ᠮᠠᠨ ᠤ ᠬᠤᠲᠠ ᠶᠢᠨ 2020 ᠣᠨ ᠤ ᠭᠤᠣᠯᠳᠠᠯᠭ᠎ᠠ ᠲᠠᠢ ᠠᠵᠢᠯ᠂ ᠭᠤᠣᠯᠳᠠᠯᠭ᠎ᠠ ᠲᠠᠢ ᠲᠥᠷᠥᠯ ᠵᠦᠢᠯ ᠤᠨ 10 ᠳ᠋ᠤᠭᠠᠷ ᠤᠳᠠᠭ᠎ᠠ ᠶᠢᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020-07-21
ᠵᠠᠩ ᠪᠠᠢ ᠴᠧᠩ ᠡᠷᠬᠢᠯᠡᠪᠡ      ︵ᠰᠤᠷᠪᠤᠯᠵᠢᠯᠠᠭᠴᠢ ᠯᠢᠦ ᠵᠢᠶᠦ᠋ᠨ︶ 7 ᠳ᠋ᠤᠭᠠᠷ ᠰᠠᠷ᠎ᠠ ᠶᠢᠨ 20 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠵᠠᠩ ᠪᠠᠢ ᠴᠧᠩ ᠮᠠᠨ ᠤ ᠬᠤᠲᠠ ᠶᠢᠨ 2020 ᠣᠨ ᠤ ᠭᠤᠣᠯᠳᠠᠯᠭ᠎ᠠ ᠲᠠᠢ ᠠᠵᠢᠯ᠂ ᠭᠤᠣᠯᠳᠠᠯᠭ᠎ᠠ ᠲᠠᠢ ᠲᠥᠷᠥᠯ ᠵᠦᠢᠯ ᠤᠨ 10 ᠳ᠋ᠤᠭᠠᠷ ᠤᠳᠠᠭ᠎ᠠ ᠶᠢᠨ ᠲᠣᠬᠢᠷᠠᠭᠤᠯᠤᠯᠲᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃      ᠬᠤᠷᠠᠯ ᠠᠴᠠ ᠰᠢᠨ᠎ᠡ ᠨᠢᠰᠬᠡᠯ ᠤᠨ ᠪᠠᠭᠤᠳᠠᠯ᠂ ᠵᠢᠮᠲᠦ ᠵᠠᠮ ᠬᠠᠷᠢᠯᠴᠠᠭᠠᠨ ᠤ TOD ᠲᠥᠷᠥᠯ ᠵᠦᠢᠯ᠂ ᠨᠡᠶᠢᠲᠡ ᠶᠢᠨ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢᠨ ᠲᠥᠷᠥᠯ ᠵᠦᠢᠯ᠂ ︽ᠡᠩᠬᠡ ᠠᠮᠤᠭᠤᠯᠠᠩ ᠲᠥᠪ ᠬᠤᠲᠠ︾᠂ ᠥᠪᠥᠷ ᠮᠣᠩᠭᠤᠯ ᠤᠨ ᠳᠠᠭᠤᠤ ᠬᠥᠭᠵᠢᠮ ᠤᠨ ᠲᠢᠩᠬᠢᠮ᠂ ᠸᠠᠩ ᠹᠦ᠋ ᠵᠢᠩ ᠤᠤ ᠯᠠᠢ ᠵᠡᠷᠭᠡ ᠭᠤᠣᠯᠳᠠᠯᠭ᠎ᠠ ᠲᠠᠢ ᠲᠥᠷᠥᠯ ᠵᠦᠢᠯ ᠤᠨ ᠠᠬᠢᠴᠠ ᠶᠢᠨ ᠪᠠᠶᠢᠳᠠᠯ ᠵᠢᠴᠢ ᠰᠢᠨ᠎ᠡ ᠬᠡᠯᠪᠡᠷᠢ ᠶᠢᠨ ᠣᠶᠣᠨᠲᠤ ᠬᠤᠲᠠ ᠶᠢᠨ ᠥᠵᠥ ᠲᠥᠯᠥᠪᠯᠡᠭᠡ ᠶᠢ ᠲᠣᠭᠲᠠᠭᠠᠬᠤ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ ᠂ ᠳᠠᠷᠠᠭᠠᠴᠢ ᠶᠢᠨ ᠠᠯᠬᠤᠮ ᠤᠨ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠡ᠃      ᠬᠤᠷᠠᠯ ᠠᠴᠠ ᠵᠢᠭᠠᠭᠰᠠᠨ ᠨᠢ᠂ ᠰᠢᠨ᠎ᠡ ᠬᠡᠯᠪᠡᠷᠢ ᠶᠢᠨ ᠣᠶᠣᠨᠲᠤ ᠬᠤᠲᠠ ᠶᠢᠨ ᠪᠦᠲᠦᠭᠡᠨ ᠪᠠᠶᠢᠭᠤᠯᠤᠯᠲᠠ ᠪᠣᠯ ᠬᠤᠲᠠ ᠶᠢᠨ ᠬᠥᠭᠵᠢᠯᠲᠡ ᠶᠢᠨ ᠠᠷᠭ᠎ᠠ ᠬᠡᠯᠪᠡᠷᠢ ᠶᠢ ᠬᠤᠪᠢᠷᠠᠭᠤᠯᠬᠤ᠂ ᠬᠤᠲᠠ ᠶᠢᠨ ᠥᠷᠢᠰᠦᠯᠳᠦᠬᠦ ᠬᠦᠴᠦᠨ ᠪᠠ ᠣᠷᠣᠰᠢᠨ ᠰᠠᠭᠤᠬᠤ ᠲᠠᠭᠠᠯᠠᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠬᠦ ᠴᠢᠬᠤᠯᠠ ᠠᠷᠭ᠎ᠠ ᠬᠡᠮᠵᠢᠶ᠎ᠡ ᠮᠥᠨ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠬᠤᠯᠠ ᠶᠢ ᠬᠠᠷᠠᠬᠤ ᠪᠠ ᠪᠦᠬᠦ ᠲᠠᠯ᠎ᠠ ᠶᠢ ᠬᠠᠷᠠᠬᠤ  ᠥᠨᠳᠦᠷᠴᠡ ᠠᠴᠠ ᠰᠢᠨ᠎ᠡ ᠬᠡᠯᠪᠡᠷᠢ ᠶᠢᠨ ᠣᠶᠣᠨᠲᠤ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠴᠢᠬᠤᠯᠠ ᠴᠢᠨᠠᠷ ᠪᠠ ᠵᠠᠶᠢᠯᠠᠰᠢ ᠦᠬᠡᠢ ᠴᠢᠨᠠᠷ ᠢ ᠭᠦᠢᠴᠡᠳ ᠲᠠᠨᠢᠵᠤ᠂ ᠬᠠᠷᠢᠭᠤᠴᠠᠯᠭ᠎ᠠ ᠪᠠᠨ ᠤᠯᠠᠮ ᠨᠢᠭᠡ ᠠᠯᠬᠤᠮ ᠪᠣᠳᠠᠲᠠᠶᠢᠵᠢᠭᠤᠯᠤᠨ᠂ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠤᠨ᠂ ᠡᠮᠦᠨᠡᠬᠢ ᠬᠤᠭᠤᠴᠠᠭᠠᠨ ᠤ ᠠᠵᠢᠯ ᠤᠨ ᠰᠠᠭᠤᠷᠢᠨ ᠳᠡᠭᠡᠷ᠎ᠡ᠂ ᠥᠵᠥ ᠲᠥᠯᠥᠪᠯᠡᠭᠡ᠂ ᠦᠨᠳᠦᠰᠦᠨ ᠪᠠᠲᠤᠯᠠᠭ᠎ᠠ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠳᠠᠬᠢ ᠬᠡᠷᠡᠭᠯᠡᠯᠲᠡ ᠵᠡᠷᠭᠡ ᠡᠯ᠎ᠡ ᠵᠦᠢᠯ ᠤᠨ ᠠᠵᠢᠯ ᠢ ᠳᠣᠪᠣᠶᠢᠯᠭᠠᠨ ᠠᠳᠬᠤᠵᠤ᠂ ᠲᠥᠪ ᠬᠤᠲᠠ ᠶᠢᠨ ᠰᠢᠨ᠎ᠡ ᠬᠡᠯᠪᠡᠷᠢ ᠶᠢᠨ ᠣᠶᠣᠨᠲᠤ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠬᠤᠷᠳᠤᠴᠠ ᠶᠢ ᠲᠦᠷᠭᠡᠳᠬᠡᠨ ᠠᠬᠢᠭᠤᠯᠵᠤ᠂ ᠡᠷᠲᠡᠬᠡᠨ ᠦᠷ᠎ᠡ ᠪᠦᠲᠦᠮᠵᠢ ᠣᠯᠬᠤ ᠬᠡᠷᠡᠭᠲᠡᠢ ᠭᠡᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠭᠤᠣᠯᠳᠠᠯᠭ᠎ᠠ ᠲᠠᠢ ᠲᠥᠷᠥᠯ ᠵᠦᠢᠯ ᠪᠣᠯ ᠣᠷᠣᠨ ᠨᠤᠲᠤᠭ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠬᠤᠯᠠ ᠲᠤᠯᠭᠠᠭᠤᠷᠢᠯᠠᠯ ᠮᠥᠨ᠂ ᠮᠥᠨ ᠴᠦ ᠨᠢᠭᠡ ᠭᠠᠵᠠᠷ ᠣᠷᠣᠨ ᠤ ᠦᠷᠭᠦᠯᠵᠢᠯᠡᠬᠦᠶᠢᠴᠡ ᠬᠥᠭᠵᠢᠯᠲᠡ ᠶᠢᠨ ᠦᠨᠳᠦᠰᠦᠨ ᠪᠠᠲᠤᠯᠠᠭ᠎ᠠ ᠪᠣᠯᠣᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠭᠤᠣᠯᠳᠠᠯᠭ᠎ᠠ ᠲᠠᠢ ᠲᠥᠷᠥᠯ ᠵᠦᠢᠯ ᠢ ᠠᠵᠢᠯ ᠤᠨ ᠴᠢᠬᠤᠯᠠ ᠠᠴᠠ ᠴᠢᠬᠤᠯᠠ ᠵᠦᠢᠯ ᠪᠣᠯᠭᠠᠨ᠂ ᠭᠠᠷ ᠲᠠᠭᠠᠨ ᠴᠢᠩᠭ᠎ᠠ ᠠᠳᠬᠤᠵᠤ᠂ ᠠᠵᠤ ᠠᠬᠤᠶᠢᠯᠠᠯ ᠢ ᠴᠠᠭ ᠲᠤᠬᠠᠢ ᠳᠤᠨᠢ ᠬᠠᠪᠰᠤᠷᠤᠨ ᠠᠵᠢᠯ ᠡᠬᠢᠯᠡᠬᠦ ᠠᠴᠠ ᠡᠮᠦᠨᠡᠬᠢ ᠡᠯ᠎ᠡ ᠵᠦᠢᠯ ᠤᠨ ᠭᠠᠷ ᠭᠦᠢᠴᠡᠳᠬᠡᠯ ᠤᠨ ᠠᠰᠠᠭᠤᠳᠠᠯ᠂ ᠲᠥᠷᠥᠯ ᠵᠦᠢᠯ ᠢ ᠪᠦᠲᠦᠭᠡᠨ ᠪᠠᠶᠢᠭᠤᠯᠬᠤ ᠶᠠᠪᠤᠴᠠ ᠳᠠᠬᠢ ᠬᠤᠯᠪᠣᠭᠳᠠᠯ ᠪᠦᠬᠦᠢ ᠴᠢᠬᠤᠯᠠ ᠵᠦᠢᠯᠡᠰ ᠤᠨ ᠪᠠᠲᠤᠯᠠᠭ᠎ᠠ ᠶᠢᠨ ᠠᠰᠠᠭᠤᠳᠠᠯ ᠢ ᠰᠢᠢᠳᠪᠦᠷᠢᠯᠡᠵᠦ᠂ ᠭᠤᠣᠯᠳᠠᠯᠭ᠎ᠠ ᠲᠠᠢ ᠲᠥᠷᠥᠯ ᠵᠦᠢᠯ ᠤᠨ ᠤᠷᠤᠭᠰᠢᠲᠠᠢ ᠪᠠᠷ ᠠᠵᠢᠯ ᠢᠶᠠᠨ ᠡᠬᠢᠯᠡᠭᠦᠯᠦᠨ ᠪᠦᠲᠦᠭᠡᠨ ᠪᠠᠶᠢᠭᠤᠯᠵᠤ᠂ ᠡᠷᠲᠡᠬᠡᠨ ᠬᠡᠷᠡᠭᠯᠡᠯᠲᠡ ᠳᠤ ᠣᠷᠣᠬᠤ ᠶᠢ ᠲᠦᠯᠬᠢᠨ ᠠᠬᠢᠭᠤᠯᠵᠤ᠂ ᠲᠥᠪ ᠬᠤᠲᠠ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠦᠷᠭᠦᠯᠵᠢᠯᠡᠨ ᠲᠦᠯᠬᠢᠨ ᠠᠬᠢᠭᠤᠯᠬᠤ ᠳᠤ ᠪᠠᠲᠤ ᠪᠠᠬᠢ ᠲᠥᠷᠥᠯ ᠵᠦᠢᠯ ᠤᠨ ᠰᠠᠭᠤᠷᠢ ᠲᠠᠯᠪᠢᠵᠤ ᠥᠭᠬᠦ ᠬᠡᠷᠡᠭᠲᠡᠢ ᠭᠡᠪᠡ᠃      ᠬᠤᠲᠠ ᠶᠢᠨ ᠤᠳᠤᠷᠢᠳᠤᠯᠭ᠎ᠠ ᠯᠢᠦ ᠴᠧᠩ ᠮᠢᠨ᠂ ᠸᠠᠩ ᠬᠤᠤ ᠯᠧᠢ᠂ ᠰᠢᠦᠢ ᠷᠦᠢ ᠰᠢᠶᠠ᠂ ᠪᠢ ᠭᠥᠸᠧ ᠴᠧᠨ᠂ ᠵᠸᠦ ᠴᠢᠶᠠᠩ᠂ ᠹᠦ᠋ ᠪᠢᠨ᠂ ᠴᠢᠶᠥᠥ ᠶᠦᠨ ᠯᠢ᠂ ᠵᠠᠩ ᠭᠥᠸᠧ ᠫᠢᠩ᠂ ᠬᠥᠬᠡᠬᠤᠲᠠ ᠶᠢᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠯᠢ ᠰᠢᠶᠥᠥ ᠳ᠋ᠦᠩ᠂ ᠬᠤᠲᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠵᠠᠩ ᠵᠦᠩ ᠳ᠋ᠦᠩ ᠵᠢᠴᠢ ᠡᠯ᠎ᠡ ᠬᠤᠰᠢᠭᠤ ᠰᠢᠶᠠᠨ ᠲᠣᠭᠤᠷᠢᠭ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠪᠠ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号