ᠠᠵᠤ ᠦᠢᠯᠡᠰ ᠢᠶᠠᠷ ᠶᠠᠳᠠᠭᠤ ᠶᠢ ᠲᠡᠳᠬᠦᠵᠦ ᠠᠷᠠᠳ ᠤᠯᠠᠨ ᠢ ᠪᠠᠶᠠᠵᠢᠯ ᠤᠨ ᠵᠠᠮ ᠳᠤ ᠬᠦᠳᠦᠯᠦᠶ᠎ᠡ
ᠨᠡᠶᠢᠲᠡᠯᠡᠭᠰᠡᠨ ᠴᠠᠭ᠄
2020-07-20
     ᠲᠡᠯᠭᠡᠷ ᠵᠣᠨ ᠤ ᠰᠠᠶᠢᠬᠠᠨ ᠤᠯᠠᠷᠢᠯ ᠳᠤ᠂ ᠰᠤᠷᠪᠤᠯᠵᠢᠯᠠᠭᠴᠢ ᠲᠦᠮᠡᠳ ᠵᠡᠭᠦᠨ ᠬᠤᠰᠢᠭᠤᠨ ᠤ ᠱᠠᠩᠳᠠ ᠪᠠᠯᠭᠠᠰᠤᠨ ᠤ ᠱᠠᠩᠳᠠ ᠲᠣᠰᠬᠤᠨ ᠤ ᠢᠳᠡᠰᠢᠨ ᠮᠦᠬᠦ ᠪᠠᠷ ᠶᠠᠳᠠᠭᠤ ᠶᠢ ᠲᠡᠳᠬᠦᠬᠦ ᠠᠵᠤ ᠦᠢᠯᠡᠰ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠲᠤ ᠬᠦᠷᠴᠡᠶ᠃ ᠨᠢᠳᠦᠨ ᠳᠤ ᠦᠷᠳᠦᠬᠦ ᠭᠠᠵᠠᠷ ᠪᠣᠯᠭᠠᠨ ᠳᠤ ᠰᠦᠯᠢᠶᠣᠣ ᠫᠧᠩ ᠤᠳ ᠵᠢᠭᠳᠡᠷᠡᠨ ᠵᠢᠭᠰᠠᠵᠤ᠂ ᠫᠧᠩ ᠤᠨ ᠲᠤᠳᠤᠷ᠎ᠠ ᠮᠦᠬᠦ ᠶᠢᠨ ᠮᠤᠨᠠ ᠨᠤᠭᠤᠳ ᠢ ᠵᠢᠶᠠᠰᠠᠨ ᠳᠡᠭᠡᠷ᠎ᠡ ᠡᠮᠬᠢ ᠳᠠᠷᠠᠭᠠᠯᠠᠯ  ᠲᠠᠢ ᠲᠠᠯᠪᠢᠵᠤ᠂ ᠠᠵᠢᠯᠴᠢᠳ ᠶᠠᠭ ᠮᠦᠬᠦ ᠶᠢᠨ ᠮᠤᠨᠠ ᠳᠡᠭᠡᠷ᠎ᠡ ᠣᠷᠭᠤᠭᠰᠠᠨ ᠰᠢᠨ᠎ᠡ ᠰᠣᠷᠭᠤᠭ ᠮᠥᠭᠦ ᠶᠢ ᠲᠡᠭᠦᠵᠦ ᠪᠠᠶᠢᠯ᠎ᠠ᠃ ᠣᠶᠢᠯᠠᠭᠠᠭᠰᠠᠨ ᠢᠶᠠᠷ᠂ ᠡᠨᠡ ᠪᠣᠯ ᠱᠠᠩᠳᠠ ᠲᠣᠰᠬᠤᠨ ᠤ ᠶᠠᠳᠠᠭᠤ ᠶᠢ ᠲᠡᠳᠬᠦᠬᠦ ᠲᠥᠷᠥᠯ ᠵᠦᠢᠯ ᠪᠣᠯᠤᠨ᠎ᠠ ᠂ ︽ᠬᠤᠷᠰᠢᠶ᠎ᠠ + ᠶᠠᠳᠠᠭᠤ ᠬᠦᠴᠢᠷᠳᠡᠯᠲᠡᠶ ᠡᠷᠦᠬᠡ︾ ᠶᠢᠨ ᠦᠢᠯᠡᠳᠪᠦᠷᠢᠯᠡᠯ ᠡᠵᠡᠩᠨᠡᠯᠲᠡ ᠶᠢᠨ ᠵᠠᠭᠪᠤᠷ ᠢᠶᠠᠷ ᠲᠠᠮᠵᠢᠭᠤᠯᠤᠨ᠂ ᠠᠵᠢᠯ ᠤᠨ ᠪᠠᠶᠢᠷᠢ ᠬᠠᠩᠭᠠᠬᠤ ᠵᠢᠴᠢ ᠠᠰᠢᠭ ᠬᠤᠪᠢᠶᠠᠷᠢᠯᠠᠬᠤ ᠠᠷᠭ᠎ᠠ ᠮᠠᠶ᠋ᠢᠭ ᠢᠶᠠᠷ ᠶᠠᠳᠠᠭᠤ ᠬᠦᠴᠢᠷᠳᠡᠯᠲᠡᠢ ᠡᠷᠦᠬᠡ ᠶᠢ ᠬᠠᠪᠰᠤᠷᠤᠨ ᠣᠷᠣᠯᠭ᠎ᠠ ᠶᠢ ᠨᠢ ᠨᠡᠮᠡᠭᠳᠡᠬᠦᠯᠵᠦ ᠪᠤᠢ᠃ 2019 ᠣᠨ 11 ᠳ᠋ᠤᠭᠡᠷ ᠰᠠᠷ᠎ᠠ ᠪᠣᠯᠲᠠᠯ᠎ᠠ᠂ ᠰᠠᠭᠤᠷᠢᠨ ᠭᠠᠵᠠᠷ ᠲᠤ ᠨᠡᠶᠢᠲᠡ 56 ᠲᠦᠮᠡᠨ ᠵᠢᠩ ᠮᠥᠭᠦ ᠳᠠᠷᠢᠵᠤ᠂  ᠪᠤᠷᠤᠯᠠᠭᠤᠯᠭ᠎ᠠ ᠶᠢᠨ ᠦᠷᠳᠡᠭ 270 ᠲᠦᠮᠡᠨ ᠲᠥᠭᠦᠷᠢᠭ ᠲᠤ ᠬᠦᠷᠴᠡᠶ᠃ ᠮᠥᠭᠦ ᠲᠠᠷᠢᠬᠤ ᠲᠥᠷᠥᠯ ᠵᠦᠢᠯ ᠤᠨ ᠬᠥᠭᠵᠢᠯᠲᠡ ᠨᠢᠭᠡᠨᠲᠡ  ᠱᠠᠩᠳᠠᠢ ᠪᠠᠯᠭᠠᠰᠤᠨ ᠤ ᠶᠠᠳᠠᠭᠤ ᠶᠢ ᠲᠡᠳᠬᠦᠬᠦ ᠲᠤᠯᠭᠠᠭᠤᠷᠢ ᠠᠵᠤ ᠦᠢᠯᠡᠰ ᠪᠣᠯᠵᠤ᠂ ᠲᠠᠷᠠᠭᠠᠴᠢ ᠶᠢᠨ ᠠᠯᠬᠤᠮ ᠳᠤ ᠠᠵᠤ ᠦᠢᠯᠡᠰ ᠪᠣᠯᠤᠨ ᠶᠠᠳᠠᠭᠤ ᠬᠦᠴᠢᠷᠳᠡᠯᠲᠡᠶ ᠡᠷᠦᠬᠡ ᠶᠢᠨ ᠠᠰᠢᠭ ᠲᠤᠰᠠ ᠶᠢ ᠬᠤᠯᠪᠤᠬᠤ ᠲᠣᠭᠲᠠᠴᠠ ᠶᠢ ᠪᠠᠶᠢᠭᠤᠯᠬᠤ ᠪᠠᠷ ᠳᠡᠮᠵᠢᠨ᠂ ᠲᠣᠰᠬᠤᠨ ᠤ ᠠᠷᠠᠳ ᠢ ᠳᠠᠭᠠᠭᠤᠯᠤᠨ ᠪᠠᠶᠠᠵᠢᠯ ᠤᠨ ᠵᠠᠮ ᠢᠶᠠᠷ ᠵᠠᠮᠨᠠᠬᠤ ᠪᠠᠷ ᠪᠤᠢ᠃ ᠰᠤᠷᠪᠤᠯᠵᠢᠯᠠᠭᠴᠢ ᠸᠠᠩ ᠵᠥᠩ  ᠵᠸᠦ ᠰᠡᠭᠦᠳᠡᠷᠯᠡᠪᠡ
                               ᠠᠵᠢᠯᠴᠢᠨ ᠮᠦᠭᠦ ᠲᠡᠭᠦᠵᠦ ᠪᠠᠶᠢᠭ᠎ᠠ ᠨᠢ᠃
   
          ᠮᠡᠷᠭᠡᠵᠢᠯ ᠤᠨ ᠠᠵᠢᠯᠳᠠᠨ ᠮᠦᠬᠦ ᠦᠢᠯᠡᠳᠪᠦᠷᠢᠯᠡᠬᠦ ᠶᠠᠪᠤᠴᠠ ᠶᠢ ᠲᠠᠶᠢᠯᠪᠤᠷᠢᠯᠠᠵᠤ ᠪᠠᠶᠢᠭ᠎ᠠ ᠨᠢ᠃                
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号