ᠬᠦᠬᠡᠬᠤᠳᠠ ᠶᠢᠨ ᠴᠢᠨᠠᠷ ᠰᠠᠶᠢᠳᠠᠢ ᠬᠦᠭᠵᠢᠯᠳᠡ ᠶᠢᠨ ᠠᠷᠠᠯᠵᠢᠶᠠᠴᠢᠨ ᠤᠷᠢᠵᠥ ᠪᠡᠯᠡ ᠮᠥᠩᠬᠦ ᠤᠷᠤᠭᠤᠯᠤᠨ ᠠᠪᠴᠢᠷᠠᠬᠤ ᠲᠦᠷᠦᠯ ᠵᠦᠢᠯ ᠤᠨ ᠭᠡᠷ᠎ᠡ ᠲᠤᠭᠳᠠᠬᠤ ᠶᠤᠰᠤᠯᠠᠯ ᠵᠢᠴᠢ ᠴᠢᠬᠤᠯᠠ ᠶᠡᠭᠡ ᠲᠦᠷᠦᠯ ᠵᠦᠢᠯ ᠤᠨ ᠪᠠᠷᠢᠯᠭ᠎ᠠ ᠡᠬᠢᠯᠡᠬᠦ ᠲᠠᠶᠢᠴᠢᠯᠠᠯᠳᠠ ᠶᠢᠨ ᠶᠡᠭᠡ ᠬᠤᠷᠡᠯ ᠶᠠᠪᠤᠭᠳᠠᠪᠠ
ᠨᠡᠶᠢᠲᠡᠯᠡᠭᠰᠡᠨ ᠴᠠᠭ᠄
2020-07-02
ᠸᠠᠩ ᠯᠢ ᠰᠢᠶᠠ ᠤᠷᠤᠯᠴᠠᠵᠠᠢ      ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠬᠴᠢ ᠬᠤᠸᠠᠩ ᠫᠦ᠋ ᠰᠢᠦ ᠯᠢᠩ︶ 6 ᠰᠠᠷ᠎ᠠ ᠶᠢᠨ 29 ᠤ ᠡᠳᠤᠷ᠂ ᠬᠥᠬᠡᠬᠤᠲᠠ ᠶᠢᠨ ᠴᠢᠨᠠᠷ ᠰᠠᠶᠢᠳᠠᠢ ᠬᠦᠭᠵᠢᠯᠳᠡ ᠶᠢᠨ ᠠᠷᠠᠯᠵᠢᠶᠠᠴᠢᠨ ᠤᠷᠢᠵᠥ ᠪᠡᠯᠡ ᠮᠥᠩᠬᠦ ᠤᠷᠤᠭᠤᠯᠤᠨ ᠠᠪᠴᠢᠷᠠᠬᠤ ᠲᠦᠷᠦᠯ ᠵᠦᠢᠯ ᠤᠨ ᠭᠡᠷ᠎ᠡ ᠲᠤᠭᠳᠠᠬᠤ ᠶᠤᠰᠤᠯᠠᠯ ᠵᠢᠴᠢ ᠴᠢᠬᠤᠯᠠ ᠶᠡᠭᠡ ᠲᠦᠷᠦᠯ ᠵᠦᠢᠯ ᠤᠨ ᠪᠠᠷᠢᠯᠭ᠎ᠠ ᠡᠬᠢᠯᠡᠬᠦ ᠳᠠᠶᠢᠴᠢᠯᠠᠯᠲᠠ ᠶᠢᠨ ᠬᠤᠷᠡᠯ ᠲᠤᠰ ᠬᠤᠲᠠ ᠶᠢᠨ ᠰᠢᠨ᠎ᠡ ᠲᠣᠭᠤᠷᠢᠭ ᠤᠨ ᠴᠢᠬᠤᠯᠠ ᠶᠡᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠤᠢ ᠲᠡᠯᠠᠪᠠᠢ ᠳᠤ ᠶᠠᠪᠤᠭᠳᠠᠪᠠ᠃      ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠡᠨ ᠤ ᠪᠠᠶᠢᠩᠭᠤ ᠶᠢᠨ ᠭᠡᠰᠢᠭᠦᠨ᠂ ᠬᠥᠬᠡᠬᠤᠲᠠ ᠶᠢᠨ ᠨᠠᠮ  ᠤᠨ ᠬᠤᠷᠢᠶᠡᠨ ᠤ ᠱᠦᠵᠢ ᠸᠠᠩ ᠯᠢ ᠰᠢᠶᠠ ᠣᠷᠣᠯᠴᠠᠭᠰᠠᠨ ᠪᠦᠭᠡᠳ ᠲᠦᠪᠯᠡᠷᠡᠬᠦᠯᠥᠨ ᠪᠠᠷᠢᠯᠭ᠎ᠠ ᠡᠬᠢᠯᠡᠬᠦ ᠲᠥᠷᠥᠯ ᠵᠦᠢᠯ ᠳᠤ ᠰᠢᠷᠤᠢ ᠨᠡᠮᠡᠵᠦ ᠰᠠᠭᠤᠷᠢ ᠲᠠᠯᠪᠢᠪᠠ᠃      ᠲᠤᠰ ᠡᠳᠤᠷ᠂ ᠯᠠᠩ ᠴᠤᠤ ᠥᠪᠥᠷ ᠮᠣᠩᠭᠤᠯ ᠤᠨ ᠲᠣᠮᠣ ᠳ᠋ᠠᠶᠢᠲ᠋ᠠ ᠶᠢᠨ ᠠᠵᠤ ᠦᠢᠯᠡᠰ ᠤᠨ ᠬᠦᠷᠢᠶᠡᠯᠡᠩ ᠵᠡᠷᠬᠡ 10 ᠭᠠᠷᠤᠢ ᠴᠢᠬᠤᠯᠠ ᠶᠡᠭᠡ ᠪᠦᠳᠦᠬᠡᠨ ᠪᠠᠶᠢᠭᠤᠯᠤᠯᠲᠠ ᠶᠢᠨ ᠲᠦᠷᠦᠯ ᠵᠦᠢᠯ ᠠᠵᠢᠯ ᠢᠶᠠᠨ ᠡᠬᠢᠯᠡᠬᠦᠯᠵᠥ ᠠᠵᠢᠯ ᠢᠶᠠᠨ ᠰᠡᠷᠬᠦᠬᠡᠪᠡ᠃ ᠬᠥᠬᠡᠬᠤᠲᠠ ᠶᠢᠨ 9 ᠬᠤᠰᠢᠭᠤ ᠰᠢᠶᠠᠨ ᠲᠤᠭᠤᠷᠢᠭ ᠪᠤᠯᠤᠨ ᠠᠵᠥ ᠠᠬᠤᠢ ᠮᠡᠷᠭᠡᠵᠢᠯ ᠤᠨ ᠨᠡᠭᠡᠭᠡᠯᠲᠡ ᠶᠢᠨ ᠲᠤᠭᠤᠷᠢᠭ ᠪᠠ ᠠᠷᠠᠯᠵᠢᠶᠠᠴᠢᠨ ᠤᠷᠢᠵᠥ ᠪᠡᠯᠡ ᠮᠥᠩᠬᠦ ᠤᠷᠤᠭᠤᠯᠤᠨ ᠠᠪᠴᠢᠷᠠᠬᠤ ᠲᠦᠷᠦᠯ ᠵᠦᠢᠯ ᠤᠨ ᠠᠵᠥ ᠠᠬᠤᠢᠢᠯᠠᠯ ᠠᠯᠤᠰ  ᠸᠢᠳᠢᠣ᠋ ᠪᠠᠷ ᠲᠠᠮᠵᠢᠨ ᠲᠤᠰ ᠲᠤᠰ ᠭᠡᠷ᠎ᠡ ᠲᠤᠭᠳᠠᠵᠥ᠂ ᠨᠡᠶᠢᠳᠡ 19 ᠵᠦᠢᠯ ᠤᠨ ᠭᠡᠷ᠎ᠡ ᠲᠤᠭᠳᠠᠵᠥ᠂ ᠶᠡᠷᠦᠩᠬᠡᠢ ᠪᠡᠯᠡ ᠣᠷᠣᠭᠤᠯᠤᠯᠲᠠ ᠨᠢ 436.2 ᠳ᠋ᠦᠩᠰᠢᠭᠤᠷ ᠲᠦᠬᠦᠷᠢᠭ ᠲᠤ ᠬᠦᠷᠦᠭᠰᠡᠨ ᠪᠠᠶᠢᠨ᠎ᠠ᠃      ᠬᠥᠬᠡᠬᠤᠲᠠ ᠶᠢᠨ ᠬᠢᠨ ᠴᠢᠬᠤᠯᠠ ᠶᠡᠭᠡ ᠲᠦᠷᠦᠯ ᠵᠦᠢᠯ ᠤᠨ ᠪᠦᠳᠦᠬᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢ ᠲᠤᠭᠳᠠᠪᠤᠷᠢᠵᠢᠭᠤᠯᠬᠤ᠂ ᠬᠥᠭᠵᠢᠯᠲᠡ ᠶᠢ ᠠᠬᠢᠭᠤᠯᠬᠤ ᠨᠢᠬᠡᠳᠤᠬᠡᠷ ᠲᠤᠯᠭᠠᠭᠤᠷᠢᠯᠠᠯ ᠪᠤᠯᠭᠠᠬᠤ ᠶᠢ ᠪᠠᠷᠢᠮᠳᠠᠯᠠᠵᠥ᠂ ᠡᠮᠬᠢ ᠵᠢᠷᠤᠮ ᠲᠠᠢ ᠠᠬᠢᠭᠤᠯᠵᠥ᠂ ᠢᠯᠡᠳᠳᠡ ᠦᠷ᠎ᠡ ᠪᠦᠳᠦᠮᠵᠢ ᠤᠯᠪᠠ᠃ 6 ᠰᠠᠷ᠎ᠠ ᠶᠢᠨ ᠰᠡᠬᠦᠯᠴᠢ ᠪᠣᠯᠲᠠᠯ᠎ᠠ᠂ ᠪᠦᠬᠦ ᠵᠢᠯ ᠤᠨ ᠬᠡᠷᠡᠭᠵᠢᠬᠦᠯᠬᠦ ᠪᠠᠷ ᠲᠦᠯᠥᠪᠯᠡᠭᠰᠡᠡ 5000 ᠲᠦᠮᠡᠨ ᠲᠦᠬᠦᠷᠢᠭ ᠠᠴᠠ ᠲᠡᠭᠡᠭᠰᠢᠬᠢ 280 ᠵᠠᠰᠠᠭ ᠤᠨ ᠤᠷᠳᠤᠨ ᠤ ᠪᠡᠯᠡ ᠣᠷᠣᠭᠤᠯᠤᠯᠲᠠ ᠶᠢᠨ ᠲᠦᠷᠦᠯ ᠵᠦᠢᠯ᠂ ᠳ᠋ᠦᠩᠰᠢᠭᠤᠷ ᠲᠦᠬᠦᠷᠢᠭ ᠠᠴᠠ ᠲᠡᠭᠡᠭᠰᠢᠬᠢ ᠠᠵᠥ ᠠᠬᠤᠶᠢᠯᠠᠯ ᠤᠨ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ 215 ᠨᠢ ᠨᠢᠬᠡᠨᠳᠡ ᠠᠵᠢᠯ ᠢᠶᠠᠨ ᠡᠬᠢᠯᠡᠬᠦᠯᠥᠨ ᠠᠵᠢᠯ ᠢᠶᠠᠨ ᠰᠡᠷᠬᠦᠬᠡᠵᠥ᠂ ᠠᠵᠢᠯ ᠢᠶᠠᠨ ᠡᠬᠢᠯᠡᠬᠦᠯᠵᠥ ᠠᠵᠢᠯ ᠢᠶᠠᠨ ᠰᠡᠷᠬᠦᠬᠡᠭᠰᠡᠡ ᠨᠣᠷᠮ᠎ᠠ 76.8% ᠳᠤ ᠬᠦᠷᠴᠦ᠂ ᠡᠮᠦᠨ᠎ᠡ ᠬᠤᠶᠠᠷ ᠰᠠᠷ᠎ᠠ ᠶᠢᠨ ᠬᠢ ᠲᠠᠢ ᠬᠠᠷᠢᠴᠠᠭᠤᠯᠪᠠᠯ᠂ 35 ᠲᠦᠷᠦᠯ ᠵᠦᠢᠯ ᠨᠡᠮᠡᠭᠳᠡᠵᠥ᠂ ᠠᠵᠢᠯ ᠢᠶᠠᠨ ᠡᠬᠢᠯᠡᠬᠦᠯᠵᠥ ᠠᠵᠢᠯ ᠢᠶᠠᠨ ᠰᠡᠷᠬᠦᠬᠡᠭᠰᠡᠡ ᠨᠣᠷᠮ᠎ᠠ ᠵᠠᠭᠤᠨ ᠤ ᠬᠠᠷᠢᠴᠠᠯ ᠢᠶᠠᠷ 12.5ᠬᠤᠪᠢ ᠲᠡᠭᠡᠭᠰᠢᠯᠡᠭᠰᠡᠡ ᠪᠠᠶᠢᠨ᠎ᠠ᠃      ᠤᠳᠤᠬᠠᠨ ᠳᠤ᠂ ᠲᠦᠷᠦᠯ ᠵᠦᠢᠯ ᠤᠨ ᠪᠦᠳᠦᠬᠡᠨ ᠪᠠᠶᠢᠭᠤᠯᠤᠯᠳᠠ ᠬᠠᠮᠤᠭ ᠤᠨ ᠵᠠᠩᠭᠢᠯᠠᠭ᠎ᠠ ᠶᠢᠨ ᠬᠤᠭᠤᠴᠠᠭᠠᠨ ᠳᠠᠭᠠᠨ ᠤᠷᠤᠬᠰᠠᠨ ᠪᠠᠶᠢᠨ᠎ᠠ᠃ ᠶᠡᠭᠡ ᠬᠤᠷᠡᠯ ᠠᠴᠠ ᠡᠯ᠎ᠡ ᠭᠠᠵᠠᠷ ᠤᠷᠤᠨ ᠡᠯ᠎ᠡ ᠰᠠᠯᠠᠭ᠎ᠠ ᠮᠥᠴᠢᠷ ᠤᠨ ᠬᠢᠨ ᠢ ᠲᠥᠷᠥᠯ ᠵᠦᠢᠯ ᠤᠨ ᠪᠦᠳᠦᠬᠡᠨ ᠪᠠᠶᠢᠭᠤᠯᠤᠯᠳᠠ ᠪᠠᠷ ᠭᠤᠤᠯ ᠪᠤᠯᠭᠠᠬᠤ ᠶᠢ ᠪᠠᠷᠢᠮᠳᠠᠯᠠᠵᠥ᠂ ᠠᠷᠭ᠎ᠠ ᠪᠦᠬᠦᠨ ᠢ ᠰᠦᠪᠡᠭᠴᠢᠯᠡᠵᠥ ᠪᠠᠶᠢᠭᠠᠳ ᠠᠵᠢᠯ ᠢᠶᠠᠨ ᠠᠬᠢᠭᠤᠯᠵᠥ᠂ ᠠᠵᠢᠯ ᠤᠨ ᠬᠤᠭᠤᠴᠠᠭ᠎ᠠ ᠶᠢ ᠤᠷᠤᠭᠰᠢᠯᠠᠭᠤᠯᠬᠤ ᠬᠡᠷᠡᠭᠳᠡᠢ᠂ ᠬᠡᠷᠡᠭᠵᠢᠬᠦᠯᠬᠦ ᠪᠠᠷ ᠲᠦᠯᠥᠪᠯᠡᠭᠰᠡᠡ ᠲᠦᠷᠦᠯ ᠵᠦᠢᠯ ᠢ ᠪᠤᠯ ᠠᠵᠢᠯ ᠤᠨ ᠬᠤᠭᠤᠴᠠᠭ᠎ᠠ ᠶᠢ ᠲᠤᠩᠭᠤᠷᠠᠭᠤᠯᠤᠨ ᠵᠢᠭᠰᠠᠭᠠᠵᠥ᠂ ᠵᠢᠷᠤᠭ ᠡᠯᠬᠦᠨ ᠠᠵᠢᠯᠯᠠᠵᠥ᠂ ᠲᠤᠰᠬᠠᠢ ᠬᠥᠮᠥᠨ ᠢᠶᠠᠷ ᠰᠠᠬᠢᠭᠤᠯᠵᠥ᠂ ᠲᠤᠰᠬᠠᠢ ᠡᠬᠡᠯᠵᠢ ᠪᠠᠷ ᠠᠬᠢᠭᠤᠯᠵᠥ᠂ ᠴᠠᠭ ᠢ ᠵᠠᠪᠳᠤᠨ ᠠᠵᠢᠯᠯᠠᠵᠥ᠂ ᠪᠤᠳᠠᠳᠠᠢ ᠨᠠᠶᠢᠳᠠᠪᠤᠷᠢᠵᠢᠭᠤᠯᠬᠤ ᠶᠢ ᠪᠠᠳᠤᠯᠠᠵᠥ᠂ ᠠᠵᠢᠯ ᠢᠶᠠᠨ ᠡᠬᠢᠯᠡᠬᠦᠯᠬᠦ ᠶᠢ ᠪᠠᠳᠤᠯᠠᠵᠥ᠂ ᠪᠡᠯᠡ ᠣᠷᠣᠭᠤᠯᠤᠯᠲᠠ ᠶᠢ ᠪᠠᠳᠤᠯᠠᠵᠥ᠂ ᠠᠰᠢᠬᠯᠠᠯᠳᠠ ᠳᠤ ᠤᠷᠤᠭᠤᠯᠬᠤ ᠶᠢ ᠪᠠᠳᠤᠯᠠᠬᠤ ᠬᠡᠷᠡᠭᠳᠡᠢ᠃ ᠬᠠᠮᠢᠶ᠎ᠠ ᠪᠦᠬᠦᠢ ᠰᠠᠯᠠᠭ᠎ᠠ ᠮᠥᠴᠢᠷ ᠤᠨ  ᠬᠢᠨ ᠲᠦᠷᠦᠯ ᠵᠦᠢᠯ ᠤᠨ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠰᠠᠶᠢᠳᠤᠷ ᠬᠢᠵᠥ᠂ ᠲᠦᠷᠦᠯ ᠵᠦᠢᠯ ᠤᠨ ᠭᠠᠷᠳᠠᠮ ᠢ ︽ᠬᠦᠢᠴᠡᠳᠬᠡᠬᠦ ᠵᠤᠬᠢᠰᠳᠠᠢ ᠶᠢ ᠨᠢ ᠲᠦᠷᠬᠡᠨ ᠬᠦᠢᠴᠡᠳᠬᠡᠵᠥ︾᠂ ᠭᠤᠤᠯ ᠡᠯᠧᠮᠧᠨ᠋ᠲ ᠤᠨ ᠪᠠᠲᠤᠯᠠᠭ᠎ᠠ ᠶᠢ ︽ᠪᠠᠳᠤᠯᠠᠬᠤ ᠵᠤᠬᠢᠰᠳᠠᠢ ᠶᠢ ᠨᠢ ᠬᠦᠢᠴᠡᠳ ᠪᠠᠳᠤᠯᠠᠵᠥ︾᠂ ᠴᠢᠬᠤᠯᠠ ᠶᠡᠭᠡ ᠲᠦᠷᠦᠯ ᠵᠦᠢᠯ ᠢ ᠲᠦᠷᠬᠡᠨ ᠪᠦᠳᠦᠬᠡᠨ ᠪᠠᠶᠢᠭᠤᠯᠵᠥ᠂ ᠡᠷᠲᠡᠬᠡᠨ ᠪᠠᠷᠢᠯᠭ᠎ᠠ ᠲᠠᠭᠤᠰᠬᠠᠬᠤ ᠳᠤ ᠲᠤᠰᠠᠯᠠᠬᠤ ᠬᠡᠷᠡᠭᠲᠡᠢ ᠭᠡᠵᠦ ᠱᠠᠭᠠᠷᠳᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号