︽ᠬᠦᠬᠡᠬᠤᠲᠠ ᠶᠢᠨ 2020 ᠣᠨ ᠤ ᠭᠤᠷᠪᠠᠳᠤᠭᠠᠷ ᠤᠯᠠᠷᠢᠯ ᠤᠨ ᠳᠤᠮᠳᠠ ᠵᠢᠵᠢᠭ ᠠᠵᠤ ᠠᠬᠤᠶᠢᠯᠠᠯ ᠤᠨ ᠴᠢᠳᠠᠪᠤᠷᠢᠲᠠᠨ ᠨᠦᠭᠡᠴᠡᠯᠡᠬᠦ ᠠᠵᠢᠯ ᠤᠨ ᠪᠠᠶᠢᠷᠢ ᠶᠢᠨ ᠬᠡᠷᠡᠭᠴᠡᠭᠡ ᠱᠠᠭᠠᠷᠳᠠᠯᠭ᠎ᠠ ᠶᠢᠨ ᠭᠠᠷᠴᠠᠭ︾ ᠢ ᠨᠡᠶᠢᠳᠡᠯᠡᠪᠡ
ᠨᠡᠶᠢᠲᠡᠯᠡᠭᠰᠡᠨ ᠴᠠᠭ᠄
2020-07-20
     ᠬᠦᠬᠡᠬᠤᠲᠠ ᠶᠢᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠯᠢᠥᠢ ᠬᠤᠢ ᠱᠧᠩ︶ ᠶᠡᠭᠡ ᠰᠤᠷᠭᠠᠭᠤᠯᠢ ᠲᠡᠭᠦᠰᠦᠭᠰᠡᠳ ᠤᠨ ᠠᠵᠢᠯ ᠣᠯᠭᠤᠯᠲᠠ ᠶᠢ ᠨᠠᠩ ᠰᠠᠶᠢᠨ ᠠᠬᠢᠭᠤᠯᠬᠤ ᠶᠢᠨ ᠲᠥᠯᠥᠭᠡ᠂ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ︽ ᠬᠦᠬᠡᠬᠤᠲᠠ ᠶᠢᠨ 2020 ᠣᠨ ᠤ ᠭᠤᠷᠪᠠᠳᠤᠭᠠᠷ ᠤᠯᠠᠷᠢᠯ ᠤᠨ ᠳᠤᠮᠳᠠ ᠵᠢᠵᠢᠭ ᠠᠵᠤ ᠠᠬᠤᠶᠢᠯᠠᠯ ᠤᠨ ᠴᠢᠳᠠᠪᠤᠷᠢᠲᠠᠨ ᠨᠦᠭᠡᠴᠡᠯᠡᠬᠦ ᠠᠵᠢᠯ ᠤᠨ ᠪᠠᠶᠢᠷᠢ ᠶᠢᠨ ᠬᠡᠷᠡᠭᠴᠡᠭᠡ ᠱᠠᠭᠠᠷᠳᠠᠯᠭ᠎ᠠ ᠶᠢᠨ ᠭᠠᠷᠴᠠᠭ︾ ᠢ ᠨᠠᠶᠢᠷᠠᠭᠤᠯᠤᠨ ᠵᠣᠬᠢᠶᠠᠵᠤ᠂ ᠨᠡᠶᠢᠲᠡ 27 ᠴᠢᠳᠠᠪᠤᠷᠢᠲᠠᠨ ᠤ ᠨᠦᠭᠡᠴᠡ ᠶᠢᠨ ᠰᠠᠭᠤᠷᠢᠨ ᠭᠠᠵᠠᠷ 87 ᠠᠵᠢᠯ ᠤᠨ ᠪᠠᠶᠢᠷᠢ ᠬᠠᠩᠭᠠᠵᠤ᠂ ᠴᠢᠳᠠᠪᠤᠷᠢᠲᠠᠨ ᠨᠦᠭᠡᠴᠡᠯᠡᠵᠦ ᠶᠡᠭᠡ ᠰᠤᠷᠭᠠᠭᠤᠯᠢ ᠲᠡᠭᠦᠰᠦᠭᠰᠡᠳ ᠠᠴᠠ 809 ᠬᠥᠮᠦᠨ ᠡᠯᠰᠡᠨ᠎ᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠠᠴᠠ ᠢᠷᠡᠯᠲᠡ ᠲᠠᠢ ᠪᠦᠬᠦᠯᠢ ᠡᠳᠦᠷ ᠤᠨ ᠳᠦᠷᠢᠮᠲᠦ ᠡᠩ ᠤᠨ ᠶᠡᠭᠡ ᠲᠡᠭᠡᠳᠦ ᠰᠤᠷᠭᠠᠭᠤᠯᠢ ᠶᠢᠨ ᠲᠤᠰᠬᠠᠶ ᠮᠡᠷᠭᠡᠵᠢᠯ ᠠᠴᠠ ᠳᠡᠭᠡᠭᠰᠢᠬᠢ  ᠰᠤᠷᠤᠯᠭ᠎ᠠ ᠶᠢᠨ ᠨᠠᠮᠳᠠᠷ ᠲᠠᠢ ᠲᠡᠭᠦᠰᠬᠦ ᠤᠶᠤᠳᠠᠨ ᠪᠠ ᠲᠡᠭᠦᠰᠦᠭᠡᠳ ᠭᠤᠷᠪᠠᠨ ᠵᠢᠯ ᠤᠨ ᠳᠣᠲᠣᠷ᠎ᠠ ᠠᠵᠢᠯ ᠣᠯᠤᠭᠠᠳᠤᠶ ᠤᠶᠤᠳᠠᠳ ᠤᠷᠤᠯᠴᠠᠵᠤ᠂ ᠥᠪᠡᠷ ᠤᠨ ᠪᠡᠶ᠎ᠡ ᠳᠡᠭᠡᠨ ᠲᠣᠬᠢᠷᠠᠭᠰᠠᠨ ᠠᠵᠢᠯ ᠤᠨ ᠪᠠᠶᠢᠷᠢ ᠶᠢ ᠰᠣᠩᠭᠤᠵᠤ ᠠᠵᠢᠯ ᠣᠯᠵᠤ ᠪᠣᠯᠣᠨ᠎ᠠ᠃      ᠣᠶᠢᠯᠠᠭᠠᠭᠰᠠᠨ ᠢᠶᠠᠷ᠂  ᠶᠡᠭᠡ ᠰᠤᠷᠭᠠᠭᠤᠯᠢ ᠲᠡᠭᠦᠰᠦᠭᠰᠡᠳ ᠤᠨ ᠴᠢᠳᠠᠪᠤᠷᠢᠲᠠᠨ ᠤ ᠨᠥᠭᠡᠴᠡᠯᠡᠯ ᠳᠤ  ᠦᠢᠯᠡᠴᠢᠯᠡᠬᠦ ᠬᠤᠭᠤᠴᠠᠭ᠎ᠠ ᠨᠢ 2 ᠵᠢᠯ ᠪᠠᠶᠢᠵᠤ᠂ ︽ᠳᠤᠮᠳᠠ ᠵᠢᠵᠢᠭ ᠠᠵᠤ ᠠᠬᠤᠶᠢᠯᠠᠯ ᠪᠠ ᠨᠡᠶᠢᠲᠡ ᠶᠢᠨ  ᠦᠮᠴᠢᠯᠡᠯ ᠤᠨ ᠪᠤᠰᠤ ᠠᠵᠤ ᠠᠬᠤᠶᠢᠯᠠᠯ ᠤᠨ ᠶᠡᠭᠡ ᠰᠤᠷᠭᠠᠭᠤᠯᠢ ᠲᠡᠭᠦᠰᠦᠭᠰᠡᠳ ᠢ ᠨᠥᠭᠡᠴᠡᠯᠡᠬᠦ ᠵᠥᠪᠯᠡᠯᠴᠡᠭᠡᠷ︾ ᠲᠤᠭᠲᠠᠨ᠎ᠠ᠃ ᠦᠢᠯᠡᠴᠢᠯᠡᠬᠦ ᠬᠤᠭᠤᠴᠠᠭ᠎ᠠ ᠨᠢ ᠳᠦᠭᠦᠷᠦᠭᠰᠡᠨ ᠤ ᠳᠠᠷᠠᠭ᠎ᠠ᠂ ᠪᠦᠬᠦ ᠣᠷᠣᠨ ᠤ ᠠᠯᠪᠠᠲᠠᠨ ᠰᠢᠯᠭᠠᠵᠤ ᠡᠯᠰᠡᠬᠦ ᠳᠤ ᠵᠣᠬᠢᠬᠤ ᠬᠠᠷᠢᠴᠠᠯ ᠢᠶᠠᠷ ᠠᠵᠢᠯ ᠤᠨ ᠪᠠᠶᠢᠷᠢ ᠲᠣᠬᠢᠷᠠᠭᠤᠯᠵᠤ᠂ ᠦᠢᠯᠡᠴᠢᠯᠡᠬᠦ ᠬᠤᠭᠤᠴᠠᠭ᠎ᠠ ᠨᠢ ᠲᠦᠬᠦᠷᠴᠦ ᠬᠢᠨᠠᠨ ᠰᠢᠯᠭᠠᠭᠠᠳ ᠬᠢᠷᠢ ᠲᠡᠩᠴᠡᠭᠰᠡᠨ ᠶᠡᠭᠡ ᠰᠤᠷᠭᠠᠭᠤᠯᠢ ᠲᠡᠭᠦᠰᠦᠭᠰᠡᠳ ᠢ ᠬᠠᠨᠳᠤᠯᠭ᠎ᠠ ᠲᠠᠢ ᠪᠠᠷ ᠡᠯᠰᠡᠨ᠎ᠡ︔ ᠦᠢᠯᠡᠴᠢᠯᠡᠬᠦ ᠭᠠᠵᠠᠷ ᠲᠠᠭᠠᠨ ᠠᠯᠪᠠᠲᠠᠨ ᠰᠢᠯᠭᠠᠵᠤ ᠡᠯᠰᠡᠬᠦ ᠪᠠ ᠠᠵᠢᠯ  ᠦᠢᠯᠡᠰ ᠤᠨ ᠨᠢᠭᠡᠴᠡ ᠶᠢᠨ ᠢᠯᠡ ᠡᠯᠰᠡᠯᠲᠡ ᠳᠤ ᠣᠷᠣᠯᠴᠠᠬᠤ ᠳᠤ ᠠᠶᠢᠮᠠᠭ ᠬᠤᠲᠠ᠂ ᠬᠤᠰᠢᠭᠤ ᠰᠢᠶᠠᠨ ᠤ  ᠡᠷᠦᠭᠡ ᠠᠮᠠ ᠶᠢᠨ ᠲᠠᠩᠰᠠᠨ ᠳᠤ ᠬᠢᠵᠠᠭᠠᠷᠯᠠᠭᠳᠠᠬᠤ ᠦᠭᠡᠢ  ︔ ᠥᠪᠡᠷᠲᠡᠭᠡᠨ ᠵᠠᠰᠠᠬᠤ ᠣᠷᠣᠨ ᠤ ᠬᠢᠯᠢ ᠶᠢᠨ ᠳᠣᠲᠣᠷ᠎ᠠ ᠭᠥᠯᠢᠶᠡᠨ ᠠᠪᠬᠤ ᠨᠢᠭᠡᠴᠡ  ᠪᠠᠨ ᠨᠠᠶᠢᠳᠠᠪᠤᠷᠢᠵᠢᠭᠤᠯᠤᠭᠰᠠᠨ ᠪᠠᠶᠢᠪᠠᠯ᠂ ᠦᠢᠯᠡᠴᠢᠯᠡᠭᠡᠨ  ᠤ ᠬᠤᠭᠤᠴᠠᠭ᠎ᠠ ᠶᠢ ᠠᠵᠢᠯᠯᠠᠭᠰᠠᠨ ᠣᠨ ᠵᠢᠯ ᠢᠶᠠᠷ ᠪᠤᠳᠤᠨ᠎ᠠ︔ ᠬᠤᠶᠢᠰᠢᠳᠠ ᠳᠤᠮᠳᠠ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠤᠨ ᠲᠤᠰᠢᠶᠠᠯ ᠤᠨ ᠬᠢᠷᠢ ᠬᠡᠮ ᠢ ᠬᠢᠨᠠᠨ ᠲᠤᠭᠲᠠᠭᠠᠬᠤ ᠳᠤ ᠠᠳᠠᠯᠢ ᠨᠥᠬᠦᠴᠡᠯ ᠤᠨ ᠳᠣᠤᠷ᠎ᠠ ᠤᠷᠢᠳᠠᠪᠠᠷ ᠦᠨᠡᠯᠡᠨ ᠲᠣᠭᠲᠠᠭᠠᠨ᠎ᠠ᠃        
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号