ᠤᠯᠠᠮᠵᠢᠯᠠᠯᠳᠤ ᠴᠠᠭᠠᠨ ᠢᠳᠡᠭᠡ ᠶᠢ ᠬᠦᠭᠵᠢᠭᠦᠯᠭᠦ ᠳᠤ ︽ᠭᠤᠷᠪᠠᠨ ᠳᠠᠪᠠᠭ᠎ᠠ︾  ᠶᠢ ᠲᠠᠪᠠᠭ᠋ᠤ ᠬᠡᠷᠡᠭᠳᠡᠢ
ᠨᠡᠶᠢᠲᠡᠯᠡᠭᠰᠡᠨ ᠴᠠᠭ᠄
2020/7/2
      ᠦᠨᠢ ᠤᠳᠠᠭᠠᠨ ᠲᠡᠦᠬᠡ ᠲᠠᠢ᠂ ᠦᠪᠡᠷᠮᠢᠴᠡ ᠤᠨᠴᠠᠯᠢᠭ ᠲᠠᠢ ᠦᠨᠳᠦᠰᠦᠳᠡᠨ ᠤ ᠤᠯᠠᠮᠵᠢᠯᠠᠯᠳᠤ ᠴᠠᠭᠠᠨ ᠢᠳᠡᠭᠡ ᠨᠢ ᠰᠦ ᠶᠢᠨ ᠦᠢᠯᠡᠰ ᠤᠨ ᠬᠦᠭᠵᠢᠯᠳᠡ ᠶᠢᠨ ᠴᠢᠬᠤᠯᠠ ᠪᠦᠷᠢᠯᠳᠦᠬᠦᠨ ᠭᠡᠰᠡᠭ ᠪᠤᠯᠤᠭᠰᠠᠭᠠᠷ ᠢᠷᠡᠭᠰᠡᠨ ᠶᠤᠮ᠃ ᠤᠶᠢᠷ᠎ᠠ ᠶᠢᠨ ᠬᠤᠶᠠᠷ ᠵᠢᠯ ᠳᠤ᠂ ᠦᠪᠦᠷ ᠮᠤᠩᠭᠤᠯ ᠡᠨᠡᠬᠦ ᠲᠠᠪᠠᠭᠤᠯᠢᠭ ᠢᠶᠠᠨ ᠠᠰᠢᠭᠯᠠᠨ ᠤᠯᠠᠮᠵᠢᠯᠠᠯᠳᠤ ᠴᠠᠭᠠᠨ ᠢᠳᠡᠭᠡᠨ ᠤ ᠦᠢᠯᠡᠰ ᠢ ᠬᠦᠭᠵᠢᠭᠦᠯᠵᠤ ᠪᠠᠶᠢᠭ᠎ᠠ ᠪᠤᠯᠪᠠᠴᠤ ᠰᠦ ᠶᠢᠨ ᠢᠷᠡᠯᠳᠡ ᠲᠤᠭᠳᠠᠭᠤᠨ ᠪᠤᠰᠤ᠂ ᠪᠡᠯᠡ ᠮᠥᠩᠭᠦᠨ ᠤ ᠳᠡᠮᠵᠢᠯᠭᠡ ᠶᠢᠨ ᠲᠠᠯ᠎ᠠ ᠪᠠᠷ ᠬᠦᠷᠦᠯᠴᠡᠬᠦ ᠦᠭᠡᠢ ᠵᠡᠷᠭᠡ ᠠᠰᠠᠭᠤᠳᠠᠯ ᠤᠳ ᠠᠴᠠ ᠪᠤᠯᠵᠤ ᠭᠦᠭᠵᠢᠯᠳᠡ ᠶᠢᠨ ᠠᠬᠢᠴᠠ ᠶᠢ ᠵᠣᠬᠢᠬᠤ ᠬᠡᠮᠵᠢᠶ᠎ᠡ  ᠪᠠᠷ ᠬᠠᠷᠰᠢᠯᠠᠵᠤ ᠪᠠᠶᠢᠭ᠎ᠠ ᠶᠤᠮ᠃      2019 ᠣᠨ ᠤ ᠰᠡᠭᠦᠯᠴᠢ ᠪᠤᠯᠳᠠᠯ᠎ᠠ᠂ ᠪᠦᠬᠦ ᠤᠷᠤᠨ ᠤ ᠵᠠᠬ᠎ᠠ ᠲᠡᠯᠭᠡᠭᠦᠷ ᠤᠨ ᠬᠢᠨᠠᠯᠳᠠ ᠬᠠᠮᠢᠶᠠᠷᠤᠯᠳᠠ ᠶᠢᠨ ᠰᠠᠯᠠᠭ᠎ᠠ ᠮᠦᠴᠢᠷ ᠲᠤ ᠲᠠᠩᠰᠠᠯᠠᠭᠤᠯᠤᠭᠰᠠᠨ ᠦᠨᠳᠦᠰᠦᠳᠡᠨ ᠤ ᠴᠠᠭᠠᠨ ᠢᠳᠡᠭᠡᠨ ᠦᠢᠯᠡᠳᠪᠤᠷᠢᠯᠡᠬᠦ ᠴᠡᠭ ᠨᠡᠶᠢᠳᠡ 1546 ᠪᠠᠶᠢᠵᠤ᠂ ᠪᠦᠬᠦ ᠤᠷᠤᠨ ᠤ  ᠡᠯ᠎ᠡ ᠠᠶᠢᠮᠠᠭ ᠬᠤᠳᠠ ᠶᠢᠨ 58 ᠬᠤᠰᠢᠭᠤ ᠰᠢᠶᠠᠨ ᠲᠤᠭᠤᠷᠢᠭ ᠲᠤ ᠲᠠᠷᠬᠠᠵᠤ ᠪᠠᠶᠢᠨ᠎ᠠ᠃ ᠵᠢᠯ ᠤᠨ ᠪᠤᠯᠪᠠᠰᠤᠷᠠᠭᠤᠯᠬᠤ ᠦᠢᠯᠡᠳᠬᠦᠨ ᠤ ᠦᠷᠳᠡᠭ ᠨᠢ 10 ᠳ᠋ᠦᠩᠰᠢᠭᠤᠷ ᠲᠦᠭᠦᠷᠢᠭ ᠢ ᠲᠠᠪᠠᠵᠠᠢ᠃      ᠦᠪᠦᠷ ᠮᠤᠩᠭᠤᠯ ᠳᠤ ᠭᠤᠣᠯᠳᠠᠭᠤ ᠭᠡᠷ ᠪᠦᠯᠢ ᠪᠠᠷ ᠨᠢᠭᠡᠴᠢ ᠪᠣᠯᠭᠠᠵᠤ ᠴᠠᠭᠠᠨ ᠢᠳᠡᠭᠡᠨ ᠪᠤᠯᠪᠠᠰᠤᠷᠠᠭᠤᠯᠵᠤ ᠪᠠᠶᠢᠨ᠎ᠠ᠂  ᠤᠳᠤᠬᠠᠨ ᠳᠤ᠂ ᠪᠦᠬᠦ ᠤᠷᠤᠨ ᠤ ᠬᠡᠪᠴᠢᠶᠡᠨ ᠳᠤ᠂ ᠢᠳᠡᠭᠡᠨ ᠤᠮᠳᠠᠭᠠᠨ ᠦᠢᠯᠡᠳᠪᠤᠷᠢᠯᠡᠬᠦ ᠵᠦᠪᠰᠢᠶᠡᠷᠡᠯ ᠤᠨ ᠦᠨᠡᠮᠯᠡᠯ ᠲᠠᠢ ᠦᠢᠯᠡᠳᠪᠤᠷᠢ ᠵᠦᠪᠭᠡᠨ 16 ᠪᠠᠶᠢᠨ᠎ᠠ᠃ ᠦᠨᠳᠦᠰᠦᠳᠡᠨ ᠤ ᠴᠠᠭᠠᠨ ᠢᠳᠡᠭᠡᠨ ᠤ ᠦᠢᠯᠡᠰ ᠤᠨ ᠯᠤᠳᠤ ᠶᠡᠭᠡ ᠢᠷᠡᠭᠡᠳᠦᠢ ᠶᠢ ᠤᠯᠵᠤ ᠦᠵᠡᠭᠰᠡᠨ ᠤ ᠲᠠᠷᠠᠭ᠎ᠠ᠂ ᠵᠠᠰᠠᠭ ᠤᠨ ᠤᠷᠳᠤᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠤᠨ ᠵᠢᠯᠤᠭᠤᠳᠤᠯᠭ᠎ᠠ ᠲᠤᠤᠷ᠎ᠠ᠂ ᠴᠦᠬᠡᠨ ᠪᠤᠰᠤ ᠵᠢᠵᠢᠭ ᠦᠢᠯᠡᠳᠪᠤᠷᠢ ᠡᠵᠡᠩᠨᠡᠯᠲᠡ ᠬᠠᠮᠢᠶᠠᠷᠤᠯᠲᠠ ᠪᠠᠨ ᠰᠠᠶᠢᠵᠢᠷᠠᠭᠤᠯᠵᠤ᠂ ᠬᠡᠪᠴᠢᠶᠡᠵᠢᠭᠰᠡᠨ ᠦᠢᠯᠡᠳᠪᠦᠷᠢᠯᠡᠯ ᠤᠨ ᠵᠡᠮ ᠳᠤ ᠣᠷᠣᠭᠤᠯᠬᠤ ᠶᠢ ᠵᠦᠪᠰᠢᠶᠡᠷᠡᠵᠤ ᠪᠠᠶᠢᠨ᠎ᠠ᠃      ᠴᠠᠬᠠᠷ ᠪᠠᠷᠠᠭᠤᠨ ᠭᠠᠷᠤᠨ ᠬᠤᠶᠢᠳᠤ ᠬᠤᠰᠢᠭᠤᠨ ᠤ ︽ᠮᠦᠩᠭᠦᠨ ᠭᠤᠤᠯ︾ ᠬᠤᠷᠰᠢᠶ᠎ᠠ ᠪᠤᠯ ᠲᠠᠷᠤᠢ ᠲᠤᠬᠠᠢ ᠶᠢᠨ ᠭᠠᠵᠠᠷ ᠠᠴᠠ ᠳᠡᠮᠵᠢᠵᠦ ᠪᠠᠶᠢᠭ᠎ᠠ ᠥᠭᠡᠷᠡᠴᠢᠯᠡᠨ ᠰᠢᠯᠢᠳᠡᠭᠵᠢᠭᠦᠯᠬᠦ ᠲᠤᠷᠰᠢᠯᠳᠠ ᠶᠢᠨ ᠭᠠᠵᠠᠷ ᠪᠤᠯᠬᠤ ᠶᠤᠮ᠃ ᠲᠤᠰ ᠬᠤᠷᠰᠢᠶ᠎ᠠ ᠨᠢᠳᠤᠨᠤᠨ ᠤᠯᠠᠮᠵᠢᠯᠠᠯᠳᠤ ᠴᠠᠭᠠᠨ ᠢᠳᠡᠭᠡ ᠪᠤᠯᠪᠠᠰᠤᠷᠠᠭᠤᠯᠬᠤ ᠦᠢᠯᠡᠳᠪᠤᠷᠢ ᠪᠠᠶᠢᠭᠤᠯᠵᠤ᠂ ᠠᠰᠢᠭᠯᠠᠯᠳᠠ ᠳᠤ ᠤᠷᠤᠭᠤᠯᠪᠠ᠃ ᠲᠤᠰ ᠦᠢᠯᠡᠳᠪᠤᠷᠢ ᠶᠢᠨ ᠲᠦᠭᠦᠭᠡᠷᠦᠮᠵᠢ ᠨᠢ ᠪᠦᠷᠢᠨ ᠬᠦᠢᠴᠡᠳ᠂ ᠬᠠᠮᠢᠶᠠᠷᠤᠯᠳᠠ ᠨᠢ ᠳᠦᠷᠢᠮᠵᠢᠭᠰᠡᠨ ᠪᠠᠶᠢᠵᠤ᠂ ᠬᠤᠷᠤᠳ᠂ ᠵᠦᠭᠡᠭᠡᠢ ᠵᠡᠷᠭᠡ 13 ᠲᠦᠷᠦᠯ ᠤᠨ ᠪᠦᠳᠦᠭᠡᠭᠳᠡᠬᠦᠨ ᠦᠢᠯᠡᠳᠪᠤᠷᠢᠯᠡᠵᠤ᠂ ᠵᠢᠯ ᠤᠨ ᠦᠢᠯᠡᠳᠬᠦᠨ ᠤ ᠦᠷᠳᠡᠭ ᠨᠢ 800 ᠲᠦᠮᠡᠨ ᠲᠦᠭᠦᠷᠢᠭ ᠲᠤ ᠬᠦᠷᠴᠠᠢ᠃      ᠲᠤᠰᠬᠠᠢ ᠮᠡᠷᠭᠡᠵᠢᠯᠲᠡᠨ ᠤ ᠬᠡᠯᠡᠬᠦ ᠪᠠᠷ᠂ ᠦᠪᠦᠷ ᠮᠤᠩᠭᠤᠯ ᠤᠨ ᠤᠯᠠᠮᠵᠢᠯᠠᠯᠳᠤ ᠴᠠᠭᠠᠨ ᠢᠳᠡᠭᠡᠨ ᠤ ᠠᠵᠤ ᠦᠢᠯᠡᠰ  ᠤᠨ ᠬᠦᠭᠵᠢᠯᠳᠡ ᠶᠢᠨ ᠲᠠᠯᠳᠠ ᠬᠦᠴᠦᠨ ᠯᠤᠳᠤ ᠶᠡᠭᠡ ᠪᠠᠶᠢᠭ᠎ᠠ ᠪᠤᠯᠪᠠᠴᠤ ᠡᠨᠡᠬᠦ ᠠᠵᠤ ᠦᠢᠯᠡᠰ ᠢ ᠦᠨᠡᠨᠬᠦ ᠬᠦᠴᠦᠷᠬᠡᠭᠵᠢᠬᠦᠯᠦᠶ᠎ᠡ ᠭᠡᠪᠡᠯ ᠡᠳᠡᠭᠡᠷ ᠭᠤᠷᠪᠠᠨ ᠵᠦᠢᠯ ᠢ ᠰᠠᠶᠢᠳᠤᠷ ᠪᠡᠶᠡᠯᠡᠬᠦᠯᠬᠦ ᠬᠡᠷᠡᠭᠳᠡᠢ᠃     ᠨᠢᠭᠡ ᠳᠤ᠂ ᠶᠡᠭᠡ ᠶᠢ ᠰᠠᠨᠠᠬᠤ ᠦᠭᠡᠢ᠂ ᠨᠠᠷᠢᠯᠢᠭ ᠰᠠᠶᠢᠨ ᠬᠢᠬᠦ ︽ᠭᠠᠷ ᠦᠢᠯᠡᠳᠪᠦᠷᠢ︾ ᠶᠢ ᠪᠠᠶᠢᠭᠤᠯᠤᠨ᠎ᠠ᠃ ᠡᠭᠦᠨ ᠤ ᠬᠠᠮᠳᠤ᠂ ᠲᠦᠭᠦᠭᠡᠢ ᠰᠦ ᠪᠠᠷ ᠲᠦᠭᠦᠬᠡᠢ ᠮᠠᠲ᠋ᠧᠷᠢᠶᠠᠯ ᠪᠤᠯᠭᠠᠭᠰᠠᠨ ᠰᠦᠨ ᠤ ᠪᠦᠳᠦᠭᠡᠭᠳᠡᠬᠦᠨ ᠪᠤᠯᠪᠠᠰᠤᠷᠠᠭᠤᠯᠬᠤ ᠳᠤ᠂ ᠡᠷᠬᠡᠪᠰᠢ ᠡᠳᠡᠭᠡᠷ ᠵᠦᠢᠯ ᠲᠠᠢ ᠪᠠᠨ ᠵᠣᠬᠢᠴᠠᠯᠳᠤᠭᠰᠠᠨ ᠰᠦ ᠶᠢᠨ ᠢᠷᠡᠯᠳᠡ ᠶᠢᠨ ᠰᠠᠭᠤᠷᠢᠨ ᠭᠠᠵᠠᠷ ᠪᠠ ᠮᠠᠰᠢᠨᠴᠢᠯᠠᠭᠰᠠᠨ ᠰᠦ ᠰᠠᠭᠠᠬᠤ ᠦᠷᠳᠡᠭᠡ ᠲᠠᠢ ᠪᠠᠶᠢᠬᠤ ᠬᠡᠷᠡᠭᠳᠡᠢ  ᠃      ᠬᠤᠶᠠᠷ ᠲᠤ᠂ ᠪᠦᠲᠦᠮᠵᠢᠲᠡᠢ ᠠᠷᠭ᠎ᠠ ᠬᠡᠮᠵᠢᠶ᠎ᠡ ᠠᠪᠴᠤ  ᠂ ᠰᠦ ᠶᠢᠨ ᠬᠠᠩᠭᠠᠯᠭ᠎ᠠ ᠶᠢᠨ ᠲᠤᠭᠳᠠᠭᠤᠨ ᠪᠠᠶᠢᠬᠤ ᠶᠢ ᠪᠠᠳᠤᠯᠠᠨ᠎ᠠ᠃ ᠰᠠᠭᠠᠯᠢ ᠶᠢᠨ ᠦᠨᠢᠶ᠎ᠡ ᠲᠡᠵᠢᠬᠡᠬᠦ  ᠦᠢᠯᠡᠰ ᠨᠢ ᠠᠵᠤ ᠦᠢᠯᠡᠰᠵᠢᠯᠳᠡ ᠶᠢᠨ ᠬᠡᠮᠵᠢᠶ᠎ᠡ ᠪᠠᠷ ᠲᠡᠶᠢᠮᠦ ᠥᠨᠳᠥᠷ ᠪᠣᠯᠣᠭᠠᠳᠤᠢ᠂ ᠲᠦᠭᠦᠭᠡᠢ ᠰᠦ ᠶᠢᠨ ᠭᠠᠷᠤᠯᠳᠠ  ᠪᠠ ᠶᠠᠰᠤ ᠴᠢᠨᠠᠷ ᠤᠨ ᠪᠠᠲᠤᠯᠠᠭᠠᠨ ᠤ ᠲᠠᠯ᠎ᠠ ᠪᠠᠷ ᠲᠡᠶᠢᠮᠦ ᠲᠣᠭᠲᠠᠪᠤᠷᠢᠲᠠᠢ ᠪᠢᠰᠢ ᠪᠣᠯᠬᠤᠷ ᠲᠦᠭᠦᠬᠡᠢ ᠰᠦ ᠶᠢᠨ ᠦᠨ᠎ᠡ ᠬᠠᠩᠰᠢ ᠨᠢ ᠴᠦ ᠬᠡᠯᠪᠡᠯᠵᠡᠯᠲᠡ ᠶᠡᠬᠡᠲᠡᠢ ᠪᠠᠶᠢᠨ᠎ᠠ︔ ᠨᠦᠬᠦᠬᠡ ᠲᠠᠯ᠎ᠠ ᠪᠠᠷ᠂ ᠤᠯᠠᠩᠭᠢ ᠵᠢᠵᠢᠭ ᠦᠢᠯᠡᠳᠬᠡᠯ ᠤᠨ ᠭᠠᠵᠠᠷ ᠰᠦ ᠶᠢᠨ ᠢᠷᠡᠯᠳᠡ ᠶᠢᠨ ᠰᠠᠭᠤᠷᠢᠨ ᠭᠠᠵᠠᠷ ᠭᠡᠵᠦ ᠪᠠᠶᠢᠬᠤ ᠦᠭᠡᠢ ᠪᠣᠯᠬᠤᠷ᠂ ᠬᠤᠳᠠᠯᠳᠤᠨ ᠠᠪᠤᠭᠰᠠᠨ ᠰᠦ ᠶᠢᠨ ᠶᠠᠰᠤ ᠴᠢᠨᠠᠷ ᠢ ᠪᠠᠳᠤᠯᠠᠵᠤ ᠴᠢᠳᠠᠬᠤ ᠦᠭᠡᠢ᠃      ᠭᠤᠷᠪᠠ ᠳᠤ᠂ ᠮᠠᠯᠴᠢᠨ ᠲᠠᠷᠢᠶᠠᠴᠢᠨ ᠪᠤᠯᠤᠨ ᠠᠵᠤ ᠠᠬᠤᠶᠢᠯᠠᠯ ᠤᠨ ᠵᠢᠭᠡᠯᠡᠯᠭᠡ ᠠᠪᠬᠤ ᠳᠤ ᠬᠦᠴᠢᠷᠳᠡᠢ᠂ ᠵᠢᠭᠡᠯᠡᠯᠭᠡ ᠦᠨᠡᠳᠡᠢ ᠪᠠᠶᠢᠬᠤ ᠠᠰᠠᠭᠤᠳᠠᠯ ᠢ ᠰᠢᠢᠳᠪᠤᠷᠢᠯᠡᠨ᠎ᠡ᠃ ᠦᠨᠳᠦᠰᠦᠳᠡᠨ ᠤ ᠴᠠᠭᠠᠨ ᠢᠳᠡᠭᠡ ᠪᠤᠯᠪᠠᠰᠤᠷᠠᠭᠤᠯᠬᠤ ᠨᠡᠯᠢᠶᠡᠳ ᠣᠯᠠᠨ ᠦᠢᠯᠡᠳᠪᠤᠷᠢ ᠶᠢᠨ ᠬᠠᠷᠢᠭᠤᠴᠠᠯᠭᠠᠲᠠᠳ ᠤᠨ ᠦᠵᠡᠬᠦ ᠪᠠᠷ᠂ ᠲᠡᠳᠡ ᠵᠢᠵᠢᠭ ᠦᠢᠯᠡᠳᠪᠤᠷᠢ ᠪᠠᠨ ᠥᠭᠡᠷᠡᠴᠢᠯᠡᠨ ᠰᠠᠶᠢᠵᠢᠷᠠᠭᠤᠯᠬᠤ  ᠶᠠᠪᠤᠴᠠ ᠳᠤ᠂ ᠦᠢᠯᠡᠳᠪᠦᠷᠢᠯᠡᠬᠦ᠂ ᠰᠢᠯᠭᠠᠨ ᠪᠠᠶᠢᠴᠠᠭᠠᠬᠤ᠂ ᠪᠤᠭᠤᠳᠠᠯᠯᠠᠬᠤ ᠵᠡᠷᠭᠡ ᠲᠠᠯ᠎ᠠ  ᠪᠠᠷ ᠪᠠᠷᠢᠮᠵᠢᠶᠠᠵᠢᠭᠰᠠᠨ ᠲᠦᠭᠦᠭᠡᠷᠦᠮᠵᠢ ᠬᠤᠳᠠᠯᠳᠤᠨ ᠠᠪᠬᠤ ᠬᠡᠷᠡᠭᠳᠡᠢ ᠪᠥᠭᠡᠳ ᠰᠠᠭᠠᠯᠢ ᠶᠢᠨ ᠦᠨᠢᠶ᠎ᠡ ᠲᠡᠵᠢᠬᠡᠨ ᠦᠷᠡᠵᠢᠭᠦᠯᠭᠦ ᠬᠡᠪᠴᠢᠶ᠎ᠡ ᠶᠢ ᠦᠷᠬᠡᠳᠬᠡᠬᠦ ᠶᠢᠨ ᠬᠠᠮᠳᠤ᠂ ᠦᠢᠯᠡᠳᠪᠤᠷᠢᠯᠡᠯ ᠤᠨ ᠰᠢᠯᠭᠠᠨ ᠪᠠᠶᠢᠴᠠᠭᠠᠬᠤ ᠮᠡᠷᠭᠡᠵᠢᠯ  ᠤᠨ ᠠᠵᠢᠯᠳᠠᠨ ᠢ  ᠬᠥᠮᠥᠵᠢᠭᠦᠯᠬᠦ ᠬᠡᠷᠡᠭᠲᠡᠢ᠃ ᠣᠳᠣᠬᠠᠨ ᠳᠤ᠂  ᠬᠡᠳᠦᠶᠢᠪᠡᠷ ᠪᠡᠯᠡ ᠮᠥᠩᠭᠦᠨ ᠤ ᠲᠡᠮᠵᠢᠯᠭᠡ ᠱᠠᠭᠠᠷᠳᠠᠭᠳᠠᠵᠤ ᠪᠠᠶᠢᠬᠤ ᠪᠤᠯᠪᠠᠴᠤ᠂ ᠪᠠᠷᠢᠴᠠᠭᠠᠨ ᠤ ᠲᠠᠭᠠᠭᠠᠯᠳᠠ ᠲᠤᠳᠠᠵᠤ ᠪᠠᠶᠢᠬᠤ ᠤᠴᠢᠷ ᠠᠴᠠ  ᠵᠢᠭᠡᠯᠡᠯᠭᠡ  ᠶᠢᠨ ᠠᠰᠠᠭᠤᠳᠠᠯ ᠢ ᠴᠢᠬᠤᠯᠠᠴᠢᠯᠠᠬᠤ ᠬᠡᠷᠡᠭᠲᠡᠢ᠃      ᠪᠡᠯᠡ ᠮᠦᠩᠭᠦ ᠶᠢᠨ ᠠᠰᠠᠭᠤᠳᠠᠯ ᠳᠤ ᠴᠢᠭᠯᠡᠭᠦᠯᠦᠨ᠂ ᠦᠪᠦᠷ ᠮᠤᠩᠭᠤᠯ ︽ᠤᠯᠠᠮᠵᠢᠯᠠᠯᠳᠤ ᠴᠠᠭᠠᠨ ᠢᠳᠡᠭᠡᠨ ᠤ ᠬᠦᠭᠵᠢᠯᠳᠡ ᠶᠢᠨ ᠰᠠᠭᠤᠷᠢ ᠮᠦᠩᠭᠦ︾ ᠭᠤᠶᠤᠴᠢᠯᠠᠬᠤ ᠪᠠᠷ ᠪᠤᠢ᠃ ᠲᠤᠰᠬᠠᠢ ᠮᠡᠷᠭᠡᠵᠢᠯᠳᠡᠨ ᠰᠠᠨᠠᠭᠤᠯᠬᠤ ᠳᠠᠭᠠᠨ᠂ ᠲᠦᠷᠦ ᠶᠢᠨ ᠶᠠᠪᠤᠳᠠᠯ ᠤᠨ ᠬᠤᠷᠢᠶᠠᠨ ᠠᠴᠠ ᠤᠯᠠᠮᠵᠢᠯᠠᠯᠳᠤ ᠴᠠᠭᠠᠨ ᠢᠲᠡᠭᠡ ᠵᠡᠷᠭᠡ ᠭᠠᠵᠠᠷ ᠤᠷᠤᠨ ᠤ ᠤᠨᠴᠠᠯᠢᠭᠳᠤ ᠠᠵᠤ ᠠᠬᠤᠢ ᠳᠤ  ᠳᠡᠮᠵᠢᠯᠭᠡ ᠦᠵᠡᠬᠦᠯᠬᠦ ᠰᠠᠭᠤᠷᠢ ᠮᠦᠩᠭᠦ ᠲᠣᠬᠢᠷᠠᠭᠤᠯᠬᠤ ᠪᠤᠶᠤ ᠤᠷᠤᠨ ᠨᠤᠲᠤᠭ ᠤᠨ ᠵᠠᠰᠠᠭ ᠤᠨ ᠤᠷᠳᠤᠨ ᠤ ᠰᠠᠭᠤᠷᠢ ᠮᠦᠩᠭᠦ  ᠲᠣᠬᠢᠷᠠᠭᠤᠯᠬᠤ ᠶᠢ ᠵᠥᠪᠰᠢᠶᠡᠷᠡᠪᠡᠯ ᠵᠣᠬᠢᠨ᠎ᠠ ᠭᠡᠵᠡᠢ᠃
ᠢᠷᠡᠯᠲᠡ᠄ ᠮᠣᠩᠭᠤᠯ ᠷᠠᠳᠢᠣ᠋ ᠲᠧᠯᠸᠢᠰ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ