ᠪᠦᠬᠦ ᠬᠤᠲᠠ ᠶᠢᠨ ᠤᠶᠤᠨᠳᠤ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠲᠤᠰᠬᠠᠶ ᠰᠡᠳᠦᠪᠲᠦ ᠰᠤᠷᠤᠯᠴᠠᠵᠤ ᠰᠤᠳᠤᠯᠤᠨ ᠶᠠᠷᠢᠯᠴᠠᠬᠤ ᠠᠩᠭᠢ ᠳ᠋ᠦᠩᠨᠡᠯᠲᠡ ᠶᠢᠨ ᠶᠡᠭᠡ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020-07-20
      ᠸᠠᠩ ᠯᠢ ᠰᠢᠶᠠ  ᠵᠠᠩ ᠪᠠᠢ ᠴᠧᠩ  ᠶᠦᠨ ᠵᠢᠶᠠᠨ ᠳ᠋ᠦᠩ  ᠰᠦᠨ ᠵᠢᠶᠠᠨ ᠬᠤᠸᠠ  ᠯᠦᠸᠧ ᠴᠢᠩ         ᠣᠷᠣᠯᠴᠠᠪᠠ       ᠬᠦᠬᠡᠬᠤᠲᠠ ᠶᠢᠨ ᠡᠳᠦᠷ ᠤᠨ ᠰᠣᠨᠢᠨ ᠤ ᠮᠡᠳᠡᠭᠡ ︵ᠠᠬᠠᠯᠠᠭᠴᠢ ᠰᠤᠷᠪᠤᠯᠵᠢᠯᠠᠭᠴᠢ ᠯᠢ ᠬᠠᠢ ᠵᠧᠨ  ᠰᠤᠷᠪᠤᠯᠵᠢᠯᠠᠭᠴᠢ ᠶᠦᠨ ᠵᠢᠩ︶ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠤᠷᠤᠯᠴᠠᠭᠰᠠᠨ ᠦᠷ᠎ᠡ ᠪᠦᠲᠦᠭᠡᠯ ᠢᠶᠠᠨ ᠬᠢᠨᠠᠮᠠᠭᠠᠶ ᠳ᠋ᠦᠩᠨᠡᠬᠦ ᠶᠢᠨ ᠲᠥᠯᠥᠭᠡ᠂ 7 ᠳ᠋ᠤᠭᠠᠷ ᠰᠠᠷ᠎ᠠ ᠶᠢᠨ 19 ᠤ ᠡᠳᠦᠷ ᠤᠨ ᠦᠳᠡ ᠶᠢᠨ ᠬᠤᠶᠢᠨ᠎ᠠ᠂ ᠪᠦᠬᠦ ᠰᠤᠷᠤᠯᠴᠠᠯᠭ᠎ᠠ ᠪᠠ ᠰᠤᠳᠤᠯᠤᠨ ᠶᠠᠷᠢᠯᠴᠠᠬᠤ ᠪᠠᠨ ᠲᠠᠭᠤᠰᠬᠠᠭᠰᠠᠨ ᠤ ᠳᠠᠷᠠᠭ᠎ᠠ᠂ ᠪᠦᠬᠦ ᠬᠤᠲᠠ ᠶᠢᠨ ᠤᠶᠤᠨᠲᠤ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠲᠤᠰᠬᠠᠢ ᠰᠡᠳᠦᠪᠲᠦ ᠰᠤᠷᠤᠯᠴᠠᠵᠤ ᠰᠤᠳᠤᠯᠤᠨ ᠶᠠᠷᠢᠯᠴᠠᠬᠤ ᠠᠩᠭᠢ ᠳ᠋ᠦᠩᠨᠡᠯᠲᠡ ᠶᠢᠨ ᠶᠡᠭᠡ ᠬᠤᠷᠠᠯ ᠬᠤᠷᠠᠯᠳᠤᠭᠤᠯᠵᠤ᠂ ᠪᠦᠬᠦ ᠬᠤᠲᠠ ᠶᠢᠨ ᠲᠡᠭᠡᠳᠦ ᠳᠣᠣᠷᠠᠳᠤ ᠱᠠᠲᠤᠨ ᠤ ᠬᠢᠨ ᠤ ᠦᠵᠡᠯ ᠰᠠᠨᠠᠭ᠎ᠠ ᠪᠠᠨ ᠨᠢᠭᠡᠳᠬᠡᠨ᠂ ᠢᠲᠡᠭᠡᠯ ᠵᠣᠷᠢᠭ ᠢᠶᠠᠨ ᠪᠠᠲᠤᠳᠬᠠᠵᠤ᠂ ᠮᠠᠨ ᠤ ᠬᠤᠲᠠ ᠶᠢᠨ ᠤᠶᠤᠨᠲᠤ ᠬᠤᠲᠠ ᠶᠢᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠲᠦᠯᠬᠢᠨ ᠠᠬᠢᠭᠤᠯᠬᠤ ᠶᠢ ᠤᠯᠠᠮ ᠨᠢᠭᠡ ᠠᠯᠬᠤᠮ ᠲᠠᠶᠢᠴᠢᠯᠠᠪᠠ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠯᠢ ᠰᠢᠶᠠ ᠳ᠋ᠦᠩᠨᠡᠯᠲᠡ ᠶᠢᠨ ᠶᠡᠭᠡ ᠬᠤᠷᠠᠯ ᠳᠤ ᠣᠷᠣᠯᠴᠠᠪᠠ᠃      ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ ᠵᠠᠩ ᠪᠠᠢ ᠴᠧᠩ ᠳ᠋ᠦᠩᠨᠡᠯᠲᠡ ᠬᠢᠵᠦ ᠳᠠᠶᠢᠴᠢᠯᠠᠬᠤ ᠶᠠᠷᠢᠶ᠎ᠠ ᠲᠠᠯᠪᠢᠪᠠ᠃      ᠵᠠᠩ ᠪᠠᠢ ᠴᠧᠩ ᠪᠥᠬᠦ ᠬᠤᠲᠠ ᠶᠢᠨ ᠤᠶᠤᠨᠲᠤ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠲᠤᠰᠬᠠᠶ ᠰᠡᠳᠦᠪᠲᠦ ᠰᠤᠷᠤᠯᠴᠠᠵᠤ ᠰᠤᠳᠤᠯᠤᠨ ᠶᠠᠷᠢᠯᠴᠠᠬᠤ ᠠᠩᠭᠢ ᠡᠷᠭᠢᠯᠡᠭᠰᠡᠨ ᠵᠣᠷᠢᠯᠭ᠎ᠠ᠂ ᠠᠴᠢ ᠬᠤᠯᠪᠣᠭᠳᠠᠯ ᠪᠠ ᠣᠨᠴᠠᠯᠢᠭ᠂ ᠣᠯᠤᠯᠲᠠ ᠶᠢ ᠳ᠋ᠦᠩᠨᠡᠪᠡ᠃ ᠲᠡᠷᠡ ᠵᠢᠭᠠᠵᠤ ᠭᠠᠷᠭᠠᠭᠰᠠᠨ ᠨᠢ᠂ ᠲᠤᠰ ᠤᠳᠠᠭᠠᠨ ᠤ ᠲᠤᠰᠬᠠᠶ ᠰᠡᠳᠦᠪᠲᠦ ᠰᠤᠷᠤᠯᠴᠠᠵᠤ ᠰᠤᠳᠤᠯᠤᠨ ᠶᠠᠷᠢᠯᠴᠠᠬᠤ ᠠᠩᠭᠢ ᠳᠤ ᠬᠢᠴᠢᠶᠡᠯ ᠤᠷᠤᠭᠰᠠᠨ ᠲᠤᠰᠬᠠᠶ  ᠮᠡᠷᠭᠡᠵᠢᠯᠲᠡᠳ  ᠪᠠᠶᠠᠯᠢᠭ ᠲᠤᠷᠰᠢᠯᠭ᠎ᠠ ᠲᠠᠢ᠂ ᠬᠢᠴᠢᠶᠡᠯ ᠤᠨ ᠠᠭᠤᠯᠭ᠎ᠠ ᠨᠢ ᠲᠦᠷᠦᠭᠦᠨ ᠤ ᠬᠢ ᠶᠢ ᠳᠠᠭᠠᠵᠤ᠂ ᠬᠢᠴᠢᠶᠡᠯ ᠤᠨ ᠲᠠᠩᠬᠢᠮ  ᠤᠨ ᠵᠢᠭᠠᠨ ᠰᠤᠷᠭᠠᠯᠳᠠ ᠨᠢ ᠠᠮᠢᠳᠤ ᠳᠦᠷᠰᠦᠯᠢᠭ᠂ ᠶᠠᠷᠢᠯᠴᠠᠭᠠᠨ ᠤ ᠠᠭᠤᠷ ᠠᠮᠢᠰᠬᠤᠯ ᠬᠥᠷ ᠬᠥᠭᠵᠢᠶᠡᠨ ᠲᠠᠢ ᠪᠠᠶᠢᠵᠤ᠂ ᠣᠯᠠᠨ ᠢᠶᠠᠷ ᠢᠶᠠᠨ ᠦᠵᠡᠯ ᠰᠠᠨᠠᠭ᠎ᠠ ᠪᠠᠨ ᠴᠢᠯᠦᠭᠡᠯᠡᠨ᠂ ᠬᠠᠷᠠᠭ᠎ᠠ  ᠪᠠᠨ ᠲᠡᠯᠡᠵᠦ᠂ ᠪᠠᠶᠢᠳᠠᠯ ᠢ ᠲᠣᠳᠣᠷᠬᠠᠶ ᠲᠠᠨᠢᠵᠤ᠂ ᠲᠥᠷᠥᠭᠳᠡᠯ ᠢᠶᠠᠨ ᠭᠦᠨᠵᠡᠭᠡᠶᠢᠷᠡᠭᠦᠯᠵᠦ᠂ ᠲᠠᠨᠢᠯᠲᠠ ᠪᠠᠨ ᠲᠡᠭᠡᠭᠰᠢᠯᠡᠭᠦᠯᠦᠨ᠂ ᠬᠠᠮᠲᠤ ᠶᠢᠨ ᠲᠠᠨᠢᠯᠲᠠ ᠶᠢ ᠪᠦᠷᠢᠯᠳᠦᠭᠦᠯᠵᠦ᠂ ᠲᠡᠷᠢᠭᠦᠨ ᠤ ᠬᠢ ᠲᠠᠢ ᠬᠠᠷᠢᠴᠠᠭᠤᠯᠵᠤ ᠵᠥᠷᠢᠶ᠎ᠡ ᠪᠠᠨ ᠡᠷᠢᠵᠦ  ᠤᠯᠤᠭᠠᠳ ᠵᠣᠷᠢᠭ ᠢᠶᠠᠨ ᠬᠥᠪᠴᠢᠯᠡᠵᠦ᠂ ᠢᠳᠡᠬᠡᠯ ᠢᠶᠠᠨ ᠪᠠᠳᠤᠳᠬᠠᠪᠠ ᠭᠡᠵᠡᠢ᠃      ᠵᠠᠩ ᠪᠠᠢ ᠴᠧᠩ ᠴᠢᠬᠤᠯᠠᠴᠢᠯᠠᠭᠰᠠᠨ ᠨᠢ᠂ ᠡᠨᠡ ᠵᠢᠯ ᠠᠴᠠ ᠨᠠᠭᠠᠰᠢ᠂ ᠢᠯᠠᠩᠭᠤᠶ᠎ᠠ ᠶᠡᠷᠦᠩᠬᠡᠶ ᠱᠦᠵᠢ ᠰᠢ ᠶᠢᠨ ᠫᠢᠩ ᠤᠨ ᠵᠧᠵᠢᠶᠠᠩ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠨᠢ ᠬᠤᠲᠠ ᠶᠢᠨ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠳᠤ ᠴᠢᠬᠤᠯᠠ ᠵᠢᠷᠤᠮᠯᠠᠯ ᠬᠠᠩᠭᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠲᠡᠷᠡ ᠳᠠᠷᠤᠶ ᠳᠤᠨᠢ ᠠᠵᠢᠯᠯᠠᠵᠤ᠂ ᠤᠶᠤᠨᠲᠤ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠪᠥᠬᠦ ᠲᠠᠯ᠎ᠠ ᠪᠠᠷ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠡᠨᠡ ᠵᠢᠯ ᠤᠨ 4  ᠳ᠋ᠤᠭᠡᠷ ᠰᠠᠷ᠎ᠠ ᠳᠤ ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ ᠶᠢᠨ ᠠᠵᠢᠯ ᠤᠨ ᠶᠠᠷᠢᠯᠴᠠᠬᠤ ᠬᠤᠷᠠᠯ ᠳᠡᠭᠡᠷ᠎ᠡ ᠲᠣᠳᠣᠷᠬᠠᠶ ᠵᠢᠭᠠᠵᠤ ᠭᠠᠷᠭᠠᠭᠰᠠᠨ ᠨᠢ᠂ ᠬᠥᠬᠡᠬᠤᠲᠠ ᠤᠶᠤᠨᠳᠤ ᠬᠤᠲᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠬᠦ ᠲᠠᠯ᠎ᠠ ᠪᠠᠷ ᠡᠮᠦᠨ᠎ᠡ ᠨᠢ ᠶᠠᠪᠤᠵᠤ᠂ ᠦᠯᠢᠭᠡᠷ ᠳᠠᠭᠤᠷᠢᠶᠠᠯ ᠪᠣᠯᠵᠤ᠂ ᠤᠶᠤᠨᠳᠤ ᠲᠥᠪ ᠬᠤᠲᠠ ᠶᠢ ᠪᠦᠬᠦ ᠬᠦᠴᠦᠨ ᠢᠶᠠᠷ ᠢᠶᠠᠨ ᠴᠣᠭᠴᠠᠯᠠᠨ ᠪᠠᠶᠢᠭᠤᠯᠵᠤ᠂ ᠲᠥᠪ ᠬᠤᠲᠠ ᠳᠤ  ᠠᠮᠢᠳᠤᠷᠠᠵᠤ  ᠪᠠᠶᠢᠭ᠎ᠠ ᠣᠯᠠᠨ ᠲᠦᠮᠡᠨ ᠢ ᠨᠠᠩ ᠥᠨᠳᠥᠷ ᠬᠠᠨᠤᠮᠵᠢ ᠶᠢᠨ ᠬᠡᠮᠵᠢᠶ᠎ᠡ᠂ ᠨᠠᠩ  ᠶᠡᠭᠡ ᠬᠦᠷᠲᠡᠮᠵᠢ ᠶᠢᠨ ᠲᠦᠷᠦᠭᠳᠡᠯ ᠲᠠᠢ ᠪᠣᠯᠭᠠᠬᠤ ᠬᠡᠷᠡᠭᠲᠡᠢ ᠭᠡᠵᠡᠢ ᠃ ᠪᠦᠬᠦ ᠬᠤᠲᠠ ᠳᠠᠶᠠᠭᠠᠷ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ ᠰᠢᠢᠳᠪᠦᠷᠢᠳᠦ  ᠪᠣᠳᠣᠯᠭ᠎ᠠ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠰᠠᠶᠢᠳᠤᠷ ᠡᠵᠡᠮᠳᠡᠵᠦ ᠂ ᠦᠵᠦ ᠲᠥᠯᠥᠪᠯᠡᠭᠡ ᠶᠢ ᠤᠷᠢᠳᠠᠪᠠᠷ ᠰᠠᠶᠢᠲᠤᠷ ᠠᠳᠬᠤᠵᠤ᠂ ᠤᠶᠤᠨᠲᠤ ᠬᠤᠳᠠ ᠶᠢᠨ ᠪᠦᠳᠦᠭᠡᠨ ᠪᠠᠶᠢᠭᠤᠯᠤᠯᠲᠠ ᠶᠢᠨ ᠰᠠᠭᠤᠷᠢ ᠶᠢ ᠪᠦᠬᠦ ᠲᠠᠯ᠎ᠠ ᠪᠠᠷ ᠪᠠᠬᠢᠵᠢᠭᠦᠯᠵᠦ᠂ ᠭᠤᠤᠯᠳᠠᠯᠭ᠎ᠠ ᠲᠠᠢ ᠬᠦᠷᠢᠶᠡᠨ ᠤ ᠬᠡᠷᠡᠭᠯᠡᠯᠲᠡ ᠶᠢ ᠲᠦᠷᠭᠡᠳᠭᠡᠨ ᠠᠬᠢᠭᠤᠯᠬᠤ ᠬᠡᠷᠡᠭᠲᠡᠢ᠃ ᠤᠶᠤᠨᠳᠤ ᠬᠤᠲᠠ ᠶᠢᠨ ᠪᠦᠲᠦᠭᠡᠨ ᠪᠠᠶᠢᠭᠤᠯᠤᠯᠲᠠ ᠶᠢ ᠣᠳᠣᠬᠠᠨ ᠤ ᠠᠰᠠᠭᠤᠳᠠᠯ ᠬᠠᠮᠤᠭ ᠠᠴᠠ ᠠᠷᠪᠢᠨ᠂  ᠪᠠᠴᠢᠮ ᠰᠠᠶᠢᠵᠢᠷᠠᠭᠤᠯᠤᠨ ᠴᠢᠩᠭᠠᠳᠬᠠᠬᠤ ᠴᠢᠬᠤᠯᠠᠲᠠᠶ ᠭᠤᠤᠯᠳᠠᠯᠭ᠎ᠠ ᠲᠠᠢ ᠠᠵᠢᠯ ᠤᠨ ᠲᠠᠯᠠᠪᠠᠶ ᠶᠢᠨ ᠪᠦᠲᠦᠭᠡᠨ ᠪᠠᠶᠢᠭᠤᠯᠤᠯᠲᠠ ᠳᠡᠭᠡᠷ᠎ᠡ ᠲᠥᠪᠯᠡᠷᠡᠭᠦᠯᠵᠦ᠂ ᠤᠶᠤᠨᠲᠤ ᠵᠠᠮ ᠬᠠᠷᠢᠯᠴᠠᠭ᠎ᠠ᠂ ᠤᠶᠤᠨᠲᠤ ᠵᠠᠰᠠᠭ ᠤᠨ ᠶᠠᠪᠤᠳᠠᠯ᠂ ᠤᠶᠤᠨᠲᠤ ᠬᠤᠲᠠ ᠶᠢᠨ ᠬᠠᠮᠢᠶᠠᠷᠤᠯᠲᠠ᠂ ᠤᠶᠤᠨᠲᠤ ᠣᠷᠴᠢᠨ ᠲᠣᠭᠤᠷᠢᠨ ᠤ ᠬᠠᠮᠠᠭᠠᠯᠠᠯᠲᠠ᠂ ᠤᠶᠤᠨᠲᠤ ᠰᠣᠶᠣᠯ ᠵᠢᠭᠤᠯᠴᠢᠯᠠᠯ᠂ ᠤᠶᠤᠨᠲᠤ ᠡᠮᠴᠢᠯᠡᠭᠡ᠂ ᠤᠶᠤᠨᠲᠤ ᠨᠡᠶᠢᠭᠡᠮ ᠲᠣᠭᠤᠷᠢᠭ᠂ ᠤᠶᠤᠨᠲᠤ ᠰᠤᠷᠭᠠᠨ ᠬᠥᠮᠦᠵᠢᠯ ᠪᠠ ᠤᠶᠤᠨᠲᠤ ᠨᠡᠶᠢᠭᠡᠮ ᠤᠨ ᠵᠠᠰᠠᠯᠲᠠ ᠵᠡᠷᠭᠡ ᠭᠤᠤᠯᠳᠠᠯᠭ᠎ᠠ ᠲᠠᠢ ᠬᠦᠷᠢᠶᠡᠨ ᠤ ᠬᠡᠷᠡᠭᠯᠡᠯᠲᠡ ᠶᠢ ᠲᠦᠷᠭᠡᠳᠭᠡᠬᠦ ᠬᠡᠷᠡᠭᠲᠡᠢ᠃ ᠤᠶᠤᠨᠳᠤ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢᠨ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠵᠦ᠂ ᠥᠪᠡᠷᠲᠡᠭᠡᠨ ᠵᠠᠰᠠᠬᠤ ᠣᠷᠣᠨ ᠤ ᠤᠶᠤᠨᠲᠤ ᠬᠤᠲᠠ ᠶᠢᠨ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠲᠠᠢ ᠨᠢᠭᠲᠠ ᠵᠣᠯᠭᠠᠭᠤᠯᠵᠤ᠂ ᠲᠡᠰᠪᠦᠷᠢ ᠬᠠᠳᠠᠭᠤᠵᠢᠯᠲᠠᠢ ᠲᠡᠮᠡᠴᠡᠬᠦ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠤᠨ᠂ ᠴᠠᠭ ᠢ ᠠᠮᠵᠢᠨ ᠡᠷᠡᠰ ᠰᠢᠭᠤᠷᠬᠠᠢ ᠪᠠᠷ ᠤᠷᠤᠭᠰᠢᠯᠠᠵᠤ᠂ ᠵᠠᠮ ᠨᠡᠭᠡᠭᠡᠨ ᠰᠢᠨ᠎ᠡ ᠶᠢ ᠡᠭᠦᠳᠴᠦ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠲᠥᠪ  ᠬᠤᠲᠠ ᠶᠢᠨ ᠤᠶᠤᠨᠲᠤ ᠬᠤᠳᠠ ᠶᠢᠨ ᠪᠦᠳᠦᠭᠡᠨ ᠪᠠᠶᠢᠭᠤᠯᠤᠯᠲᠠ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠢ ᠭᠡᠵᠡᠢ᠃      ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠶᠦᠨ ᠵᠢᠶᠠᠨ ᠳ᠋ᠦᠩ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠰᠦᠨ ᠵᠢᠶᠠᠨ ᠬᠤᠸᠠ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠡᠳ᠋ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ  ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠯᠦᠸᠧ ᠴᠢᠩ ᠵᠡᠷᠭᠡ ᠬᠤᠲᠠ ᠶᠢᠨ ᠱᠠᠲᠤᠨ ᠤ ᠤᠳᠤᠷᠢᠳᠤᠯᠭ᠎ᠠ ᠵᠢᠴᠢ ᠬᠤᠲᠠ ᠶᠢᠨ ᠬᠤᠯᠪᠤᠭᠳᠠᠯ ᠪᠥᠬᠦᠶ ᠭᠠᠵᠠᠷ ᠣᠷᠣᠨ ᠪᠠ ᠰᠠᠯᠠᠭ᠎ᠠ ᠮᠥᠴᠢᠷ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠨᠥᠬᠦᠳ ᠳ᠋ᠦᠩᠨᠡᠯᠲᠡ ᠶᠢᠨ ᠶᠡᠭᠡ ᠬᠤᠷᠠᠯ ᠳᠤ ᠣᠷᠣᠯᠴᠠᠪᠠ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号