ᠬᠥᠬᠡᠬᠤᠲᠠ ᠥᠨᠳᠥᠷ ᠳᠤᠮᠳᠠᠳᠤ ᠳᠤ ᠳᠠᠪᠰᠢᠬᠤ ᠰᠢᠯᠭᠠᠯᠲᠠ ᠶᠢᠨ ᠰᠤᠷᠲᠠᠯ ᠰᠠᠬᠢᠯᠭ᠎ᠠ ᠶᠢ ᠪᠥᠬᠦ ᠶᠠᠪᠤᠴᠠ ᠳᠤ ᠬᠢᠨᠠᠯᠲᠠ ᠲᠠᠯᠪᠢᠨ᠎ᠠ
ᠨᠡᠶᠢᠲᠡᠯᠡᠭᠰᠡᠨ ᠴᠠᠭ᠄
2020-07-02
      ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠨᠠᠪᠴᠢ︶ ᠲᠦᠷᠦᠭᠦᠬᠡᠨ᠂ ᠰᠤᠷᠪᠤᠯᠵᠢᠯᠠᠭᠴᠢ ᠬᠥᠬᠡᠬᠤᠲᠠ ᠶᠢᠨ ᠰᠤᠷᠤᠭᠴᠢᠡᠯᠰᠡᠬᠦ ᠰᠢᠯᠭᠠᠯᠲᠠ ᠶᠢᠨ ᠠᠵᠢᠯ ᠢ ᠠᠬᠢᠭᠤᠯᠬᠤ ᠬᠤᠷᠠᠯ ᠠᠴᠠ ᠣᠶᠢᠯᠠᠭᠠᠭᠰᠠᠨ ᠢᠶᠠᠷ᠂ ᠡᠨᠡ ᠵᠢᠯ ᠤᠨ ᠥᠨᠳᠥᠷ ᠳᠤᠮᠳᠠᠳᠤ ᠳᠤ ᠰᠤᠷᠤᠭᠴᠢ ᠡᠯᠰᠡᠬᠦ ᠰᠢᠯᠭᠠᠯᠲᠠ ᠶᠢᠨ ᠠᠵᠢᠯ ᠳᠤ ᠴᠢᠭᠯᠡᠭᠦᠯᠦᠨ᠂ ᠲᠣᠰ ᠬᠤᠲᠠ ᠥᠨᠳᠥᠷ ᠳᠤᠮᠳᠠᠳᠤ ᠳᠤ ᠰᠣᠷᠣᠭᠴᠢ ᠡᠯᠰᠡᠬᠦ ᠰᠢᠯᠭᠠᠯᠲᠠ ᠶᠢᠨ ᠰᠤᠷᠲᠠᠯ ᠰᠠᠬᠢᠯᠭ᠎ᠠ ᠪᠠᠲᠤ ᠶᠢ ᠴᠢᠩᠳᠠᠯᠠᠬᠤ ᠲᠤᠬᠠᠶ ᠲᠣᠳᠣᠷᠬᠠᠶ ᠱᠠᠭᠠᠷᠳᠠᠯᠭ᠎ᠠ ᠳᠤᠷᠠᠳᠪᠠ᠃      ᠬᠦᠬᠡᠬᠤᠳᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠠᠵᠢᠯᠲᠠᠨ ᠤ ᠲᠠᠨᠢᠯᠴᠠᠭᠤᠯᠤᠭᠰᠠᠨ ᠢᠶᠠᠷ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠠᠴᠠ ᠡᠯ᠎ᠡ ᠭᠠᠵᠠᠷ᠂ ᠡᠯ᠎ᠡ ᠰᠤᠷᠭᠠᠭᠤᠯᠢ ᠶᠢᠨ ᠦᠨᠳᠦᠷ ᠳᠤᠮᠳᠠᠳᠤ ᠳᠤ ᠳᠠᠪᠰᠢᠬᠤ ᠰᠢᠯᠭᠠᠯᠲᠠ ᠶᠢᠨ ᠠᠵᠢᠯ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠭᠤᠤᠯ ᠴᠣᠭᠴᠠ ᠶᠢᠨ ᠬᠠᠷᠢᠭᠤᠴᠠᠯᠭ᠎ᠠ ᠶᠢ ᠱᠠᠲᠤ ᠱᠠᠲᠤ ᠪᠠᠷ ᠨᠠᠶᠢᠳᠠᠪᠤᠷᠢᠵᠢᠭᠤᠯᠵᠤ᠂ ᠭᠤᠤᠯ ᠬᠠᠷᠢᠭᠤᠴᠠᠯᠭᠠᠲᠠᠨ ᠨᠢᠭᠡᠳᠦᠭᠡᠷ ᠹᠷᠣᠨᠲ ᠲᠤ ᠭᠦᠨᠵᠡᠭᠡᠶᠢᠷᠡᠨ ᠵᠢᠯᠣᠭᠤᠳᠴᠤ᠂ ᠦᠪᠡᠷ ᠲᠡᠭᠡᠨ ᠵᠤᠬᠢᠴᠠᠭᠤᠯᠤᠨ ᠱᠠᠯᠠᠪᠳᠠᠭᠤᠯᠤᠨ ᠪᠠᠶᠢᠴᠠᠭᠠᠵᠤ᠂ ᠲᠤᠰ ᠭᠠᠵᠠᠷ ᠤᠨ ᠨᠠᠮ ᠤᠨ ᠬᠤᠷᠢᠶ᠎ᠠ ᠵᠠᠰᠠᠭ ᠤᠨ ᠣᠷᠳᠣᠨ ᠳᠤ ᠬᠠᠷᠢᠭᠤ ᠮᠡᠳᠡᠬᠦᠯᠵᠦ᠂ ᠪᠠᠰᠠ ᠴᠠᠭ ᠲᠤᠬᠠᠶ ᠳᠤᠨᠢ ᠬᠤᠲᠠ ᠶᠢᠨ ᠰᠤᠷᠭᠠᠨ ᠬᠥᠮᠥᠵᠢᠯ ᠤᠨ ᠲᠣᠪᠴᠢᠶ᠎ᠠ ᠳᠤ ᠬᠠᠷᠢᠭᠤ ᠮᠡᠳᠡᠭᠦᠯᠬᠦ ᠬᠡᠷᠡᠭᠲᠡᠶ᠃ ᠡᠯ᠎ᠡ ᠬᠤᠰᠢᠭᠤ ᠰᠢᠶᠠᠨ ᠲᠣᠭᠤᠷᠢᠭ᠂ ᠡᠯ᠎ᠡ ᠰᠤᠷᠭᠠᠭᠤᠯᠢ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠭᠦᠢᠴᠡᠳᠬᠡᠬᠦ ᠤᠬᠠᠮᠰᠠᠷ ᠢᠶᠠᠨ ᠴᠢᠩᠭᠠᠳᠬᠠᠬᠤ ᠶᠢᠨ ᠬᠠᠮᠲᠤ᠂ ᠥᠨᠳᠥᠷ ᠳᠤᠮᠳᠠᠳᠤ ᠳᠤ ᠳᠠᠪᠰᠢᠬᠤ ᠰᠢᠯᠭᠠᠯᠲᠠ ᠳᠤ ᠣᠷᠣᠯᠴᠠᠬᠤ ᠪᠠᠭᠰᠢ᠂ ᠠᠵᠢᠯᠲᠠᠳ ᠲᠤ ᠱᠠᠲᠤ ᠱᠠᠲᠤ ᠪᠠᠷ ᠪᠣᠳᠠᠲᠠᠶᠢᠵᠢᠭᠤᠯᠵᠤ᠂ ᠰᠢᠯᠭᠠᠯᠲᠠ ᠠᠴᠠ ᠡᠮᠦᠨ᠎ᠡ᠂ ᠪᠤᠢ ᠪᠦᠬᠦᠢ ᠬᠥᠮᠦᠰ ᠲᠤ ᠰᠢᠯᠭᠠᠯᠲᠠ ᠶᠢᠨ ᠰᠠᠬᠢᠯᠭ᠎ᠠ ᠪᠠᠲᠤ ᠪᠠ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠬᠦᠷᠳᠡᠬᠡᠵᠦ᠂ ᠬᠠᠷᠢᠭᠤᠴᠠᠯᠭ᠎ᠠ ᠶᠢᠨ ᠪᠢᠴᠢᠭ ᠲᠣᠭᠲᠠᠵᠤ᠂ ᠠᠵᠢᠯᠲᠠᠨ ᠪᠣᠯᠤᠨ ᠰᠢᠯᠭᠠᠯᠲᠠ ᠬᠢᠨᠠᠭᠴᠢ ᠪᠠᠭᠰᠢ ᠨᠠᠷ ᠤᠨ ᠲᠤᠰᠢᠶᠠᠯ ᠬᠠᠷᠢᠭᠤᠴᠠᠯᠭ᠎ᠠ ᠪᠠᠨ ᠴᠢᠩᠭ᠎ᠠ ᠰᠠᠬᠢᠬᠤ ᠶᠢ ᠱᠠᠯᠠᠪᠳᠠᠭᠤᠯᠵᠤ᠂ ᠰᠢᠯᠭᠠᠯᠲᠠ ᠶᠢᠨ ᠶᠠᠪᠤᠳᠠᠯ ᠤᠨ ᠵᠢᠷᠤᠮᠵᠢᠯ ᠢ ᠴᠢᠩᠭ᠎ᠠ ᠬᠡᠷᠡᠭᠵᠢᠭᠦᠯᠵᠦ᠂ ᠬᠤᠪᠢ ᠲᠣᠭᠲᠠᠭᠠᠬᠤ ᠪᠠᠷᠢᠮᠵᠢᠶ᠎ᠠ ᠶᠢ ᠨᠢᠭᠡᠳᠬᠡᠵᠦ᠂ ᠰᠢᠯᠭᠠᠯᠲᠠ ᠶᠢᠨ ᠡᠷᠬᠡ ᠲᠡᠭᠰᠢ ᠲᠥᠪ ᠭᠤᠤᠯᠴᠢ ᠪᠠᠶᠢᠬᠤ ᠶᠢ ᠦᠨᠡᠨ ᠬᠦ ᠪᠠᠲᠤᠯᠠᠬᠤ ᠪᠣᠯᠣᠨ᠎ᠠ᠃      ᠬᠤᠲᠠ ᠶᠢᠨ ᠰᠤᠷᠭᠠᠨ ᠬᠥᠮᠥᠵᠢᠯ ᠤᠨ ᠲᠣᠪᠴᠢᠶ᠎ᠠ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠬᠠᠷᠢᠭᠤᠴᠠᠯᠭᠠᠲᠠᠨ ᠠᠴᠠ᠄ ︽ᠥᠨᠳᠥᠷ ᠳᠤᠮᠳᠠᠳᠤ ᠳᠤ ᠳᠠᠪᠰᠢᠬᠤ ᠰᠢᠯᠭᠠᠯᠲᠠ ᠶᠢᠨ ᠬᠤᠭᠤᠴᠠᠭᠠᠨ ᠳᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠠᠴᠠ ᠡᠯ᠎ᠡ ᠬᠤᠰᠢᠭᠤ ᠰᠢᠶᠠᠨ ᠲᠣᠭᠤᠷᠢᠭ᠂ ᠡᠯ᠎ᠡ ᠰᠤᠷᠭᠠᠭᠤᠯᠢ ᠶᠢᠨ ᠥᠨᠳᠥᠷ ᠳᠤᠮᠳᠠᠳᠤ ᠳᠤ ᠳᠠᠪᠰᠢᠬᠤ ᠰᠢᠯᠭᠠᠯᠲᠠ ᠶᠢᠨ ᠠᠵᠢᠯ ᠳᠤ ᠬᠢᠨᠠᠯᠲᠠ ᠲᠠᠯᠪᠢᠵᠤ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠰᠢᠯᠭᠠᠯᠲᠠ ᠶᠢᠨ ᠰᠤᠷᠲᠠᠯ ᠰᠠᠬᠢᠯᠭ᠎ᠠ ᠪᠠᠲᠤ ᠶᠢᠨ ᠠᠵᠢᠯ ᠤᠨ ᠪᠦᠬᠦ ᠶᠠᠪᠤᠴᠠ ᠳᠤ ᠬᠢᠨᠠᠯᠲᠠ ᠳᠠᠯᠪᠢᠵᠤ᠂ ᠰᠠᠬᠢᠯᠭ᠎ᠠ ᠪᠠᠲᠤ ᠶᠢ ᠵᠥᠷᠢᠴᠡᠵᠦ ᠬᠡᠮ ᠬᠢᠬᠦ ᠶᠢ ᠡᠷᠡᠰ ᠬᠤᠷᠢᠭᠯᠠᠨ᠎ᠠ︾ ᠭᠡᠪᠡ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号