ᠬᠥᠬᠡᠬᠤᠲᠠ ᠠᠴᠠ ᠲᠠᠶᠢᠶᠦᠸᠠᠨ ᠬᠦᠷᠬᠦ ᠬᠤᠷᠳᠤᠨ ᠤ ᠭᠠᠯᠲᠤ ᠲᠡᠷᠭᠡ ᠥᠴᠥᠭᠡᠳᠦᠷ ᠠᠴᠠ ᠡᠬᠢᠯᠡᠵᠦ ᠠᠶᠠᠯᠠᠪᠠ
ᠨᠡᠶᠢᠲᠡᠯᠡᠭᠰᠡᠨ ᠴᠠᠭ᠄
2020-07-02
      ᠳᠤᠮᠳᠠᠳᠤ ᠤᠯᠤᠰ ᠤᠨ ᠲᠡᠮᠦᠷ ᠵᠠᠮ ᠤᠨ ᠬᠥᠬᠡᠬᠤᠲᠠ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ 7 ᠳ᠋ᠤᠭᠠᠷ ᠰᠠᠷ᠎ᠠ ᠶᠢᠨ 1 ᠤ ᠡᠳᠦᠷ ᠤᠨ 0 ᠴᠠᠭ ᠠᠴᠠ᠂ ᠪᠦᠬᠦ ᠤᠯᠤᠰ ᠤᠨ ᠲᠡᠮᠦᠷ ᠵᠠᠮ ᠭᠠᠯᠲᠤ ᠲᠡᠷᠭᠡᠨ ᠤ ᠰᠢᠨ᠎ᠡ ᠠᠶᠠᠯᠠᠯ ᠤᠨ ᠵᠢᠷᠤᠭ ᠢ ᠬᠡᠷᠡᠭᠵᠢᠭᠦᠯᠪᠡ᠃ ᠲᠤᠰ ᠡᠳᠦᠷ᠂ ᠬᠥᠬᠡᠬᠤᠲᠠ ᠪᠣᠯᠣᠨ ᠱᠠᠨ ᠰᠢ ᠶᠢᠨ ᠲᠠᠶᠢᠶᠤᠸᠠᠨ ᠤ ᠬᠤᠭᠤᠷᠣᠨᠳᠤ ᠠᠩᠬ᠎ᠠ ᠤᠳᠠᠭ᠎ᠠ ᠬᠤᠷᠳᠤᠨ ᠤ ᠭᠠᠯᠲᠤ ᠲᠡᠷᠭᠡ ᠶᠢ ᠨᠡᠪᠲᠡᠷᠡᠭᠦᠯᠦᠭᠰᠡᠨ ᠪᠥᠭᠡᠳ ᠵᠤᠨ ᠤ ᠬᠤᠭᠤᠴᠠᠭᠠᠨ ᠤ ᠠᠶᠠᠨᠴᠢᠳ ᠤᠨ ᠤᠷᠤᠰᠬᠠᠯ ᠤᠨ ᠣᠨᠴᠠᠯᠢᠭ ᠲᠤ ᠬᠠᠨᠳᠤᠭᠤᠯᠤᠨ᠂ ᠪᠡᠭᠡᠵᠢᠩ ᠳᠤ ᠬᠦᠷᠬᠦ ᠲᠦᠷᠭᠡᠨ ᠤ ᠭᠠᠯᠲᠤ ᠲᠡᠷᠭᠡ ᠪᠠ ᠲᠦᠷ ᠴᠠᠭ ᠤᠨ ᠠᠶᠠᠨᠴᠢᠨ ᠤ ᠴᠤᠪᠤᠭ᠎ᠠ ᠲᠡᠷᠭᠡ ᠶᠢ ᠨᠡᠮᠡᠨ ᠠᠶᠠᠯᠠᠭᠤᠯᠵᠤ᠂ ᠬᠥᠮᠥᠰ ᠤᠨ ᠶᠠᠪᠤᠵᠤ ᠰᠠᠭᠤᠬᠤ ᠱᠠᠭᠠᠷᠳᠠᠯᠭ᠎ᠠ ᠶᠢ ᠬᠠᠩᠭᠠᠪᠠ᠃      ᠡᠨᠡ ᠤᠳᠠᠭ᠎ᠠ ᠠᠶᠠᠯᠠᠯ ᠤᠨ ᠵᠢᠷᠤᠭ ᠲᠤ ᠲᠣᠬᠢᠷᠠᠭᠤᠯᠤᠯᠲᠠ ᠬᠢᠭᠰᠡᠨ ᠤ ᠳᠠᠷᠠᠭ᠎ᠠ᠂ ᠬᠥᠬᠡᠬᠤᠲᠠ ᠪᠣᠯᠣᠨ ᠱᠠᠨ ᠰᠢ ᠶᠢᠨ ᠲᠠᠶᠢᠶᠤᠸᠠᠨ ᠤ ᠬᠤᠭᠤᠷᠣᠨᠳᠤ ᠡᠳᠦᠷ ᠪᠦᠷᠢ ᠰᠢᠨ᠎ᠡ ᠪᠠᠷ 4 ᠤᠳᠠᠭ᠎ᠠ ᠶᠢᠨ ᠬᠤᠷᠳᠤᠨ ᠤ ᠭᠠᠯᠲᠤ ᠲᠡᠷᠭᠡ ᠠᠶᠠᠯᠠᠭᠤᠯᠵᠤ᠂ ᠬᠤᠶᠠᠷ ᠭᠠᠵᠠᠷ ᠤᠨ ᠬᠤᠭᠤᠷᠣᠨᠳᠤᠬᠢ ᠠᠶᠠᠯᠠᠯ ᠤᠨ ᠴᠠᠭ 9 ᠴᠠᠭ ᠢᠯᠡᠭᠦᠦ ᠪᠠᠶᠢᠭᠰᠠᠨ ᠢ 4.5 ᠴᠠᠭ ᠪᠣᠯᠭᠠᠨ ᠪᠤᠭᠤᠨᠢᠰᠬᠠᠪᠠ᠃ ᠬᠥᠬᠡᠬᠤᠲᠠ ᠪᠣᠯᠣᠨ ᠱᠠᠨ ᠰᠢ ᠶᠢᠨ ᠲᠠᠶᠢᠶᠤᠸᠠᠨ ᠤ  ᠬᠤᠭᠤᠷᠤᠨᠳᠤᠬᠢ ᠬᠤᠷᠳᠤᠨ ᠤ ᠭᠠᠯᠲᠤ ᠲᠡᠷᠭᠡ ᠡᠬᠢᠯᠡᠵᠦ ᠠᠶᠠᠯᠠᠭᠰᠠᠨ ᠤ ᠳᠠᠷᠠᠭ᠎ᠠ᠂ ᠬᠥᠬᠡᠬᠤᠲᠠ᠂ ᠤᠯᠠᠭᠠᠨᠴᠠᠪ᠂ ᠳ᠋ᠠᠲ᠋ᠦ᠋ᠩ᠂  ᠰᠢᠨᠵᠸᠦ ᠪᠣᠯᠣᠨ ᠲᠠᠶᠢᠶᠤᠸᠠᠨ ᠵᠡᠷᠭᠡ ᠬᠤᠲᠠ ᠶᠢ ᠬᠤᠯᠪᠣᠵᠤ᠂ ᠵᠠᠮ ᠳᠠᠭᠠᠤ ᠶᠢᠨ ᠠᠷᠠᠳ ᠥᠪᠥᠷ ᠮᠣᠩᠭᠤᠯ ᠤᠨ ᠲᠠᠯ᠎ᠠ ᠨᠤᠲᠤᠭ᠂ ᠶᠦᠨᠭᠠᠩ ᠤᠨ ᠴᠢᠯᠠᠭᠤᠨ ᠠᠭᠤᠢ ᠪᠠ ᠲᠠᠶᠢᠶᠤᠸᠠᠨ ᠤ ᠵᠢᠨᠼᠢ ᠵᠡᠷᠭᠡ ᠭᠠᠵᠠᠷ ᠤᠨ ᠰᠢᠯᠢᠳᠡᠭ ᠵᠢᠭᠤᠯᠴᠢᠯᠠᠯ ᠤᠨ ᠡᠬᠢ ᠪᠠᠶᠠᠯᠢᠭ ᠤᠳ ᠢᠶᠠᠷ ᠬᠦᠷᠬᠦ ᠳᠤ ᠡᠳᠦᠷ ᠲᠡᠭᠡᠨ ᠤᠴᠢᠭᠠᠳ ᠪᠣᠴᠠᠵᠤ ᠪᠤᠯᠤᠨ᠎ᠠ᠂  ᠡᠨᠡ ᠨᠢ ᠮᠣᠩᠭᠤᠯ ᠬᠢᠲᠠᠳ ᠦᠨᠳᠦᠰᠦᠲᠡᠨ ᠤ ᠰᠣᠯᠢᠯᠴᠠᠭ᠎ᠠ ᠶᠢ ᠴᠢᠩᠭᠠᠳᠬᠠᠨ᠂ ᠬᠤᠶᠠᠷ ᠭᠠᠵᠠᠷ ᠤᠨ ᠠᠵᠤ ᠠᠬᠤᠢ ᠰᠣᠶᠣᠯ ᠤᠨ ᠠᠭᠤᠰᠤᠯᠴᠠᠨ ᠬᠥᠭᠵᠢᠬᠦ ᠵᠡᠷᠭᠡ ᠲᠠᠯ᠎ᠠ ᠳᠤ ᠴᠢᠬᠤᠯᠠ ᠦᠢᠯᠡᠳᠦᠯ ᠦᠵᠡᠭᠦᠯᠬᠦ ᠪᠣᠯᠣᠨ᠎ᠠ᠃      ᠬᠤᠵᠢᠮ᠂ ᠲᠡᠮᠦᠷ ᠵᠠᠮ ᠤᠨ ᠰᠠᠯᠠᠭ᠎ᠠ ᠮᠥᠴᠢᠷ ᠪᠠᠰᠠ ᠠᠶᠠᠨᠴᠢᠳ ᠤᠨ ᠤᠷᠤᠰᠬᠠᠯ ᠤᠨ ᠪᠠᠶᠢᠳᠠᠯ ᠢ ᠦᠨᠳᠦᠰᠦᠯᠡᠨ᠂ ᠴᠤᠪᠤᠭ᠎ᠠ ᠲᠡᠷᠭᠡᠨ ᠤ ᠠᠶᠠᠯᠠᠯ ᠳᠤ ᠬᠥᠳᠡᠯᠦᠩᠭᠦᠢ ᠲᠣᠬᠢᠷᠠᠭᠤᠯᠤᠯᠲᠠ ᠬᠢᠵᠦ᠂ ᠠᠶᠠᠨᠴᠢᠳ 12306 ᠲᠡᠮᠦᠷ ᠵᠠᠮ ᠤᠨ ᠠᠶᠠᠨᠴᠢᠳ ᠤᠨ ᠦᠢᠯᠡᠴᠢᠯᠡᠭᠡᠨ ᠤ ᠲᠠᠪᠴᠠᠩ ᠪᠠ ᠭᠠᠯᠲᠤ ᠲᠡᠷᠭᠡᠨ ᠥᠷᠲᠡᠭᠡ ᠶᠢᠨ ᠨᠡᠪᠲᠡᠷᠡᠭᠦᠯᠭᠡ ᠵᠠᠷᠯᠠᠯ ᠵᠡᠷᠭᠡ ᠪᠠᠷ ᠳᠠᠮᠵᠢᠨ᠂ ᠴᠤᠪᠤᠭ᠎ᠠ ᠲᠡᠷᠭᠡᠨ ᠤ ᠮᠡᠳᠡᠭᠡ ᠵᠠᠩᠭᠢ ᠶᠢ ᠴᠠᠭ ᠲᠤᠬᠠᠢ ᠳᠤᠨᠢ ᠣᠶᠢᠯᠠᠭᠠᠵᠤ ᠪᠣᠯᠣᠨ᠎ᠠ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号