ᠰᠢᠨ᠎ᠡ ᠬᠤᠲᠠ ᠲᠣᠭᠤᠷᠢᠭ 2020 ᠣᠨ ᠤ ᠭᠤᠷᠪᠠᠳᠤᠭᠠᠷ ᠣᠳᠠᠭᠠᠨ ᠤ ᠦᠷᠢᠲᠦᠭᠰᠡᠨ ᠢ ᠵᠠᠰᠠᠵᠤ ᠥᠭᠬᠦ ᠶᠢ ᠪᠠᠲᠤᠯᠠᠬᠤ ᠠᠵᠢᠯ ᠢ ᠠᠬᠢᠭᠤᠯᠬᠤ ᠬᠠᠷᠢᠭᠤ ᠮᠡᠳᠡᠭᠦᠯᠦᠯᠲᠡ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020-07-20
      ᠦᠷᠢᠲᠦᠭᠰᠡᠨ ᠢ ᠵᠠᠰᠠᠵᠤ ᠥᠭᠬᠦ ᠶᠢ ᠪᠠᠲᠤᠯᠠᠬᠤ ᠠᠵᠢᠯ ᠢ ᠭᠦᠨᠵᠡᠭᠡᠶ ᠯᠠᠪᠳᠠᠭᠤᠨ ᠪᠠᠲᠤᠲᠠᠶ ᠰᠠᠶᠢᠲᠤᠷ ᠬᠢᠬᠦ ᠶᠢᠨ ᠲᠥᠯᠥᠭᠡ᠂ ᠰᠢᠨ᠎ᠡ ᠬᠤᠲᠠ ᠲᠣᠭᠤᠷᠢᠭ ᠦᠷᠢᠲᠦᠭᠰᠡᠨ ᠢ ᠵᠠᠰᠠᠵᠤ ᠥᠭᠬᠦ ᠶᠢ ᠪᠠᠲᠤᠯᠠᠬᠤ ᠠᠵᠢᠯ ᠤᠨ ᠲᠤᠰᠬᠠᠶ ᠵᠠᠳᠠᠯᠤᠯᠲᠠ ᠶᠢᠨ ᠬᠠᠷᠢᠭᠤ ᠮᠡᠳᠡᠭᠦᠯᠦᠯᠲᠡ ᠶᠢᠨ ᠬᠤᠷᠠᠯ ᠬᠤᠷᠠᠯᠳᠤᠭᠤᠯᠵᠤ᠂ ᠬᠤᠷᠠᠯ ᠢ ᠵᠠᠰᠠᠭ ᠤᠨ ᠣᠷᠳᠣᠨ ᠤ ᠳᠡᠳ᠋ ᠳᠠᠷᠤᠭ᠎ᠠ ᠸᠠᠩ ᠶᠠᠨ ᠵᠢᠶᠦ᠋ᠨ ᠡᠷᠬᠢᠯᠡᠵᠦ᠂ ᠲᠤᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠤᠳᠤᠷᠢᠳᠬᠤ ᠪᠠᠭ ᠤᠨ ᠪᠦᠷᠢᠯᠳᠦᠬᠦᠨ᠂ ᠬᠥᠳᠡᠯᠮᠦᠷᠢ ᠪᠠᠲᠤᠯᠠᠭ᠎ᠠ ᠶᠢᠨ ᠬᠢᠨᠠᠨ ᠪᠠᠶᠢᠴᠠᠭᠠᠬᠤ ᠠᠩᠭᠢ ᠶᠢᠨ ᠪᠥᠬᠦ ᠺᠠᠳ᠋ᠷ ᠬᠤᠷᠠᠯ ᠳᠤ ᠣᠷᠣᠯᠴᠠᠪᠠ᠃      ᠬᠤᠷᠠᠯ ᠠᠴᠠ ᠲᠣᠭᠤᠷᠢᠭ ᠤᠨ ᠬᠥᠳᠡᠯᠮᠦᠷᠢ ᠪᠠᠲᠤᠯᠠᠭ᠎ᠠ ᠶᠢᠨ ᠬᠢᠨᠠᠨ ᠪᠠᠶᠢᠴᠠᠭᠠᠬᠤ ᠠᠩᠭᠢ ᠶᠢᠨ ᠬᠠᠷᠢᠭᠤᠴᠠᠯᠭᠠᠲᠠᠨ ᠤ ᠳᠡᠭᠡᠷ᠎ᠡ ᠬᠠᠭᠠᠰ ᠵᠢᠯ ᠤᠨ ᠬᠥᠯᠥᠰᠥᠨ ᠠᠵᠢᠯᠴᠢᠨ ᠤ ᠴᠠᠯᠢᠩ ᠤᠨ ᠬᠡᠷᠡᠭ ᠢ  ᠰᠢᠢᠳᠪᠦᠷᠢᠯᠡᠭᠰᠡᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠪᠠ᠃ ᠡᠭᠦᠨ ᠤ ᠬᠠᠮᠲᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠲᠣᠰ ᠠᠵᠢᠯ ᠢ ᠳᠥᠯᠭᠢᠨ ᠠᠬᠢᠭᠤᠯᠬᠤ ᠳᠤ ᠣᠷᠣᠰᠢᠵᠤ ᠪᠠᠶᠢᠭ᠎ᠠ ᠠᠰᠠᠭᠤᠳᠠᠯ ᠪᠠ ᠲᠠᠷᠠᠭᠠᠴᠢ ᠶᠢᠨ ᠠᠯᠬᠤᠮ ᠤᠨ ᠠᠵᠢᠯ ᠤᠨ ᠲᠦᠯᠦᠪᠯᠡᠭᠡ ᠶᠢ ᠰᠣᠨᠣᠰᠪᠠ᠃
     ᠬᠤᠷᠠᠯ ᠠᠴᠠ ᠵᠢᠭᠠᠵᠤ ᠭᠠᠷᠭᠠᠭᠰᠠᠨ ᠨᠢ᠂ ᠲᠤᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠨᠢ ᠦᠷᠢᠲᠦᠭᠰᠡᠨ ᠢ ᠵᠠᠰᠠᠵᠤ ᠥᠭᠬᠦ ᠶᠢ ᠪᠠᠲᠤᠯᠠᠬᠤ ᠶᠢᠨ ᠲᠦᠷᠦᠭᠦᠯᠡᠬᠦ ᠰᠠᠯᠠᠭ᠎ᠠ ᠮᠥᠴᠢᠷ ᠪᠣᠯᠤᠭᠰᠠᠨ ᠤ ᠬᠤᠪᠢ ᠳᠤ ᠲᠦᠷᠦᠭᠦᠯᠡᠨ ᠶᠡᠷᠦᠩᠬᠡᠶ ᠶᠢ ᠠᠳᠬᠤᠬᠤ  ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠬᠦᠯᠦᠰᠦᠨ ᠠᠵᠢᠯᠲᠠᠨ ᠤ ᠴᠠᠯᠢᠩ ᠢ ᠦᠨᠳᠦᠰᠦᠨ ᠠᠴᠠ ᠨᠢ ᠵᠠᠰᠠᠬᠤ ᠡᠯ᠎ᠡ ᠪᠦᠷᠢᠯᠳᠦᠬᠦᠨ ᠨᠢᠭᠡᠴᠡ ᠶᠢ ᠢᠳᠡᠪᠬᠢᠲᠡᠶ ᠵᠣᠬᠢᠴᠠᠭᠤᠯᠵᠤ᠂ ᠴᠢᠩᠭ᠎ᠠ ᠬᠦᠴᠦᠲᠡᠶ ︽ᠤᠭᠰᠠᠷᠠᠭ᠎ᠠ ᠴᠣᠬᠢᠯᠲᠠ︾ ᠬᠠᠲᠠᠭᠤ ᠴᠢᠩᠭ᠎ᠠ ᠠᠷᠭ᠎ᠠ ᠬᠡᠮᠵᠢᠶ᠎ᠡ ᠠᠪᠴᠤ ᠴᠠᠯᠢᠩ ᠥᠷᠢᠲᠦᠬᠦ ᠠᠰᠠᠭᠤᠳᠠᠯ ᠢ ᠵᠠᠰᠠᠵᠤ᠂ ᠴᠠᠯᠢᠩ ᠥᠷᠢᠲᠦᠬᠦ ᠠᠰᠠᠭᠤᠳᠠᠯ ᠢ ᠨᠢᠭᠡᠨ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠭᠠᠨ ᠲᠦᠷᠭᠡᠪᠴᠢᠯᠡᠨ ᠠᠬᠢᠭᠤᠯᠬᠤ ᠬᠡᠷᠡᠭᠲᠡᠢ᠃ ᠲᠤᠭᠤᠷᠢᠭ ᠤᠨ ᠬᠥᠳᠡᠯᠮᠦᠷᠢ ᠶᠢᠨ ᠬᠢᠨᠠᠨ ᠪᠠᠶᠢᠴᠠᠭᠠᠬᠤ ᠠᠩᠭᠢ ᠲᠥᠷᠥᠯ ᠬᠤᠪᠢᠶᠠᠨ ᠠᠷᠭ᠎ᠠ ᠪᠣᠳᠣᠯᠭ᠎ᠠ ᠠᠪᠴᠤ᠂ ᠴᠠᠯᠢᠩ ᠥᠷᠢᠲᠦᠭᠰᠡᠨ ᠬᠡᠷᠡᠭ ᠢ ᠦᠷᠭᠦᠯᠵᠢᠯᠡᠨ ᠲᠦᠷᠭᠡᠨ ᠰᠢᠢᠳᠪᠦᠷᠢᠯᠡᠵᠦ᠂ ᠡᠭᠦᠨ ᠤ ᠬᠠᠮᠲᠤ ᠳᠠᠯᠳᠠ ᠬᠡᠮ ᠢ ᠵᠢᠭᠰᠠᠭᠠᠨ ᠪᠠᠶᠢᠴᠠᠭᠠᠬᠤ ᠠᠵᠢᠯ ᠢ ᠥᠷᠨᠢᠭᠦᠯᠵᠦ᠂ ᠴᠠᠯᠢᠩ ᠥᠷᠢᠲᠦᠬᠦ ᠠᠰᠠᠭᠤᠳᠠᠯ ᠭᠠᠷᠬᠤ ᠶᠢ ᠤᠷᠢᠳᠴᠢᠯᠠᠨ ᠰᠡᠷᠭᠡᠶᠢᠯᠡᠬᠦ ᠬᠡᠷᠡᠭᠲᠡᠶ︔ ᠦᠯᠡᠳᠡᠭᠳᠡᠵᠦ ᠢᠷᠡᠭᠰᠡᠨ ᠠᠰᠠᠭᠤᠳᠠᠯ ᠳᠤ ᠨᠠᠷᠢᠨ ᠳᠠᠩᠰᠠ ᠮᠠᠶ᠋ᠢᠭ ᠤᠨ ᠬᠠᠮᠢᠶᠠᠷᠤᠯᠲᠠ ᠬᠢᠵᠦ᠂ ᠴᠠᠯᠢᠩ ᠥᠷᠢᠲᠦᠬᠦ ᠬᠡᠷᠡᠭ ᠢ ᠴᠢᠩᠭ᠎ᠠ ᠠᠩᠬᠠᠷᠴᠤ᠂ ᠴᠠᠯᠢᠩ ᠥᠷᠢᠲᠦᠬᠦ ᠭᠤᠤᠯ ᠴᠣᠭᠴᠠ ᠶᠢ ᠲᠣᠭᠲᠠᠭᠠᠵᠤ᠂ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠢ ᠲᠣᠳᠣᠷᠬᠠᠶᠢᠯᠠᠨ᠂ ᠬᠠᠷᠢᠶ᠎ᠠ ᠲᠤᠭᠤᠷᠢᠭ ᠤᠨ ᠴᠠᠯᠢᠩ ᠥᠷᠢᠲᠦᠬᠦ ᠬᠡᠷᠡᠭ ᠢ ᠦᠨᠡᠨᠬᠦ ᠥᠨᠳᠥᠷ ᠪᠦᠲᠦᠮᠵᠢᠲᠡᠶ ᠰᠢᠢᠳᠪᠦᠷᠢᠯᠡᠬᠦ ᠬᠡᠷᠡᠭᠲᠡᠢ ᠭᠡᠪᠡ᠃      ᠳᠠᠷᠠᠭ᠎ᠠ ᠠᠯᠬᠤᠮ ᠳᠤ᠂ ᠲᠤᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶᠠᠨ ᠤ ᠬᠦᠳᠡᠯᠮᠦᠷᠢ ᠶᠢᠨ ᠬᠢᠨᠠᠨ ᠪᠠᠶᠢᠴᠠᠭᠠᠯᠲᠠ ᠶᠢᠨ ᠶᠡᠭᠡ ᠠᠩᠭᠢ ᠲᠤᠰ ᠤᠳᠠᠭᠠᠨ ᠤ ᠲᠤᠰᠬᠠᠶ ᠵᠠᠳᠠᠯᠤᠯᠲᠠ ᠶᠢᠨ ᠬᠠᠷᠢᠭᠤ ᠮᠡᠳᠡᠭᠦᠯᠦᠯᠲᠡ ᠶᠢᠨ ᠬᠤᠷᠠᠯ ᠢᠶᠠᠷ ᠲᠣᠬᠢᠶᠠᠯ ᠪᠤᠯᠭᠠᠵᠤ᠂ ᠬᠡᠷᠡᠭ ᠢ  ᠰᠢᠢᠳᠪᠦᠷᠢᠯᠡᠬᠦ ᠲᠠᠯ᠎ᠠ ᠪᠠᠷ ᠪᠣᠳᠠᠲᠠᠶ ᠠᠷᠭ᠎ᠠ ᠭᠠᠷᠭᠠᠵᠤ ᠪᠣᠳᠠᠲᠠᠶ ᠦᠷ᠎ᠡ ᠪᠦᠲᠦᠮᠵᠢ ᠣᠯᠵᠤ᠂ ᠠᠵᠢᠯ ᠤᠨ ᠠᠷᠭ᠎ᠠ ᠬᠡᠮᠵᠢᠶ᠎ᠡ ᠶᠢᠨ ᠲᠠᠯ᠎ᠠ ᠪᠠᠷ ᠳᠠᠬᠢᠨ ᠴᠢᠩᠭᠠᠳᠬᠠᠨ ᠨᠠᠷᠢᠯᠢᠭᠵᠢᠭᠤᠯᠵᠤ᠂ ᠬᠡᠷᠡᠭ ᠢ ᠰᠢᠢᠳᠪᠦᠷᠢᠯᠡᠵᠦ ᠳᠠᠭᠤᠰᠬᠠᠬᠤ ᠨᠣᠷᠮ᠎ᠠ ᠢᠶᠠᠨ ᠳᠡᠭᠡᠭᠰᠢᠯᠡᠭᠦᠯᠬᠦ ᠳᠡᠭᠡᠷ᠎ᠡ ᠬᠦᠴᠦ ᠲᠠᠯᠪᠢᠵᠤ᠂ ᠬᠦᠴᠢᠷ ᠲᠦᠪᠡᠭᠲᠡᠶ ᠬᠡᠷᠡᠭ ᠢ ᠰᠢᠢᠳᠪᠦᠷᠢᠯᠡᠬᠦ ᠲᠠᠯ᠎ᠠ ᠪᠠᠷ ᠢᠯᠡᠳᠲᠡ ᠳᠡᠭᠡᠭᠰᠢᠯᠡᠭᠦᠯᠦᠨ᠎ᠡ᠃
 
ᠢᠷᠡᠯᠲᠡ᠄ ᠰᠢᠨ᠎ᠡ ᠬᠤᠲᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号