ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠨᠠᠪᠴᠢ︶ ᠲᠦᠷᠦᠭᠦᠬᠡᠨ᠂ ᠰᠤᠷᠪᠤᠯᠵᠢᠯᠠᠭᠴᠢ ᠬᠥᠬᠡᠬᠤᠲᠠ ᠶᠢᠨ | ᠰᠤᠷᠤᠭᠴᠢ | ᠡᠯᠰᠡᠬᠦ ᠰᠢᠯᠭᠠᠯᠲᠠ ᠶᠢᠨ ᠠᠵᠢᠯ ᠢ ᠠᠬᠢᠭᠤᠯᠬᠤ ᠬᠤᠷᠠᠯ ᠠᠴᠠ ᠣᠶᠢᠯᠠᠭᠠᠭᠰᠠᠨ ᠢᠶᠠᠷ᠂ ᠡᠨᠡ ᠵᠢᠯ ᠤᠨ ᠥᠨᠳᠥᠷ ᠳᠤᠮᠳᠠᠳᠤ ᠳᠤ ᠰᠤᠷᠤᠭᠴᠢ ᠡᠯᠰᠡᠬᠦ | ᠰᠢᠯᠭᠠᠯᠲᠠ ᠶᠢᠨ ᠠᠵᠢᠯ ᠳᠤ ᠴᠢᠭᠯᠡᠭᠦᠯᠦᠨ᠂ ᠲᠣᠰ ᠬᠤᠲᠠ ᠥᠨᠳᠥᠷ ᠳᠤᠮᠳᠠᠳᠤ ᠳᠤ ᠰᠣᠷᠣᠭᠴᠢ ᠡᠯᠰᠡᠬᠦ ᠰᠢᠯᠭᠠᠯᠲᠠ ᠶᠢᠨ ᠰᠤᠷᠲᠠᠯ ᠰᠠᠬᠢᠯᠭ᠎ᠠ ᠪᠠᠲᠤ ᠶᠢ | ᠴᠢᠩᠳᠠᠯᠠᠬᠤ ᠲᠤᠬᠠᠶ ᠲᠣᠳᠣᠷᠬᠠᠶ ᠱᠠᠭᠠᠷᠳᠠᠯᠭ᠎ᠠ ᠳᠤᠷᠠᠳᠪᠠ᠃ | ᠬᠦᠬᠡᠬᠤᠳᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠳᠤ | ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠠᠵᠢᠯᠲᠠᠨ ᠤ ᠲᠠᠨᠢᠯᠴᠠᠭᠤᠯᠤᠭᠰᠠᠨ ᠢᠶᠠᠷ᠂ ᠰᠠᠬᠢᠯᠭ᠎ᠠ ᠪᠠᠲᠤ ᠪᠠᠶᠢᠴᠠᠭᠠᠬᠤ | ᠬᠢᠨᠠᠨ ᠪᠠᠶᠢᠴᠠᠭᠠᠬᠤ ᠳᠤᠭᠤᠶᠢᠯᠠᠩ ᠠᠴᠠ ᠡᠯ᠎ᠡ ᠭᠠᠵᠠᠷ᠂ ᠡᠯ᠎ᠡ ᠰᠤᠷᠭᠠᠭᠤᠯᠢ ᠶᠢᠨ ᠦᠨᠳᠦᠷ ᠳᠤᠮᠳᠠᠳᠤ ᠳᠤ ᠳᠠᠪᠰᠢᠬᠤ ᠰᠢᠯᠭᠠᠯᠲᠠ ᠶᠢᠨ ᠠᠵᠢᠯ ᠤᠨ ᠵᠣᠬᠢᠶᠠᠨ | ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠭᠤᠤᠯ ᠴᠣᠭᠴᠠ ᠶᠢᠨ ᠬᠠᠷᠢᠭᠤᠴᠠᠯᠭ᠎ᠠ ᠶᠢ ᠱᠠᠲᠤ ᠱᠠᠲᠤ ᠪᠠᠷ ᠨᠠᠶᠢᠳᠠᠪᠤᠷᠢᠵᠢᠭᠤᠯᠵᠤ᠂ ᠭᠤᠤᠯ | ᠬᠠᠷᠢᠭᠤᠴᠠᠯᠭᠠᠲᠠᠨ ᠨᠢᠭᠡᠳᠦᠭᠡᠷ ᠹᠷᠣᠨᠲ ᠲᠤ ᠭᠦᠨᠵᠡᠭᠡᠶᠢᠷᠡᠨ ᠵᠢᠯᠣᠭᠤᠳᠴᠤ᠂ ᠦᠪᠡᠷ ᠲᠡᠭᠡᠨ ᠵᠤᠬᠢᠴᠠᠭᠤᠯᠤᠨ ᠱᠠᠯᠠᠪᠳᠠᠭᠤᠯᠤᠨ ᠪᠠᠶᠢᠴᠠᠭᠠᠵᠤ᠂ ᠲᠤᠰ ᠭᠠᠵᠠᠷ | ᠤᠨ ᠨᠠᠮ ᠤᠨ ᠬᠤᠷᠢᠶ᠎ᠠ ᠵᠠᠰᠠᠭ ᠤᠨ ᠣᠷᠳᠣᠨ ᠳᠤ ᠬᠠᠷᠢᠭᠤ ᠮᠡᠳᠡᠬᠦᠯᠵᠦ᠂ ᠪᠠᠰᠠ ᠴᠠᠭ ᠲᠤᠬᠠᠶ ᠳᠤᠨᠢ ᠬᠤᠲᠠ ᠶᠢᠨ ᠰᠤᠷᠭᠠᠨ ᠬᠥᠮᠥᠵᠢᠯ ᠤᠨ ᠲᠣᠪᠴᠢᠶ᠎ᠠ ᠳᠤ | ᠬᠠᠷᠢᠭᠤ ᠮᠡᠳᠡᠭᠦᠯᠬᠦ ᠬᠡᠷᠡᠭᠲᠡᠶ᠃ ᠡᠯ᠎ᠡ ᠬᠤᠰᠢᠭᠤ ᠰᠢᠶᠠᠨ ᠲᠣᠭᠤᠷᠢᠭ᠂ ᠡᠯ᠎ᠡ ᠰᠤᠷᠭᠠᠭᠤᠯᠢ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠭᠦᠢᠴᠡᠳᠬᠡᠬᠦ | ᠤᠬᠠᠮᠰᠠᠷ ᠢᠶᠠᠨ ᠴᠢᠩᠭᠠᠳᠬᠠᠬᠤ ᠶᠢᠨ ᠬᠠᠮᠲᠤ᠂ ᠥᠨᠳᠥᠷ ᠳᠤᠮᠳᠠᠳᠤ ᠳᠤ ᠳᠠᠪᠰᠢᠬᠤ ᠰᠢᠯᠭᠠᠯᠲᠠ ᠳᠤ ᠣᠷᠣᠯᠴᠠᠬᠤ ᠪᠠᠭᠰᠢ᠂ ᠠᠵᠢᠯᠲᠠᠳ ᠲᠤ ᠱᠠᠲᠤ ᠱᠠᠲᠤ ᠪᠠᠷ | ᠪᠣᠳᠠᠲᠠᠶᠢᠵᠢᠭᠤᠯᠵᠤ᠂ ᠰᠢᠯᠭᠠᠯᠲᠠ ᠠᠴᠠ ᠡᠮᠦᠨ᠎ᠡ᠂ ᠪᠤᠢ ᠪᠦᠬᠦᠢ ᠬᠥᠮᠦᠰ ᠲᠤ ᠰᠢᠯᠭᠠᠯᠲᠠ ᠶᠢᠨ ᠰᠠᠬᠢᠯᠭ᠎ᠠ ᠪᠠᠲᠤ ᠪᠠ ᠲᠤᠬᠠᠶᠢᠯᠠᠭᠰᠠᠨ ᠠᠵᠢᠯ ᠤᠨ ᠪᠣᠯᠪᠠᠰᠤᠷᠠᠯ | ᠬᠦᠷᠳᠡᠬᠡᠵᠦ᠂ ᠬᠠᠷᠢᠭᠤᠴᠠᠯᠭ᠎ᠠ ᠶᠢᠨ ᠪᠢᠴᠢᠭ ᠲᠣᠭᠲᠠᠵᠤ᠂ ᠠᠵᠢᠯᠲᠠᠨ ᠪᠣᠯᠤᠨ ᠰᠢᠯᠭᠠᠯᠲᠠ ᠬᠢᠨᠠᠭᠴᠢ ᠪᠠᠭᠰᠢ ᠨᠠᠷ ᠤᠨ ᠲᠤᠰᠢᠶᠠᠯ ᠬᠠᠷᠢᠭᠤᠴᠠᠯᠭ᠎ᠠ ᠪᠠᠨ | ᠴᠢᠩᠭ᠎ᠠ ᠰᠠᠬᠢᠬᠤ ᠶᠢ ᠱᠠᠯᠠᠪᠳᠠᠭᠤᠯᠵᠤ᠂ ᠰᠢᠯᠭᠠᠯᠲᠠ ᠶᠢᠨ ᠶᠠᠪᠤᠳᠠᠯ ᠤᠨ ᠵᠢᠷᠤᠮᠵᠢᠯ ᠢ ᠴᠢᠩᠭ᠎ᠠ ᠬᠡᠷᠡᠭᠵᠢᠭᠦᠯᠵᠦ᠂ ᠬᠤᠪᠢ ᠲᠣᠭᠲᠠᠭᠠᠬᠤ ᠪᠠᠷᠢᠮᠵᠢᠶ᠎ᠠ ᠶᠢ | ᠨᠢᠭᠡᠳᠬᠡᠵᠦ᠂ ᠰᠢᠯᠭᠠᠯᠲᠠ ᠶᠢᠨ ᠡᠷᠬᠡ ᠲᠡᠭᠰᠢ ᠲᠥᠪ ᠭᠤᠤᠯᠴᠢ ᠪᠠᠶᠢᠬᠤ ᠶᠢ ᠦᠨᠡᠨ ᠬᠦ ᠪᠠᠲᠤᠯᠠᠬᠤ ᠪᠣᠯᠣᠨ᠎ᠠ᠃ | ᠬᠤᠲᠠ ᠶᠢᠨ ᠰᠤᠷᠭᠠᠨ ᠬᠥᠮᠥᠵᠢᠯ ᠤᠨ ᠲᠣᠪᠴᠢᠶ᠎ᠠ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ | ᠬᠠᠷᠢᠭᠤᠴᠠᠯᠭᠠᠲᠠᠨ ᠠᠴᠠ᠄ ︽ᠥᠨᠳᠥᠷ ᠳᠤᠮᠳᠠᠳᠤ ᠳᠤ ᠳᠠᠪᠰᠢᠬᠤ ᠰᠢᠯᠭᠠᠯᠲᠠ ᠶᠢᠨ ᠬᠤᠭᠤᠴᠠᠭᠠᠨ ᠳᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ | ᠳᠤᠭᠤᠶᠢᠯᠠᠩ ᠠᠴᠠ ᠡᠯ᠎ᠡ ᠬᠤᠰᠢᠭᠤ ᠰᠢᠶᠠᠨ ᠲᠣᠭᠤᠷᠢᠭ᠂ ᠡᠯ᠎ᠡ ᠰᠤᠷᠭᠠᠭᠤᠯᠢ ᠶᠢᠨ ᠥᠨᠳᠥᠷ ᠳᠤᠮᠳᠠᠳᠤ ᠳᠤ ᠳᠠᠪᠰᠢᠬᠤ ᠰᠢᠯᠭᠠᠯᠲᠠ ᠶᠢᠨ ᠠᠵᠢᠯ ᠳᠤ ᠬᠢᠨᠠᠯᠲᠠ | ᠲᠠᠯᠪᠢᠵᠤ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠰᠢᠯᠭᠠᠯᠲᠠ ᠶᠢᠨ ᠰᠤᠷᠲᠠᠯ ᠰᠠᠬᠢᠯᠭ᠎ᠠ ᠪᠠᠲᠤ ᠶᠢᠨ ᠠᠵᠢᠯ ᠤᠨ ᠪᠦᠬᠦ ᠶᠠᠪᠤᠴᠠ ᠳᠤ ᠬᠢᠨᠠᠯᠲᠠ ᠳᠠᠯᠪᠢᠵᠤ | ᠂ ᠰᠠᠬᠢᠯᠭ᠎ᠠ ᠪᠠᠲᠤ ᠶᠢ ᠵᠥᠷᠢᠴᠡᠵᠦ ᠬᠡᠮ ᠬᠢᠬᠦ ᠶᠢ ᠡᠷᠡᠰ ᠬᠤᠷᠢᠭᠯᠠᠨ᠎ᠠ︾ ᠭᠡᠪᠡ᠃ |