᠠᠯ ᠲᠠᠢ ᠠᠰᠠᠷ ᠪᠠᠷᠢᠯᠭ᠎ᠠ ᠲᠠᠢ ᠠᠳᠠᠯᠢᠳᠬᠠᠨ᠂ ᠬᠥᠬᠡᠬᠤᠲᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠲᠠᠢ ᠠᠰᠠᠭᠤᠳᠠᠯ ᠢ ᠰᠢᠢᠳᠪᠦᠷᠢᠯᠡᠬᠦ ᠠᠷᠭ᠎ᠠ ᠪᠠᠷᠢᠯ ᠪᠠ ᠠᠷᠭ᠎ᠠ ᠬᠡᠮᠵᠢᠶ᠎ᠡ ᠶᠢᠨ ᠲᠤᠬᠠᠢ ᠰᠠᠨᠠᠯ ᠪᠣᠳᠣᠯ ᠢᠶᠠᠨ ᠭᠦᠨᠵᠡᠭᠡᠢ ᠰᠣᠯᠢᠯᠴᠠᠪᠠ᠃ ᠬᠥᠬᠡᠬᠤᠲᠠ ᠶᠢᠨ ᠬᠢᠨ ᠶᠡᠭᠡ ᠬᠦᠴᠦ ᠵᠠᠷᠤᠴᠠᠭᠤᠯᠵᠤ ᠭᠡᠷ ᠪᠠᠶᠢᠰᠢᠩ ᠭᠠᠵᠠᠷ ᠬᠥᠷᠥᠩᠭᠡ ᠶᠢᠨ ᠲᠥᠷᠥᠯ ᠵᠦᠢᠯ ᠤᠨ ᠦᠯᠡᠳᠡᠭᠳᠡᠯ ᠠᠰᠠᠭᠤᠳᠠᠯ ᠢ ᠰᠢᠢᠳᠪᠦᠷᠢᠯᠡᠵᠦ᠂ ᠠᠷᠭ᠎ᠠ ᠪᠠᠷᠢᠯ ᠨᠢ ᠬᠦᠴᠦᠲᠡᠢ᠂ ᠦᠷ᠎ᠡ ᠪᠦᠲᠦᠮᠵᠢ ᠪᠠᠷ ᠢᠯᠡᠷᠬᠡᠢ᠂ ᠣᠯᠠᠨ ᠲᠤᠷᠰᠢᠯᠭ᠎ᠠ ᠨᠢ ᠲᠤᠶᠢᠯ ᠤᠨ ᠶᠡᠭᠡ ᠲᠣᠯᠢᠯᠠᠬᠤ ᠦᠨ᠎ᠡ ᠥᠷᠲᠡᠭ ᠲᠠᠢ᠂ ᠣᠷᠳᠣᠰ ᠬᠤᠲᠠ ᠶᠢᠨ ᠬᠢᠨ ᠬᠥᠬᠡᠬᠤᠲᠠ ᠶᠢᠨ ᠲᠤᠷᠰᠢᠯᠭ᠎ᠠ ᠶᠢ ᠲᠣᠯᠢᠯᠠᠨ᠂ ᠣᠯᠠᠨ ᠲᠦᠮᠡᠨ ᠤ ︽ᠦᠨᠡᠮᠯᠡᠯ ᠠᠪᠬᠤ ᠳᠤ ᠬᠦᠴᠢᠷ︾ ︽ᠪᠤᠴᠠᠵᠤ ᠨᠡᠭᠦᠬᠦ ᠳᠤ ᠬᠦᠴᠢᠷ︾ ︽ᠣᠷᠣᠵᠤ ᠰᠠᠭᠤᠬᠤ ᠳᠤ ᠬᠦᠴᠢᠷ︾ ᠵᠡᠷᠭᠡ ᠠᠰᠠᠭᠤᠳᠠᠯ ᠢ ᠦᠨᠡᠨᠬᠦ ᠰᠢᠢᠳᠪᠦᠷᠢᠯᠡᠨ᠎ᠡ ᠭᠡᠵᠦ ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ ᠰᠠᠨᠠᠯ ᠨᠢᠭᠡᠲᠡᠢ ᠦᠵᠡᠵᠡᠭᠡᠪᠡ᠃       ᠬᠥᠬᠡᠬᠤᠲᠠ ᠶᠢᠨ ᠲᠣᠭᠲᠠᠮᠠᠯ ᠬᠥᠷᠥᠩᠭᠡ ᠶᠢᠨ ᠳᠠᠩᠰᠠᠯᠠᠬᠤ ᠲᠥᠪ ᠲᠤ᠂ ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ ᠲᠣᠭᠲᠠᠮᠠᠯ ᠬᠥᠷᠥᠩᠭᠡ ᠶᠢᠨ ᠦᠯᠡᠳᠡᠭᠳᠡᠯ ᠠᠰᠠᠭᠤᠳᠠᠯ ᠲᠠᠢ ᠲᠥᠷᠥᠯ ᠵᠦᠢᠯ ᠢ ᠳᠠᠩᠰᠠᠯᠠᠬᠤ ᠲᠤᠰᠬᠠᠢ ᠲᠣᠭᠤᠷᠢᠭ᠂ ᠰᠢᠨ᠎ᠡ ᠬᠤᠲᠠ ᠲᠣᠭᠤᠷᠢᠭ ᠤᠨ ᠦᠢᠯᠡᠴᠢᠯᠡᠭᠡᠨ ᠤ ᠲᠢᠩᠭᠢᠮ ᠤᠨ ︽ᠨᠢᠭᠡ ᠴᠤᠩᠬᠤᠪᠴᠢ ᠮᠠᠶ᠋ᠢᠭ︾ ᠤᠨ ᠬᠦᠯᠢᠶᠡᠨ ᠠᠪᠴᠤ ᠰᠢᠢᠳᠪᠦᠷᠢᠯᠡᠬᠦ ᠵᠠᠭᠪᠤᠷ ᠢ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠪᠠ᠃ ᠰᠢᠨᠵᠢᠯᠡᠨ ᠪᠠᠶᠢᠴᠠᠭᠠᠬᠤ ᠪᠦᠯᠬᠦᠮ ᠠᠴᠠ ᠬᠥᠬᠡᠬᠤᠲᠠ ᠶᠢᠨ ᠲᠣᠭᠲᠠᠮᠠᠯ ᠬᠥᠷᠥᠩᠭᠡ ᠶᠢᠨ ᠳᠠᠩᠰᠠᠯᠠᠯ ᠢ ᠨᠢᠭᠡ ᠴᠤᠩᠬᠤᠪᠴᠢ ᠪᠠᠷ ᠬᠦᠯᠢᠶᠡᠨ ᠠᠪᠴᠤ ᠰᠢᠢᠳᠪᠦᠷᠢᠯᠡᠨ᠂ ᠬᠤᠯᠪᠣᠭᠠᠯᠠᠨ ᠠᠯᠪᠠᠯᠠᠬᠤ ᠠᠷᠭ᠎ᠠ ᠬᠡᠯᠪᠡᠷᠢ ᠨᠢ ᠣᠯᠠᠨ ᠲᠦᠮᠡᠨ ᠤ ᠠᠵᠢᠯ ᠭᠦᠢᠴᠡᠳᠬᠡᠬᠦ ᠳᠤ ᠳᠥᠭᠦᠮ ᠦᠵᠡᠭᠦᠯᠦᠨ᠂ ᠠᠵᠢᠯ ᠤᠨ ᠦᠷ᠎ᠡ ᠪᠦᠳᠦᠮᠵᠢ ᠶᠢ ᠳᠡᠭᠡᠭᠰᠢᠯᠡᠭᠦᠯᠵᠦ᠂ ᠲᠤᠶᠢᠯ ᠤᠨ ᠶᠡᠭᠡ ᠲᠣᠯᠢᠯᠠᠨ ᠰᠤᠷᠤᠯᠴᠠᠬᠤ ᠦᠨ᠎ᠡ ᠥᠷᠲᠡᠭ ᠲᠠᠢ ᠭᠡᠵᠦ ᠦᠵᠡᠪᠡ᠃      ᠴᠡᠯᠡᠭᠡᠷ ᠲᠠᠯ᠎ᠠ ᠣᠯᠠᠨ ᠤᠯᠤᠰ ᠤᠨ ᠬᠤᠷᠠᠯ ᠦᠵᠡᠰᠭᠦᠯᠡᠩ ᠤᠨ ᠲᠥᠪ᠂ ᠴᠡᠯᠡᠭᠡᠷ ᠲᠠᠯ᠎ᠠ᠂ ᠢᠮᠠᠭᠠᠲᠤ ᠣᠢ ᠰᠢᠭᠤᠢ ᠶᠢᠨ ᠴᠡᠴᠡᠷᠯᠢᠭ ᠵᠡᠷᠭᠡ ᠠᠮᠢ ᠠᠬᠤᠢ ᠶᠢᠨ ᠬᠠᠮᠠᠭᠠᠯᠠᠯᠲᠠ ᠶᠢᠨ ᠲᠥᠷᠥᠯ ᠢ ᠲᠤᠬᠠᠢ ᠶᠢᠨ ᠭᠠᠵᠠᠷ ᠲᠤᠨᠢ ᠬᠦᠷᠴᠦ ᠰᠢᠨᠵᠢᠯᠡᠨ ᠪᠠᠶᠢᠴᠠᠭᠠᠬᠤ ᠳᠠᠭᠠᠨ᠂ ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ ᠪᠠᠰᠠ ᠳᠠᠯᠠᠨ ᠬᠠᠷ᠎ᠠ ᠶᠢᠨ ᠡᠮᠦᠨ᠎ᠡ ᠪᠡᠯ ᠤᠨ ᠠᠮᠢ ᠠᠬᠤᠢ ᠶᠢᠨ ᠬᠠᠮᠠᠭᠠᠯᠠᠯᠲᠠ ᠶᠢᠨ ᠶᠡᠷᠦᠩᠬᠡᠢ ᠵᠠᠰᠠᠯᠲᠠ ᠶᠢᠨ ᠪᠠᠶᠢᠳᠠᠯ ᠢ ᠨᠠᠷᠢᠨ ᠣᠶᠢᠯᠠᠭᠠᠵᠤ᠂ ᠮᠠᠨ ᠤ ᠬᠤᠲᠠ ᠶᠢᠨ ᠳᠠᠯᠠᠨ ᠬᠠᠷ᠎ᠠ ᠶᠢᠨ ᠡᠮᠦᠨ᠎ᠡ ᠪᠡᠯ ᠤᠨ ᠠᠮᠢ ᠠᠬᠤᠢ ᠶᠢᠨ ᠬᠠᠮᠠᠭᠠᠯᠠᠯᠲᠠ ᠶᠢᠨ ᠶᠡᠷᠦᠩᠬᠡᠢ ᠵᠠᠰᠠᠯᠲᠠ ᠳᠤᠮᠳᠠ ᠠᠮᠢ ᠠᠬᠤᠢ ᠶᠢᠨ ᠪᠦᠲᠦᠭᠡᠨ ᠪᠠᠶᠢᠭᠤᠯᠤᠯᠲᠠ᠂ ᠲᠠᠯ᠎ᠠ ᠨᠤᠲᠤᠭ ᠤᠨ ᠦᠵᠡᠮᠵᠢ᠂ ᠵᠢᠭᠤᠯᠴᠢᠯᠠᠯ ᠵᠤᠭᠠᠴᠠᠯ ᠪᠣᠯᠣᠨ ᠰᠢᠨ᠎ᠡ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠤᠶᠠᠯᠳᠤᠭᠤᠯᠤᠭᠰᠠᠨ ᠠᠷᠭ᠎ᠠ ᠬᠢᠳᠡᠯ ᠢ ᠮᠠᠭᠲᠠᠵᠤ᠂ ᠲᠥᠷᠥᠯ ᠵᠦᠢᠯ ᠤᠨ ᠪᠠᠶᠢᠭᠤᠯᠤᠯᠲᠠ ᠨᠢ ᠴᠡᠯᠡᠭᠡᠷ ᠲᠠᠯ᠎ᠠ ᠶᠢᠨ ᠬᠥᠳᠡᠭᠡ ᠨᠤᠲᠤᠭ ᠤᠨ ᠵᠠᠩ ᠦᠢᠯᠡ ᠶᠢ ᠭᠦᠢᠴᠡᠳ ᠲᠤᠰᠬᠠᠵᠤ᠂ ᠲᠥᠪ ᠬᠤᠲᠠ ᠶᠢᠨ ᠠᠮᠢ ᠠᠬᠤᠢ ᠶᠢᠨ ᠬᠠᠮᠠᠭᠠᠯᠠᠯᠲᠠ ᠶᠢᠨ ᠵᠠᠰᠠᠯᠲᠠ ᠶᠢᠨ ᠦᠯᠢᠭᠡᠷ ᠵᠢᠱᠢᠶ᠎ᠡ ᠪᠣᠯᠵᠠᠢ ᠭᠡᠵᠦ ᠦᠵᠡᠨ᠂ ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ ᠬᠥᠬᠡᠬᠤᠲᠠ ᠶᠢᠨ ᠠᠮᠢ ᠠᠬᠤᠢ ᠶᠢᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠰᠠᠶᠢᠨ ᠲᠤᠷᠰᠢᠯᠭ᠎ᠠ ᠰᠠᠶᠢᠨ ᠠᠷᠭ᠎ᠠ ᠬᠢᠳᠡᠯ ᠢ ᠰᠢᠩᠭᠡᠭᠡᠨ ᠠᠪᠴᠤ ᠂ ᠣᠷᠳᠣᠰ ᠬᠤᠲᠠ ᠶᠢᠨ ᠠᠮᠢ ᠠᠬᠤᠢ ᠶᠢᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠪᠠ ᠬᠤᠲᠠ ᠶᠢᠨ ᠬᠥᠭᠵᠢᠯᠲᠡ ᠶᠢᠨ ᠬᠢᠷᠢ ᠲᠦᠪᠰᠢᠨ ᠢ ᠤᠯᠠᠨ ᠨᠢᠭᠡ ᠠᠯᠬᠤᠮ ᠳᠡᠭᠡᠭᠰᠢᠯᠡᠭᠦᠯᠦᠨ᠎ᠡ ᠭᠡᠪᠡ᠃       ᠣᠷᠳᠣᠰ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ  ᠶᠢᠨ ᠦ᠋᠂ ᠣᠷᠳᠣᠰ ᠬᠤᠲᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠵᠠᠩ ᠵᠦᠩ ᡁᠢ ᠵᠢᠴᠢ ᠬᠤᠯᠪᠣᠭᠳᠠᠯ ᠪᠦᠬᠦᠢ ᠭᠠᠵᠠᠷ ᠣᠷᠣᠨ ᠪᠠ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠰᠢᠨᠵᠢᠯᠡᠨ ᠪᠠᠶᠢᠴᠠᠭᠠᠬᠤ ᠳᠤ ᠣᠷᠣᠯᠴᠠᠵᠠᠢ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号