ᠤᠯᠠᠮᠵᠢᠯᠠᠯᠳᠤ ᠴᠠᠭᠠᠨ ᠢᠳᠡᠭᠡ ᠶᠢ ᠬᠦᠭᠵᠢᠭᠦᠯᠭᠦ ᠳᠤ ︽ᠭᠤᠷᠪᠠᠨ ᠳᠠᠪᠠᠭ᠎ᠠ︾  ᠶᠢ ᠲᠠᠪᠠᠭ᠋ᠤ ᠬᠡᠷᠡᠭᠳᠡᠢ
ᠨᠡᠶᠢᠲᠡᠯᠡᠭᠰᠡᠨ ᠴᠠᠭ᠄
2020-07-02
      ᠦᠨᠢ ᠤᠳᠠᠭᠠᠨ ᠲᠡᠦᠬᠡ ᠲᠠᠢ᠂ ᠦᠪᠡᠷᠮᠢᠴᠡ ᠤᠨᠴᠠᠯᠢᠭ ᠲᠠᠢ ᠦᠨᠳᠦᠰᠦᠳᠡᠨ ᠤ ᠤᠯᠠᠮᠵᠢᠯᠠᠯᠳᠤ ᠴᠠᠭᠠᠨ ᠢᠳᠡᠭᠡ ᠨᠢ ᠰᠦ ᠶᠢᠨ ᠦᠢᠯᠡᠰ ᠤᠨ ᠬᠦᠭᠵᠢᠯᠳᠡ ᠶᠢᠨ ᠴᠢᠬᠤᠯᠠ ᠪᠦᠷᠢᠯᠳᠦᠬᠦᠨ ᠭᠡᠰᠡᠭ ᠪᠤᠯᠤᠭᠰᠠᠭᠠᠷ ᠢᠷᠡᠭᠰᠡᠨ ᠶᠤᠮ᠃ ᠤᠶᠢᠷ᠎ᠠ ᠶᠢᠨ ᠬᠤᠶᠠᠷ ᠵᠢᠯ ᠳᠤ᠂ ᠦᠪᠦᠷ ᠮᠤᠩᠭᠤᠯ ᠡᠨᠡᠬᠦ ᠲᠠᠪᠠᠭᠤᠯᠢᠭ ᠢᠶᠠᠨ ᠠᠰᠢᠭᠯᠠᠨ ᠤᠯᠠᠮᠵᠢᠯᠠᠯᠳᠤ ᠴᠠᠭᠠᠨ ᠢᠳᠡᠭᠡᠨ ᠤ ᠦᠢᠯᠡᠰ ᠢ ᠬᠦᠭᠵᠢᠭᠦᠯᠵᠤ ᠪᠠᠶᠢᠭ᠎ᠠ ᠪᠤᠯᠪᠠᠴᠤ ᠰᠦ ᠶᠢᠨ ᠢᠷᠡᠯᠳᠡ ᠲᠤᠭᠳᠠᠭᠤᠨ ᠪᠤᠰᠤ᠂ ᠪᠡᠯᠡ ᠮᠥᠩᠭᠦᠨ ᠤ ᠳᠡᠮᠵᠢᠯᠭᠡ ᠶᠢᠨ ᠲᠠᠯ᠎ᠠ ᠪᠠᠷ ᠬᠦᠷᠦᠯᠴᠡᠬᠦ ᠦᠭᠡᠢ ᠵᠡᠷᠭᠡ ᠠᠰᠠᠭᠤᠳᠠᠯ ᠤᠳ ᠠᠴᠠ ᠪᠤᠯᠵᠤ ᠭᠦᠭᠵᠢᠯᠳᠡ  ᠶᠢᠨ ᠠᠬᠢᠴᠠ ᠶᠢ ᠵᠣᠬᠢᠬᠤ ᠬᠡᠮᠵᠢᠶ᠎ᠡ ᠪᠠᠷ ᠬᠠᠷᠰᠢᠯᠠᠵᠤ ᠪᠠᠶᠢᠭ᠎ᠠ ᠶᠤᠮ᠃      2019 ᠣᠨ ᠤ ᠰᠡᠭᠦᠯᠴᠢ ᠪᠤᠯᠳᠠᠯ᠎ᠠ᠂ ᠪᠦᠬᠦ ᠤᠷᠤᠨ ᠤ ᠵᠠᠬ᠎ᠠ ᠲᠡᠯᠭᠡᠭᠦᠷ ᠤᠨ ᠬᠢᠨᠠᠯᠳᠠ ᠬᠠᠮᠢᠶᠠᠷᠤᠯᠳᠠ ᠶᠢᠨ ᠰᠠᠯᠠᠭ᠎ᠠ ᠮᠦᠴᠢᠷ ᠲᠤ ᠲᠠᠩᠰᠠᠯᠠᠭᠤᠯᠤᠭᠰᠠᠨ ᠦᠨᠳᠦᠰᠦᠳᠡᠨ ᠤ ᠴᠠᠭᠠᠨ ᠢᠳᠡᠭᠡᠨ ᠦᠢᠯᠡᠳᠪᠤᠷᠢᠯᠡᠬᠦ ᠴᠡᠭ ᠨᠡᠶᠢᠳᠡ 1546 ᠪᠠᠶᠢᠵᠤ᠂ ᠪᠦᠬᠦ ᠤᠷᠤᠨ ᠤ  ᠡᠯ᠎ᠡ ᠠᠶᠢᠮᠠᠭ ᠬᠤᠳᠠ ᠶᠢᠨ 58 ᠬᠤᠰᠢᠭᠤ ᠰᠢᠶᠠᠨ ᠲᠤᠭᠤᠷᠢᠭ ᠲᠤ ᠲᠠᠷᠬᠠᠵᠤ ᠪᠠᠶᠢᠨ᠎ᠠ᠃ ᠵᠢᠯ ᠤᠨ ᠪᠤᠯᠪᠠᠰᠤᠷᠠᠭᠤᠯᠬᠤ ᠦᠢᠯᠡᠳᠬᠦᠨ ᠤ ᠦᠷᠳᠡᠭ ᠨᠢ 10 ᠳ᠋ᠦᠩᠰᠢᠭᠤᠷ ᠲᠦᠭᠦᠷᠢᠭ ᠢ ᠲᠠᠪᠠᠵᠠᠢ᠃      ᠦᠪᠦᠷ ᠮᠤᠩᠭᠤᠯ ᠳᠤ ᠭᠤᠣᠯᠳᠠᠭᠤ ᠭᠡᠷ ᠪᠦᠯᠢ ᠪᠠᠷ ᠨᠢᠭᠡᠴᠢ ᠪᠣᠯᠭᠠᠵᠤ ᠴᠠᠭᠠᠨ ᠢᠳᠡᠭᠡᠨ ᠪᠤᠯᠪᠠᠰᠤᠷᠠᠭᠤᠯᠵᠤ ᠪᠠᠶᠢᠨ᠎ᠠ᠂  ᠤᠳᠤᠬᠠᠨ ᠳᠤ᠂ ᠪᠦᠬᠦ ᠤᠷᠤᠨ ᠤ ᠬᠡᠪᠴᠢᠶᠡᠨ ᠳᠤ᠂ ᠢᠳᠡᠭᠡᠨ ᠤᠮᠳᠠᠭᠠᠨ ᠦᠢᠯᠡᠳᠪᠤᠷᠢᠯᠡᠬᠦ ᠵᠦᠪᠰᠢᠶᠡᠷᠡᠯ ᠤᠨ ᠦᠨᠡᠮᠯᠡᠯ ᠲᠠᠢ ᠦᠢᠯᠡᠳᠪᠤᠷᠢ ᠵᠦᠪᠭᠡᠨ 16 ᠪᠠᠶᠢᠨ᠎ᠠ᠃ ᠦᠨᠳᠦᠰᠦᠳᠡᠨ ᠤ ᠴᠠᠭᠠᠨ ᠢᠳᠡᠭᠡᠨ ᠤ ᠦᠢᠯᠡᠰ ᠤᠨ ᠯᠤᠳᠤ ᠶᠡᠭᠡ ᠢᠷᠡᠭᠡᠳᠦᠢ ᠶᠢ ᠤᠯᠵᠤ ᠦᠵᠡᠭᠰᠡᠨ ᠤ ᠲᠠᠷᠠᠭ᠎ᠠ᠂ ᠵᠠᠰᠠᠭ ᠤᠨ ᠤᠷᠳᠤᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠤᠨ ᠵᠢᠯᠤᠭᠤᠳᠤᠯᠭ᠎ᠠ ᠲᠤᠤᠷ᠎ᠠ᠂ ᠴᠦᠬᠡᠨ ᠪᠤᠰᠤ ᠵᠢᠵᠢᠭ ᠦᠢᠯᠡᠳᠪᠤᠷᠢ ᠡᠵᠡᠩᠨᠡᠯᠲᠡ ᠬᠠᠮᠢᠶᠠᠷᠤᠯᠲᠠ ᠪᠠᠨ ᠰᠠᠶᠢᠵᠢᠷᠠᠭᠤᠯᠵᠤ᠂ ᠬᠡᠪᠴᠢᠶᠡᠵᠢᠭᠰᠡᠨ ᠦᠢᠯᠡᠳᠪᠦᠷᠢᠯᠡᠯ ᠤᠨ ᠵᠡᠮ ᠳᠤ ᠣᠷᠣᠭᠤᠯᠬᠤ ᠶᠢ ᠵᠦᠪᠰᠢᠶᠡᠷᠡᠵᠤ ᠪᠠᠶᠢᠨ᠎ᠠ᠃      ᠴᠠᠬᠠᠷ ᠪᠠᠷᠠᠭᠤᠨ ᠭᠠᠷᠤᠨ ᠬᠤᠶᠢᠳᠤ ᠬᠤᠰᠢᠭᠤᠨ ᠤ ︽ᠮᠦᠩᠭᠦᠨ ᠭᠤᠤᠯ︾ ᠬᠤᠷᠰᠢᠶ᠎ᠠ ᠪᠤᠯ ᠲᠠᠷᠤᠢ ᠲᠤᠬᠠᠢ ᠶᠢᠨ ᠭᠠᠵᠠᠷ ᠠᠴᠠ ᠳᠡᠮᠵᠢᠵᠦ ᠪᠠᠶᠢᠭ᠎ᠠ ᠥᠭᠡᠷᠡᠴᠢᠯᠡᠨ ᠰᠢᠯᠢᠳᠡᠭᠵᠢᠭᠦᠯᠬᠦ ᠲᠤᠷᠰᠢᠯᠳᠠ ᠶᠢᠨ ᠭᠠᠵᠠᠷ ᠪᠤᠯᠬᠤ ᠶᠤᠮ᠃ ᠲᠤᠰ ᠬᠤᠷᠰᠢᠶ᠎ᠠ ᠨᠢᠳᠤᠨᠤᠨ ᠤᠯᠠᠮᠵᠢᠯᠠᠯᠳᠤ ᠴᠠᠭᠠᠨ ᠢᠳᠡᠭᠡ ᠪᠤᠯᠪᠠᠰᠤᠷᠠᠭᠤᠯᠬᠤ ᠦᠢᠯᠡᠳᠪᠤᠷᠢ ᠪᠠᠶᠢᠭᠤᠯᠵᠤ ᠂ ᠠᠰᠢᠭᠯᠠᠯᠳᠠ ᠳᠤ ᠤᠷᠤᠭᠤᠯᠪᠠ᠃ ᠲᠤᠰ ᠦᠢᠯᠡᠳᠪᠤᠷᠢ ᠶᠢᠨ ᠲᠦᠭᠦᠭᠡᠷᠦᠮᠵᠢ ᠨᠢ ᠪᠦᠷᠢᠨ ᠬᠦᠢᠴᠡᠳ᠂ ᠬᠠᠮᠢᠶᠠᠷᠤᠯᠳᠠ ᠨᠢ ᠳᠦᠷᠢᠮᠵᠢᠭᠰᠡᠨ ᠪᠠᠶᠢᠵᠤ᠂ ᠬᠤᠷᠤᠳ᠂ ᠵᠦᠭᠡᠭᠡᠢ ᠵᠡᠷᠭᠡ 13 ᠲᠦᠷᠦᠯ ᠤᠨ ᠪᠦᠳᠦᠭᠡᠭᠳᠡᠬᠦᠨ ᠦᠢᠯᠡᠳᠪᠤᠷᠢᠯᠡᠵᠤ᠂ ᠵᠢᠯ ᠤᠨ ᠦᠢᠯᠡᠳᠬᠦᠨ ᠤ ᠦᠷᠳᠡᠭ ᠨᠢ 800 ᠲᠦᠮᠡᠨ ᠲᠦᠭᠦᠷᠢᠭ ᠲᠤ ᠬᠦᠷᠴᠠᠢ᠃      ᠲᠤᠰᠬᠠᠢ ᠮᠡᠷᠭᠡᠵᠢᠯᠲᠡᠨ ᠤ ᠬᠡᠯᠡᠬᠦ ᠪᠠᠷ᠂ ᠦᠪᠦᠷ ᠮᠤᠩᠭᠤᠯ ᠤᠨ ᠤᠯᠠᠮᠵᠢᠯᠠᠯᠳᠤ ᠴᠠᠭᠠᠨ ᠢᠳᠡᠭᠡᠨ ᠤ ᠠᠵᠤ ᠦᠢᠯᠡᠰ  ᠤᠨ ᠬᠦᠭᠵᠢᠯᠳᠡ ᠶᠢᠨ ᠲᠠᠯᠳᠠ ᠬᠦᠴᠦᠨ ᠯᠤᠳᠤ ᠶᠡᠭᠡ ᠪᠠᠶᠢᠭ᠎ᠠ ᠪᠤᠯᠪᠠᠴᠤ ᠡᠨᠡᠬᠦ ᠠᠵᠤ ᠦᠢᠯᠡᠰ ᠢ ᠦᠨᠡᠨᠬᠦ ᠬᠦᠴᠦᠷᠬᠡᠭᠵᠢᠬᠦᠯᠦᠶ᠎ᠡ ᠭᠡᠪᠡᠯ ᠡᠳᠡᠭᠡᠷ ᠭᠤᠷᠪᠠᠨ ᠵᠦᠢᠯ ᠢ ᠰᠠᠶᠢᠳᠤᠷ ᠪᠡᠶᠡᠯᠡᠬᠦᠯᠬᠦ ᠬᠡᠷᠡᠭᠳᠡᠢ᠃     ᠨᠢᠭᠡ ᠳᠤ᠂ ᠶᠡᠭᠡ ᠶᠢ ᠰᠠᠨᠠᠬᠤ ᠦᠭᠡᠢ᠂ ᠨᠠᠷᠢᠯᠢᠭ ᠰᠠᠶᠢᠨ ᠬᠢᠬᠦ ︽ᠭᠠᠷ ᠦᠢᠯᠡᠳᠪᠦᠷᠢ︾ ᠶᠢ ᠪᠠᠶᠢᠭᠤᠯᠤᠨ᠎ᠠ᠃ ᠡᠭᠦᠨ ᠤ ᠬᠠᠮᠳᠤ᠂ ᠲᠦᠭᠦᠭᠡᠢ ᠰᠦ ᠪᠠᠷ ᠲᠦᠭᠦᠬᠡᠢ ᠮᠠᠲ᠋ᠧᠷᠢᠶᠠᠯ ᠪᠤᠯᠭᠠᠭᠰᠠᠨ ᠰᠦᠨ ᠤ ᠪᠦᠳᠦᠭᠡᠭᠳᠡᠬᠦᠨ ᠪᠤᠯᠪᠠᠰᠤᠷᠠᠭᠤᠯᠬᠤ ᠳᠤ᠂ ᠡᠷᠬᠡᠪᠰᠢ ᠡᠳᠡᠭᠡᠷ ᠵᠦᠢᠯ ᠲᠠᠢ ᠪᠠᠨ ᠵᠣᠬᠢᠴᠠᠯᠳᠤᠭᠰᠠᠨ ᠰᠦ ᠶᠢᠨ ᠢᠷᠡᠯᠳᠡ ᠶᠢᠨ ᠰᠠᠭᠤᠷᠢᠨ ᠭᠠᠵᠠᠷ ᠪᠠ ᠮᠠᠰᠢᠨᠴᠢᠯᠠᠭᠰᠠᠨ ᠰᠦ ᠰᠠᠭᠠᠬᠤ ᠦᠷᠳᠡᠭᠡ ᠲᠠᠢ ᠪᠠᠶᠢᠬᠤ ᠬᠡᠷᠡᠭᠳᠡᠢ  ᠃      ᠬᠤᠶᠠᠷ ᠲᠤ᠂ ᠪᠦᠲᠦᠮᠵᠢᠲᠡᠢ ᠠᠷᠭ᠎ᠠ ᠬᠡᠮᠵᠢᠶ᠎ᠡ ᠠᠪᠴᠤ  ᠂ ᠰᠦ ᠶᠢᠨ ᠬᠠᠩᠭᠠᠯᠭ᠎ᠠ ᠶᠢᠨ ᠲᠤᠭᠳᠠᠭᠤᠨ ᠪᠠᠶᠢᠬᠤ ᠶᠢ ᠪᠠᠳᠤᠯᠠᠨ᠎ᠠ᠃ ᠰᠠᠭᠠᠯᠢ ᠶᠢᠨ ᠦᠨᠢᠶ᠎ᠡ ᠲᠡᠵᠢᠬᠡᠬᠦ  ᠦᠢᠯᠡᠰ ᠨᠢ ᠠᠵᠤ ᠦᠢᠯᠡᠰᠵᠢᠯᠳᠡ ᠶᠢᠨ ᠬᠡᠮᠵᠢᠶ᠎ᠡ ᠪᠠᠷ ᠲᠡᠶᠢᠮᠦ ᠥᠨᠳᠥᠷ ᠪᠣᠯᠣᠭᠠᠳᠤᠢ᠂ ᠲᠦᠭᠦᠭᠡᠢ ᠰᠦ ᠶᠢᠨ ᠭᠠᠷᠤᠯᠳᠠ  ᠪᠠ ᠶᠠᠰᠤ ᠴᠢᠨᠠᠷ ᠤᠨ ᠪᠠᠲᠤᠯᠠᠭᠠᠨ ᠤ ᠲᠠᠯ᠎ᠠ ᠪᠠᠷ ᠲᠡᠶᠢᠮᠦ ᠲᠣᠭᠲᠠᠪᠤᠷᠢᠲᠠᠢ ᠪᠢᠰᠢ ᠪᠣᠯᠬᠤᠷ ᠲᠦᠭᠦᠬᠡᠢ ᠰᠦ ᠶᠢᠨ ᠦᠨ᠎ᠡ ᠬᠠᠩᠰᠢ ᠨᠢ ᠴᠦ ᠬᠡᠯᠪᠡᠯᠵᠡᠯᠲᠡ ᠶᠡᠬᠡᠲᠡᠢ ᠪᠠᠶᠢᠨ᠎ᠠ︔ ᠨᠦᠬᠦᠬᠡ ᠲᠠᠯ᠎ᠠ ᠪᠠᠷ᠂ ᠤᠯᠠᠩᠭᠢ ᠵᠢᠵᠢᠭ ᠦᠢᠯᠡᠳᠬᠡᠯ ᠤᠨ ᠭᠠᠵᠠᠷ ᠰᠦ ᠶᠢᠨ ᠢᠷᠡᠯᠳᠡ ᠶᠢᠨ ᠰᠠᠭᠤᠷᠢᠨ ᠭᠠᠵᠠᠷ ᠭᠡᠵᠦ ᠪᠠᠶᠢᠬᠤ ᠦᠭᠡᠢ ᠪᠣᠯᠬᠤᠷ᠂ ᠬᠤᠳᠠᠯᠳᠤᠨ ᠠᠪᠤᠭᠰᠠᠨ ᠰᠦ ᠶᠢᠨ ᠶᠠᠰᠤ ᠴᠢᠨᠠᠷ ᠢ ᠪᠠᠳᠤᠯᠠᠵᠤ ᠴᠢᠳᠠᠬᠤ ᠦᠭᠡᠢ᠃      ᠭᠤᠷᠪᠠ ᠳᠤ᠂ ᠮᠠᠯᠴᠢᠨ ᠲᠠᠷᠢᠶᠠᠴᠢᠨ ᠪᠤᠯᠤᠨ ᠠᠵᠤ ᠠᠬᠤᠶᠢᠯᠠᠯ ᠤᠨ ᠵᠢᠭᠡᠯᠡᠯᠭᠡ ᠠᠪᠬᠤ ᠳᠤ ᠬᠦᠴᠢᠷᠳᠡᠢ᠂ ᠵᠢᠭᠡᠯᠡᠯᠭᠡ ᠦᠨᠡᠳᠡᠢ ᠪᠠᠶᠢᠬᠤ ᠠᠰᠠᠭᠤᠳᠠᠯ ᠢ ᠰᠢᠢᠳᠪᠤᠷᠢᠯᠡᠨ᠎ᠡ᠃ ᠦᠨᠳᠦᠰᠦᠳᠡᠨ ᠤ ᠴᠠᠭᠠᠨ ᠢᠳᠡᠭᠡ ᠪᠤᠯᠪᠠᠰᠤᠷᠠᠭᠤᠯᠬᠤ ᠨᠡᠯᠢᠶᠡᠳ ᠣᠯᠠᠨ ᠦᠢᠯᠡᠳᠪᠤᠷᠢ ᠶᠢᠨ ᠬᠠᠷᠢᠭᠤᠴᠠᠯᠭᠠᠲᠠᠳ ᠤᠨ ᠦᠵᠡᠬᠦ ᠪᠠᠷ᠂ ᠲᠡᠳᠡ ᠵᠢᠵᠢᠭ ᠦᠢᠯᠡᠳᠪᠤᠷᠢ ᠪᠠᠨ ᠥᠭᠡᠷᠡᠴᠢᠯᠡᠨ ᠰᠠᠶᠢᠵᠢᠷᠠᠭᠤᠯᠬᠤ  ᠶᠠᠪᠤᠴᠠ ᠳᠤ᠂ ᠦᠢᠯᠡᠳᠪᠦᠷᠢᠯᠡᠬᠦ᠂ ᠰᠢᠯᠭᠠᠨ ᠪᠠᠶᠢᠴᠠᠭᠠᠬᠤ᠂ ᠪᠤᠭᠤᠳᠠᠯᠯᠠᠬᠤ ᠵᠡᠷᠭᠡ ᠲᠠᠯ᠎ᠠ ᠪᠠᠷ ᠪᠠᠷᠢᠮᠵᠢᠶᠠᠵᠢᠭᠰᠠᠨ ᠲᠦᠭᠦᠭᠡᠷᠦᠮᠵᠢ ᠬᠤᠳᠠᠯᠳᠤᠨ ᠠᠪᠬᠤ ᠬᠡᠷᠡᠭᠳᠡᠢ ᠪᠥᠭᠡᠳ ᠰᠠᠭᠠᠯᠢ ᠶᠢᠨ ᠦᠨᠢᠶ᠎ᠡ ᠲᠡᠵᠢᠬᠡᠨ ᠦᠷᠡᠵᠢᠭᠦᠯᠭᠦ ᠬᠡᠪᠴᠢᠶ᠎ᠡ ᠶᠢ ᠦᠷᠬᠡᠳᠬᠡᠬᠦ ᠶᠢᠨ ᠬᠠᠮᠳᠤ᠂ ᠦᠢᠯᠡᠳᠪᠤᠷᠢᠯᠡᠯ ᠤᠨ ᠰᠢᠯᠭᠠᠨ ᠪᠠᠶᠢᠴᠠᠭᠠᠬᠤ ᠮᠡᠷᠭᠡᠵᠢᠯ  ᠤᠨ ᠠᠵᠢᠯᠳᠠᠨ ᠢ  ᠬᠥᠮᠥᠵᠢᠭᠦᠯᠬᠦ ᠬᠡᠷᠡᠭᠲᠡᠢ᠃ ᠣᠳᠣᠬᠠᠨ ᠳᠤ᠂  ᠬᠡᠳᠦᠶᠢᠪᠡᠷ ᠪᠡᠯᠡ ᠮᠥᠩᠭᠦᠨ ᠤ ᠲᠡᠮᠵᠢᠯᠭᠡ ᠱᠠᠭᠠᠷᠳᠠᠭᠳᠠᠵᠤ ᠪᠠᠶᠢᠬᠤ ᠪᠤᠯᠪᠠᠴᠤ᠂ ᠪᠠᠷᠢᠴᠠᠭᠠᠨ ᠤ ᠲᠠᠭᠠᠭᠠᠯᠳᠠ ᠲᠤᠳᠠᠵᠤ ᠪᠠᠶᠢᠬᠤ ᠤᠴᠢᠷ ᠠᠴᠠ  ᠵᠢᠭᠡᠯᠡᠯᠭᠡ ᠶᠢᠨ ᠠᠰᠠᠭᠤᠳᠠᠯ ᠢ ᠴᠢᠬᠤᠯᠠᠴᠢᠯᠠᠬᠤ ᠬᠡᠷᠡᠭᠲᠡᠢ᠃      ᠪᠡᠯᠡ ᠮᠦᠩᠭᠦ ᠶᠢᠨ ᠠᠰᠠᠭᠤᠳᠠᠯ ᠳᠤ ᠴᠢᠭᠯᠡᠭᠦᠯᠦᠨ᠂ ᠦᠪᠦᠷ ᠮᠤᠩᠭᠤᠯ ︽ᠤᠯᠠᠮᠵᠢᠯᠠᠯᠳᠤ ᠴᠠᠭᠠᠨ ᠢᠳᠡᠭᠡᠨ ᠤ ᠬᠦᠭᠵᠢᠯᠳᠡ ᠶᠢᠨ ᠰᠠᠭᠤᠷᠢ ᠮᠦᠩᠭᠦ︾ ᠭᠤᠶᠤᠴᠢᠯᠠᠬᠤ ᠪᠠᠷ ᠪᠤᠢ᠃ ᠲᠤᠰᠬᠠᠢ ᠮᠡᠷᠭᠡᠵᠢᠯᠳᠡᠨ ᠰᠠᠨᠠᠭᠤᠯᠬᠤ ᠳᠠᠭᠠᠨ᠂ ᠲᠦᠷᠦ ᠶᠢᠨ ᠶᠠᠪᠤᠳᠠᠯ ᠤᠨ ᠬᠤᠷᠢᠶᠠᠨ ᠠᠴᠠ ᠤᠯᠠᠮᠵᠢᠯᠠᠯᠳᠤ ᠴᠠᠭᠠᠨ ᠢᠲᠡᠭᠡ ᠵᠡᠷᠭᠡ ᠭᠠᠵᠠᠷ ᠤᠷᠤᠨ ᠤ ᠤᠨᠴᠠᠯᠢᠭᠳᠤ ᠠᠵᠤ ᠠᠬᠤᠢ ᠳᠤ  ᠳᠡᠮᠵᠢᠯᠭᠡ ᠦᠵᠡᠬᠦᠯᠬᠦ ᠰᠠᠭᠤᠷᠢ ᠮᠦᠩᠭᠦ ᠲᠣᠬᠢᠷᠠᠭᠤᠯᠬᠤ ᠪᠤᠶᠤ ᠤᠷᠤᠨ ᠨᠤᠲᠤᠭ ᠤᠨ ᠵᠠᠰᠠᠭ ᠤᠨ ᠤᠷᠳᠤᠨ ᠤ ᠰᠠᠭᠤᠷᠢ ᠮᠦᠩᠭᠦ  ᠲᠣᠬᠢᠷᠠᠭᠤᠯᠬᠤ ᠶᠢ ᠵᠥᠪᠰᠢᠶᠡᠷᠡᠪᠡᠯ ᠵᠣᠬᠢᠨ᠎ᠠ ᠭᠡᠵᠡᠢ᠃
 
ᠢᠷᠡᠯᠲᠡ᠄ ᠮᠣᠩᠭᠤᠯ ᠷᠠᠳᠢᠣ᠋ ᠲᠧᠯᠸᠢᠰ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号