ᠪᠦᠬᠦ ᠬᠤᠲᠠ ᠶᠢᠨ ᠤᠶᠤᠨᠲᠤ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠲᠤᠰᠬᠠᠶ ᠰᠡᠳᠦᠪᠲᠦ ᠰᠤᠷᠤᠯᠴᠠᠵᠤ ᠰᠤᠳᠤᠯᠤᠨ ᠶᠠᠷᠢᠯᠴᠠᠬᠤ ᠠᠩᠭᠢ ᠰᠤᠷᠤᠯᠭ᠎ᠠ ᠡᠬᠢᠯᠡᠪᠡ
ᠨᠡᠶᠢᠲᠡᠯᠡᠭᠰᠡᠨ ᠴᠠᠭ᠄
2020-07-20
         ᠸᠠᠩ ᠯᠢ ᠰᠢᠶᠠ  ᠶᠦᠨ ᠵᠢᠶᠠᠨ ᠳ᠋ᠦᠩ  ᠰᠦᠨ ᠵᠢᠶᠠᠨ ᠬᠤᠸᠠ  ᠯᠦᠸᠧ ᠴᠢᠩ  ᠾᠧ ᠬᠠᠢ ᠳ᠋ᠦᠩ ᠣᠷᠣᠯᠴᠠᠪᠠ      ᠬᠦᠬᠡᠬᠤᠲᠠ ᠶᠢᠨ ᠡᠳᠦᠷ ᠤᠨ ᠰᠣᠨᠢᠨ ᠤ ᠮᠡᠳᠡᠭᠡ ︵ ᠠᠬᠠᠯᠠᠭᠴᠢ ᠰᠤᠷᠪᠤᠯᠵᠢᠯᠠᠭᠴᠢ ᠯᠢ ᠬᠠᠢ ᠵᠧᠨ   ᠰᠤᠷᠪᠤᠯᠵᠢᠯᠠᠭᠴᠢ ᠶᠦᠨ ᠵᠢᠩ︶7 ᠳ᠋ᠤᠭᠠᠷ ᠰᠠᠷ᠎ᠠ ᠶᠢᠨ 18 ᠤ ᠡᠳᠦᠷ ᠤᠨ ᠦᠳᠡ ᠶᠢᠨ ᠡᠮᠦᠨ᠎ᠡ᠂ ᠬᠤᠶᠠᠷ ᠡᠳᠦᠷ ᠶᠠᠪᠤᠭᠳᠠᠬᠤ ᠪᠥᠬᠦ ᠬᠤᠲᠠ ᠶᠢᠨ ᠤᠶᠤᠨᠲᠤ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠲᠤᠰᠬᠠᠶ ᠰᠡᠳᠦᠪᠲᠦ ᠰᠤᠷᠤᠯᠴᠠᠵᠤ ᠰᠤᠳᠤᠯᠤᠨ ᠶᠠᠷᠢᠯᠴᠠᠬᠤ ᠠᠩᠭᠢ ᠬᠤᠲᠠ ᠶᠢᠨ ᠨᠠᠮ ᠤᠨ ᠬᠤᠷᠢᠶ᠎ᠠ ᠶᠢᠨ ᠨᠠᠮ ᠤᠨ ᠰᠤᠷᠭᠠᠭᠤᠯᠢ ᠳᠤ ᠰᠤᠷᠤᠯᠭ᠎ᠠ ᠡᠬᠢᠯᠡᠪᠡ᠂ ᠭᠤᠤᠯ ᠡᠭᠦᠷᠭᠡ ᠨᠢ ᠶᠡᠷᠦᠩᠬᠡᠶ ᠱᠦᠵᠢ ᠰᠢ ᠶᠢᠨ ᠫᠢᠩ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠥᠪᠥᠷ ᠮᠤᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠪᠠ ᠴᠢᠨᠠᠷ ᠰᠠᠶᠢᠲᠠᠢ ᠬᠥᠭᠵᠢᠯᠲᠡ ᠶᠢᠨ ᠣᠶᠢᠯᠠᠭᠠᠭᠳᠠᠬᠤᠨ ᠢ ᠨᠠᠶᠢᠳᠠᠪᠤᠷᠢᠵᠢᠭᠤᠯᠵᠤ᠂ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠨᠢᠭᠡᠳᠬᠡᠵᠦ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠰᠢᠨᠵᠢᠯᠡᠬᠦ ᠤᠬᠠᠭᠠᠨ ᠮᠡᠷᠭᠡᠵᠢᠯ ᠠᠴᠠ ᠦᠷ᠎ᠡ ᠪᠦᠲᠦᠮᠵᠢ ᠣᠯᠵᠤ᠂ ᠤᠶᠤᠨ ᠴᠢᠳᠠᠪᠤᠷᠢ ᠪᠠᠷ ᠵᠠᠰᠠᠯᠲᠠ ᠶᠠᠪᠤᠭᠤᠯᠵᠤ᠂ ᠲᠥᠪ ᠬᠤᠲᠠ ᠶᠢᠨ ᠤᠶᠤᠨᠲᠤ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠯᠢ ᠰᠢᠶᠠ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠶᠦᠨ ᠵᠢᠶᠠᠨ ᠳ᠋ᠦᠩ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠰᠦᠨ ᠵᠢᠶᠠᠨ ᠬᠤᠸᠠ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠡᠳ᠋ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠯᠦᠸᠧ ᠴᠢᠩ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠾᠧ ᠬᠠᠶ ᠳ᠋ᠦᠩ ᠵᠡᠷᠭᠡ ᠬᠤᠲᠠ ᠶᠢᠨ ᠱᠠᠲᠤᠨ ᠤ ᠤᠳᠤᠷᠢᠳᠤᠯᠭ᠎ᠠ ᠵᠢᠴᠢ ᠡᠯ᠎ᠡ ᠬᠤᠰᠢᠭᠤ ᠰᠢᠶᠠᠨ ᠲᠣᠭᠤᠷᠢᠭ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠡᠯ᠎ᠡ ᠬᠤᠯᠪᠤᠭᠳᠠᠯ ᠪᠥᠬᠦᠶ ᠰᠠᠯᠠᠭ᠎ᠠ ᠮᠥᠴᠢᠷ ᠪᠣᠯᠤᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠨᠥᠬᠦᠳ ᠲᠤᠰᠬᠠᠶ   ᠰᠡᠳᠦᠪ ᠢᠶᠠᠷ ᠰᠤᠷᠤᠯᠴᠠᠵᠤ ᠰᠤᠳᠤᠯᠤᠨ ᠶᠠᠷᠢᠯᠴᠠᠬᠤ ᠳᠤ ᠣᠷᠣᠯᠴᠠᠪᠠ᠃      ᠲᠤᠰ ᠤᠳᠠᠭᠠᠨ ᠤ ᠲᠤᠰᠬᠠᠶ ᠰᠡᠳᠦᠪᠲᠦ ᠰᠤᠷᠤᠯᠴᠠᠵᠤ ᠰᠤᠳᠤᠯᠤᠨ ᠶᠠᠷᠢᠯᠴᠠᠬᠤ ᠠᠩᠭᠢ ᠨᠢ ᠬᠠᠩᠵᠧᠦ ᠶᠢᠨ ᠤᠶᠤᠨᠲᠤ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠲᠤᠰᠬᠠᠶ ᠪᠦᠯᠬᠦᠮ ᠤᠨ ᠴᠧᠩ ᠶᠦᠨ ᠰᠢᠨᠵᠢᠯᠡᠬᠦ ᠤᠬᠠᠭᠠᠨ ᠮᠡᠷᠭᠡᠵᠢᠯ ᠤᠨ ᠴᠢ ᠲᠤᠤ᠂ ᠱᠧᠨ ᠶᠣᠣ᠂ ᠴᠧᠨ ᠭᠠᠩ ᠪᠣᠯᠤᠨ ᠬᠠᠩᠵᠧᠦ ᠬᠤᠲᠠ ᠶᠢᠨ ᠰᠢᠶᠠ ᠴᠧᠩ ᠲᠣᠭᠤᠷᠢᠭ ᠤᠨ ᠴᠤᠤ ᠮᠢᠩ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶᠠᠨ ᠤ ᠱᠦᠵᠢ ᠶᠢᠨ ᠯᠠᠩ 4 ᠲᠤᠰᠬᠠᠶ ᠮᠡᠷᠭᠡᠵᠢᠯᠲᠡᠨ ᠢ ᠣᠨᠴᠠ ᠤᠷᠢᠵᠤ ᠤᠶᠤᠨᠲᠤ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠲᠣᠭᠤᠷᠢᠨ ᠳᠤ ᠲᠤᠰᠪᠦᠷᠢ ︽ᠬᠠᠩᠵᠧᠦ ᠶᠢᠨ ᠬᠤᠲᠠ ᠶᠢᠨ ᠶᠡᠭᠡ ᠲᠠᠷᠢᠬᠢ ᠶᠢᠨ ᠰᠥᠪᠡᠭᠴᠢᠯᠡᠯᠲᠡ ᠪᠠ  ᠦᠢᠯᠡᠳᠦᠯᠭᠡ︾ ︽ᠬᠠᠩᠵᠧᠦ ᠶᠢᠨ ᠬᠤᠲᠠ ᠶᠢᠨ ᠶᠡᠭᠡ ᠲᠠᠷᠢᠬᠢ ᠶᠢᠨ ᠲᠡᠷᠭᠡ ᠵᠣᠭᠰᠣᠬᠤ ᠰᠢᠰᠲ᠋ᠧᠮ ᠤᠨ ᠦᠢᠯᠡᠳᠦᠯᠭᠡ ᠶᠢ ᠬᠤᠪᠢᠶᠠᠯᠴᠠᠬᠤ ᠨᠢ︾᠂ ︽ᠬᠤᠲᠠ ᠶᠢᠨ ᠤᠶᠤᠨᠳᠤ ᠬᠠᠮᠢᠶᠠᠷᠤᠯᠲᠠ ᠶᠢᠨ ᠬᠥᠭᠵᠢᠯᠲᠡ ᠪᠠ ᠰᠥᠪᠡᠭᠴᠢᠯᠡᠯᠲᠡ︾ ︽ᠲᠣᠭᠠᠴᠢᠯᠠᠭᠰᠠᠨ ᠵᠢᠯᠣᠭᠤᠴᠢ ᠶᠢᠨ ᠥᠷᠥᠭᠡ ᠶᠢ ᠤᠶᠢᠯᠠᠭᠠᠬᠤ ᠨᠢ︾ ᠭᠡᠬᠦ ᠰᠡᠳᠦᠪ ᠢᠶᠠᠷ ᠲᠤᠰᠬᠠᠶ ᠰᠡᠳᠦᠪᠲᠦ ᠬᠠᠪᠰᠤᠷᠤᠨ ᠵᠢᠯᠤᠭᠤᠳᠬᠤ ᠲᠠᠶᠢᠯᠤᠮᠵᠢ ᠬᠢᠵᠡᠢ᠃ 4 ᠲᠤᠰᠬᠠᠶ ᠮᠡᠷᠭᠡᠵᠢᠯᠲᠡᠨ ᠤ ᠬᠢᠴᠢᠶᠡᠯ ᠳᠤ  ᠬᠤᠲᠠ ᠶᠢᠨ ᠶᠡᠭᠡ ᠲᠠᠷᠢᠬᠢ ᠶᠢ ᠬᠡᠷᠬᠢᠨ ᠲᠥᠯᠥᠪᠯᠡᠬᠦ᠂ ᠬᠡᠷᠬᠢᠨ ᠪᠦᠲᠦᠭᠡᠨ ᠪᠠᠶᠢᠭᠤᠯᠬᠤ᠂ ᠬᠤᠲᠠ ᠶᠢᠨ ᠤᠶᠤᠨᠳᠤ ᠬᠠᠮᠢᠶᠠᠷᠤᠯᠲᠠ ᠶᠢ ᠬᠡᠷᠬᠢᠨ ᠪᠠᠶᠢᠭᠤᠯᠬᠤ᠂ ᠬᠡᠷᠬᠢᠨ ᠠᠵᠢᠯᠯᠠᠭᠤᠯᠬᠤ ᠵᠡᠷᠭᠡ ᠤᠶᠤᠨᠳᠤ ᠬᠤᠲᠠ ᠶᠢᠨ ᠥᠵᠥ ᠲᠦᠯᠦᠪᠯᠡᠭᠡ ᠪᠣᠯᠤᠨ ᠪᠦᠬᠦᠯᠢ ᠴᠣᠭᠴᠠ ᠶᠢᠨ ᠪᠠᠶᠢᠷᠢᠯᠠᠭᠤᠯᠤᠯᠲᠠ ᠵᠡᠷᠭᠡ ᠲᠠᠯ᠎ᠠ ᠶᠢᠨ ᠠᠭᠤᠯᠭ᠎ᠠ ᠪᠠᠶᠢᠬᠤ ᠪᠠᠷ ᠪᠠᠷᠠᠬᠤ ᠦᠭᠡᠢ ᠤᠶᠤᠨᠳᠤ ᠲᠡᠷᠭᠡ ᠵᠣᠭᠰᠣᠭᠠᠬᠤ᠂ ᠨᠡᠶᠢᠭᠡᠮ ᠲᠣᠭᠤᠷᠢᠭ ᠤᠨ ᠤᠶᠤᠨᠳᠤ ᠬᠠᠮᠢᠶᠠᠷᠤᠯᠲᠠ ᠵᠡᠷᠭᠡ ᠲᠤᠰᠬᠠᠶ ᠮᠡᠷᠭᠡᠵᠢᠯ ᠤᠨ ᠬᠦᠷᠢᠶᠡᠨ ᠳᠠᠬᠢ ᠪᠣᠳᠠᠲᠠᠶ ᠠᠷᠭ᠎ᠠ ᠬᠡᠮᠵᠢᠶ᠎ᠡ ᠪᠠᠭᠲᠠᠵᠤ᠂ ᠪᠠᠰᠠ ᠪᠥᠬᠦ ᠪᠥᠮᠪᠥᠷᠴᠡᠭ ᠤᠨ ᠪᠥᠬᠦ ᠤᠯᠤᠰ ᠤᠨ ᠤᠶᠤᠨᠲᠤ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠲᠠᠯ᠎ᠠ ᠪᠠᠷ ᠬᠢ ᠬᠠᠮᠤᠭ ᠤᠨ ᠰᠢᠨ᠎ᠡ ᠮᠡᠷᠭᠡᠵᠢᠯ᠂ ᠦᠷ᠎ᠡ ᠪᠦᠲᠦᠭᠡᠯ᠂ ᠬᠡᠷᠡᠭᠵᠢᠭᠦᠯᠬᠦ ᠠᠷᠭ᠎ᠠ ᠵᠠᠮ ᠵᠡᠷᠭᠡ ᠳᠤ ᠨᠠᠷᠢᠨ ᠵᠠᠳᠠᠯᠤᠯᠲᠠ ᠬᠢᠭᠰᠡᠨ ᠪᠠ ᠲᠤᠳᠤᠷᠬᠠᠶᠢᠯᠠᠨ ᠦᠭᠦᠯᠡᠵᠡᠢ᠃      ᠲᠤᠰᠬᠠᠢ ᠮᠡᠷᠭᠡᠵᠢᠯᠲᠡᠳ ᠤᠨ ᠬᠢᠴᠢᠶᠡᠯ ᠤᠨ ᠲᠣᠭᠤᠷᠢᠨ ᠳᠤ᠂ ᠬᠤᠷᠠᠯ ᠳᠤ ᠣᠷᠣᠯᠴᠠᠭᠰᠠᠳ ᠴᠢᠭᠯᠡᠯᠲᠦ ᠴᠢᠨᠠᠷᠲᠠᠢ ᠪᠠᠷ ᠳᠤᠭᠤᠶᠢᠯᠠᠩ ᠬᠤᠪᠢᠶᠠᠨ ᠶᠠᠷᠢᠯᠴᠠᠪᠠ᠃ ᠣᠯᠠᠨ ᠢᠶᠠᠷ ᠢᠶᠠᠨ ᠥᠪᠡᠷ ᠥᠪᠡᠷ ᠤᠨ ᠠᠵᠢᠯ ᠲᠠᠢ ᠪᠠᠨ ᠤᠶᠠᠯᠳᠤᠭᠤᠯᠤᠨ ᠢᠳᠡᠪᠬᠢᠲᠡᠶ ᠪᠠᠷ ᠶᠠᠷᠢᠶ᠎ᠠ ᠲᠠᠯᠪᠢᠵᠤ᠂ ᠲᠥᠷᠥᠭᠳᠡᠯ ᠢᠶᠠᠨ ᠶᠠᠷᠢᠵᠤ᠂ ᠰᠠᠨᠠᠭᠤᠯᠭ᠎ᠠ ᠳᠤᠷᠠᠳᠪᠠ᠃ ᠣᠯᠠᠨ ᠢᠶᠠᠷ ᠢᠶᠠᠨ ᠰᠤᠷᠤᠯᠴᠠᠵᠤ ᠰᠤᠳᠤᠯᠤᠨ ᠶᠠᠷᠢᠯᠴᠠᠬᠤ ᠪᠠᠷ ᠳᠠᠮᠵᠢᠨ᠂ ᠤᠶᠤᠨᠲᠤ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠬᠥᠭᠵᠢᠯᠲᠡ ᠶᠢᠨ ᠪᠠᠶᠢᠳᠠᠯ ᠤᠨ ᠲᠤᠬᠠᠶ ᠨᠠᠩ ᠭᠦᠨᠵᠡᠭᠡᠶ  ᠣᠶᠢᠯᠠᠭᠠᠯᠲᠠ ᠪᠠ ᠲᠠᠨᠢᠯᠲᠠ ᠲᠠᠢ ᠪᠣᠯᠵᠤ᠂ ᠤᠶᠤᠨᠲᠤ ᠬᠤᠲᠠ ᠶᠢ ᠲᠦᠷᠭᠡᠳᠬᠡᠨ ᠪᠦᠲᠦᠭᠡᠨ ᠪᠠᠶᠢᠭᠤᠯᠬᠤ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ᠎ᠠ ᠰᠡᠳᠬᠢᠯᠭᠡ ᠪᠠᠨ ᠤᠯᠠᠮ ᠨᠢᠭᠡ ᠠᠯᠬᠤᠮ ᠨᠡᠮᠡᠭᠳᠡᠭᠦᠯᠪᠡ᠃ ᠣᠯᠠᠨ ᠢᠶᠠᠷ ᠢᠶᠠᠨ᠂ ᠦᠵᠡᠯ ᠰᠠᠨᠠᠭ᠎ᠠ ᠪᠠᠨ ᠬᠤᠲᠠ ᠶᠢᠨ ᠨᠠᠮ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ  ᠪᠠᠶᠢᠷᠢᠯᠠᠭᠤᠯᠤᠯᠲᠠ ᠳᠡᠭᠡᠷ᠎ᠡ ᠤᠯᠠᠮ ᠨᠢᠭᠡ ᠠᠯᠬᠤᠮ ᠨᠢᠭᠡᠳᠬᠡᠵᠦ᠂ ᠮᠠᠨ ᠤ ᠬᠤᠲᠠ ᠶᠢᠨ ᠤᠶᠤᠨᠲᠤ ᠬᠤᠲᠠ ᠶᠢᠨ  ᠪᠦᠲᠦᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ ᠭᠡᠵᠦ ᠢᠯᠡᠳᠭᠡᠵᠡᠭᠡᠪᠡ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号