ᠯᠢᠦ ᠶᠦᠩ ᠹᠦ᠋᠄ ᠶᠠᠳᠠᠭᠤ ᠶᠢ ᠲᠡᠳᠬᠦᠬᠦ ᠡᠳ᠋ ᠬᠥᠷᠥᠩᠭᠡ ᠶᠢᠨ ᠡᠵᠡᠩᠨᠡᠯᠲᠡ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠭᠤᠯᠬᠤ ᠤᠷᠳᠤ ᠬᠤᠭᠤᠴᠠᠭᠠᠨ ᠤ ᠪᠦᠲᠦᠮᠵᠢᠲᠦ ᠲᠣᠭᠲᠠᠴᠠ ᠶᠢ ᠪᠦᠷᠢᠨᠰᠢᠭᠦᠯᠬᠦ ᠬᠡᠷᠡᠭᠲᠡᠢ
ᠨᠡᠶᠢᠲᠡᠯᠡᠭᠰᠡᠨ ᠴᠠᠭ᠄
2020-07-21
      7 ᠰᠠᠷ᠎ᠠ ᠶᠢᠨ 19 ᠤ ᠡᠳᠦᠷ ᠠᠴᠠ 20 ᠤ ᠡᠳᠦᠷ ᠪᠣᠯᠲᠠᠯ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠶᠠᠳᠠᠭᠤ ᠶᠢ ᠲᠡᠳᠬᠦᠵᠤ ᠨᠡᠭᠡᠭᠡᠨ ᠬᠦᠭᠵᠢᠭᠦᠯᠭᠦ ᠠᠵᠢᠯ ᠤᠨ ᠤᠳᠤᠷᠢᠳᠬᠤ ᠲᠤᠭᠤᠢᠢᠯᠠᠩ ᠤᠨ ᠠᠯᠪᠠᠨ ᠬᠡᠷ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠯᠢᠦ ᠶᠦᠩ ᠹᠦ᠋ ᠬᠥᠬᠡᠬᠤᠲᠠ ᠪᠠ ᠬᠢᠩᠭᠠᠨ ᠠᠶᠢᠮᠠᠭ ᠲᠤ ᠬᠦᠷᠴᠦ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠢ ᠪᠠᠶᠢᠴᠠᠭᠠᠨ ᠰᠤᠳᠤᠯᠪᠠ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠬᠥᠬᠡᠬᠤᠲᠠ ᠳᠤ ᠯᠢᠦ ᠶᠦᠩ ᠹᠦ᠋ ᠲᠠᠢ ᠠᠭᠤᠯᠵᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠤᠤ ᠯᠢᠨ᠂ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠯᠢᠨ ᠱᠣᠤ ᠴᠦᠨ᠂ ᠸᠠᠩ ᠯᠢ ᠰᠢᠶᠠ᠂ ᠵᠠᠩ ᠱᠣᠤ ᠴᠦᠨ᠂ ᠵᠠᠩ ᠧᠨ ᠬᠤᠶ ᠲᠣᠰ ᠲᠣᠰ ᠪᠠᠶᠢᠴᠠᠭᠠᠨ ᠰᠤᠳᠤᠯᠤᠯᠲᠠ ᠪᠤᠶᠤ ᠠᠭᠤᠯᠵᠠᠯᠲᠠ ᠳᠤ ᠣᠷᠣᠯᠴᠠᠪᠠ᠃      ᠱᠢ ᠲᠠᠢ ᠹᠧᠩ ᠯᠢᠦ ᠶᠦᠩ ᠹᠦ᠋ ᠨᠡᠷ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠵᠤ ᠪᠠᠶᠢᠴᠠᠭᠠᠨ  ᠰᠤᠳᠤᠯᠤᠯᠳᠠ ᠬᠢᠭᠰᠡᠨ ᠳᠤ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠵᠦ᠂ ᠲᠦᠷᠦ ᠶᠢᠨ ᠶᠠᠪᠤᠳᠠᠯ ᠤᠨ ᠬᠤᠷᠢᠶᠠᠨ ᠤ ᠶᠠᠳᠠᠭᠤ ᠶᠢ ᠲᠡᠳᠬᠦᠵᠤ ᠨᠡᠭᠡᠭᠡᠨ ᠬᠦᠭᠵᠢᠭᠦᠯᠭᠦ ᠠᠵᠢᠯ ᠤᠨ ᠤᠳᠤᠷᠢᠳᠬᠤ ᠲᠤᠭᠤᠢᠢᠯᠠᠩ ᠤᠨ ᠠᠯᠪᠠᠨ ᠬᠡᠷ ᠤᠨ ᠤᠯᠠᠨ ᠵᠢᠯ ᠤᠨ ᠲᠤᠷᠰᠢ ᠥᠪᠥᠷ ᠮᠣᠩᠭᠤᠯ ᠤᠨ ᠶᠠᠳᠠᠭᠤ ᠶᠢ ᠲᠡᠳᠬᠦᠬᠦ ᠠᠵᠢᠯ ᠳᠤ ᠬᠦᠴᠦᠲᠡᠢ ᠳᠡᠮᠵᠢᠯᠭᠡ ᠦᠵᠡᠭᠦᠯᠦᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠱᠢ ᠲᠠᠢ ᠹᠧᠩ ᠥᠪᠥᠷ ᠮᠣᠩᠭᠤᠯ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠪᠠᠶᠢᠳᠠᠯ ᠢ ᠲᠣᠪᠴᠢ ᠲᠠᠨᠢᠯᠴᠠᠭᠤᠯᠪᠠ᠃ ᠲᠡᠷᠡ᠄ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠢᠳᠪᠦᠷᠢᠲᠦ ᠳᠠᠶᠢᠯᠠᠯᠳᠤᠭᠠᠨ ᠬᠢᠵᠦ ᠰᠢᠢᠳᠪᠦᠷᠢᠲᠦ ᠢᠯᠠᠯᠲᠠ ᠶᠢ ᠤᠯᠬᠤ ᠵᠠᠩᠭᠢᠯᠠᠭ᠎ᠠ ᠶᠢᠨ ᠴᠠᠭ ᠮᠥᠴᠡ ᠳᠤ᠂ ᠲᠦᠷᠦ ᠶᠢᠨ ᠶᠠᠪᠤᠳᠠᠯ ᠤᠨ ᠬᠤᠷᠢᠶᠠᠨ ᠤ ᠶᠠᠳᠠᠭᠤ ᠶᠢ ᠲᠡᠳᠬᠦᠵᠤ ᠨᠡᠭᠡᠭᠡᠨ ᠬᠦᠭᠵᠢᠭᠦᠯᠭᠦ ᠠᠵᠢᠯ ᠤᠨ ᠤᠳᠤᠷᠢᠳᠬᠤ ᠲᠤᠭᠤᠢᠢᠯᠠᠩ ᠤᠨ ᠠᠯᠪᠠᠨ ᠬᠡᠷ ᠤᠨ ᠤᠳᠤᠷᠢᠳᠬᠤ ᠨᠥᠬᠦᠳ ᠥᠪᠥᠷ ᠮᠣᠩᠭᠤᠯ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠤᠬᠰᠠᠨ ᠨᠢ ᠥᠪᠥᠷ ᠮᠣᠩᠭᠤᠯ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ ᠬᠠᠯᠠᠮᠵᠢᠯᠠᠵᠤ ᠪᠠᠶᠢᠬᠤ ᠶᠢ ᠭᠦᠢᠴᠡᠳ ᠢᠯᠡᠷᠡᠭᠦᠯᠵᠡᠢ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠬᠠᠮᠤᠬ ᠤᠨ ᠡᠴᠤᠰ ᠲᠤ ᠲᠤᠯᠬᠤ ᠲᠤᠳᠤᠮ ᠬᠦᠴᠦ ᠪᠠᠨ ᠲᠠᠳᠦᠢ ᠰᠤᠯᠠᠷᠠᠭᠤᠯᠵᠤ ᠪᠣᠯᠬᠤ ᠦᠭᠡᠢ᠂ ᠪᠢᠳᠡ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠰᠢᠢᠳᠪᠦᠷᠢᠲᠦ ᠳᠠᠶᠢᠯᠠᠯᠳᠤᠭᠠᠨ ᠬᠢᠵᠦ ᠰᠢᠢᠳᠪᠦᠷᠢᠲᠦ ᠢᠯᠠᠯᠲᠠ ᠶᠢ ᠤᠯᠬᠤ ᠶᠢ ᠴᠢᠨᠠᠷ ᠰᠠᠶᠢᠲᠠᠶ ᠴᠢᠷᠮᠠᠶᠢᠨ ᠪᠡᠶᠡᠯᠡᠭᠦᠯᠦᠨ᠎ᠡ ᠭᠡᠪᠡ᠃ ᠯᠢᠦ ᠶᠦᠩ ᠹᠦ᠋ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ ᠳᠡᠭᠡᠲᠦ ᠬᠡᠮᠵᠢᠶ᠎ᠡ ᠪᠠᠷ ᠴᠢᠬᠤᠯᠠᠴᠢᠯᠠᠨ ᠦᠵᠡᠭᠰᠡᠨ ᠪᠠ ᠣᠯᠤᠭᠰᠠᠨ ᠠᠮᠵᠢᠯᠲᠠ ᠪᠦᠲᠦᠮᠵᠢ ᠶᠢ ᠨᠤᠲᠠᠯᠠᠵᠤ᠂ ᠥᠪᠥᠷ ᠮᠣᠩᠭᠤᠯ ᠤᠨ ᠪᠣᠭᠤᠮᠲᠠ ᠰᠢᠪᠲᠤᠯᠬᠤ ᠪᠠᠶᠢᠳᠠᠯ ᠢᠶᠠᠨ ᠪᠠᠲᠤᠯᠠᠵᠤ᠂ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢᠶᠠᠨ ᠪᠠᠬᠢᠵᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠲᠣᠭᠲᠠᠭᠰᠠᠨ ᠬᠤᠭᠤᠴᠠᠭᠠᠨ ᠳᠤ ᠴᠢᠨᠠᠷ ᠰᠠᠶᠢᠲᠠᠢ ᠤᠯᠬᠤ ᠶᠢ ᠬᠦᠰᠡᠵᠤ ᠪᠠᠶᠢᠨ᠎ᠠ᠃ ᠲᠦᠷᠦ ᠶᠢᠨ ᠶᠠᠪᠤᠳᠠᠯ ᠤᠨ ᠬᠤᠷᠢᠶᠠᠨ ᠤ ᠶᠠᠳᠠᠭᠤ ᠶᠢ ᠲᠡᠳᠬᠦᠵᠤ ᠨᠡᠭᠡᠭᠡᠨ ᠬᠦᠭᠵᠢᠭᠦᠯᠭᠦ ᠠᠵᠢᠯ ᠤᠨ ᠤᠳᠤᠷᠢᠳᠬᠤ ᠲᠤᠭᠤᠢᠢᠯᠠᠩ ᠤᠨ ᠠᠯᠪᠠᠨ ᠬᠡᠷ ᠥᠪᠥᠷ ᠮᠣᠩᠭᠤᠯ ᠤᠨ ᠰᠠᠶᠢᠨ ᠠᠷᠭ᠎ᠠ ᠲᠤᠷᠰᠢᠯᠭ᠎ᠠ ᠶᠢ ᠨᠠᠷᠢᠨ ᠬᠢᠨᠠᠮᠠᠭᠠᠢ ᠳ᠋ᠦᠩᠨᠡᠵᠦ᠂ ᠪᠦᠬᠦ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠳᠤ ᠠᠰᠢᠭᠲᠠᠢ ᠯᠠᠪᠯᠠᠯᠳᠠ ᠬᠠᠨᠭ᠍ᠭᠠᠨ᠎ᠠ ᠬᠡᠪᠡ᠃      ᠯᠢᠦ ᠶᠦᠩ ᠹᠦ᠋᠄ ᠶᠠᠳᠠᠭᠤ ᠶᠢ ᠲᠡᠳᠬᠦᠬᠦ ᠳᠠᠭᠠᠭᠤᠯᠤᠭᠴᠢ ᠠᠵᠤ ᠠᠬᠤᠶᠢᠯᠠᠯ ᠲᠤᠰ ᠪᠡᠶ᠎ᠡ ᠶᠢᠨ ᠬᠥᠭᠵᠢᠯᠲᠡ ᠪᠠᠨ ᠪᠡᠶᠡᠯᠡᠭᠦᠯᠬᠦ ᠬᠡᠷᠡᠭᠲᠡᠶ ᠮᠦᠷᠲᠡᠭᠡᠨ ᠪᠠᠰᠠ ᠶᠠᠳᠠᠭᠤ ᠶᠢ ᠲᠡᠳᠬᠦᠵᠦ ᠶᠠᠳᠠᠭᠤ ᠶᠢ ᠳᠠᠭᠠᠭᠤᠯᠬᠤ ᠨᠡᠶᠢᠭᠡᠮ ᠤᠨ ᠬᠠᠷᠢᠭᠤᠴᠠᠯᠭ᠎ᠠ ᠶᠢ ᠡᠭᠦᠷᠭᠡᠯᠡᠵᠦ᠂ ᠶᠠᠳᠠᠭᠤ ᠬᠦᠴᠢᠷᠳᠡᠯᠲᠡᠢ ᠤᠯᠠᠨ ᠲᠦᠮᠡᠨ ᠢ ᠬᠠᠪᠰᠤᠷᠤᠨ ᠣᠷᠣᠯᠭ᠎ᠠ ᠶᠢ ᠨᠢ ᠦᠷᠭᠦᠯᠵᠢᠯᠡᠨ ᠨᠡᠮᠡᠭᠳᠡᠭᠦᠯᠵᠦ᠂ ᠠᠮᠢᠳᠤᠷᠠᠯ ᠢ ᠨᠢ ᠰᠠᠶᠢᠵᠢᠷᠠᠭᠤᠯᠬᠤ ᠬᠡᠷᠡᠭᠲᠡᠢ᠃ ᠪᠣᠳᠠᠲᠤ ᠬᠦᠴᠦᠨ ᠲᠠᠢ᠂ ᠮᠡᠷᠭᠡᠵᠢᠯ ᠲᠠᠢ᠂ ᠶᠡᠷᠦᠩᠬᠡᠶᠢᠯᠡᠨ ᠳᠠᠶᠢᠴᠢᠯᠠᠬᠤ ᠴᠢᠳᠠᠪᠤᠷᠢ ᠪᠠᠷ ᠴᠢᠩᠭ᠎ᠠ ᠶᠠᠳᠠᠭᠤ ᠶᠢ ᠲᠡᠳᠬᠦᠬᠦ ᠠᠵᠤ ᠠᠬᠤᠶᠢᠯᠠᠯ ᠪᠣᠯᠤᠨ ᠪᠠᠶᠠᠵᠢᠯ ᠤᠨ ᠴᠢᠳᠠᠪᠤᠷᠢᠲᠠᠨ ᠢ ᠶᠡᠬᠡᠪᠡᠷ ᠳᠡᠮᠵᠢᠵᠦ ᠪᠤᠶᠢᠵᠢᠭᠤᠯᠤᠨ᠂ ᠶᠠᠳᠠᠭᠤ ᠶᠢ ᠲᠡᠳᠬᠦᠬᠦ ᠠᠵᠤ ᠦᠢᠯᠡᠰ ᠤᠨ ᠬᠡᠪᠴᠢᠶᠡᠵᠢᠭᠰᠡᠨ ᠡᠷᠴᠢᠮᠵᠢᠭᠰᠡᠨ ᠬᠥᠭᠵᠢᠯᠲᠡ ᠶᠢ ᠠᠬᠢᠭᠤᠯᠵᠤ᠂ ᠶᠠᠳᠠᠭᠤ ᠬᠦᠴᠢᠷᠳᠡᠯᠲᠡᠶ ᠣᠯᠠᠨ ᠲᠦᠮᠡᠨ ᠯᠦᠭᠡ ᠶᠢᠨ ᠠᠯᠤᠰ ᠬᠡᠲᠦ ᠶᠢᠨ ᠬᠠᠷᠢᠯᠴᠠᠨ ᠬᠠᠷᠠᠭᠠᠯᠵᠠᠵᠤ ᠬᠠᠷᠢᠯᠴᠠᠨ ᠠᠰᠢᠭᠲᠠᠶ ᠪᠠᠶᠢᠬᠤ ᠵᠠᠭᠪᠤᠷ ᠪᠠ ᠲᠣᠭᠲᠠᠴᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠤᠬᠰᠠᠨ ᠦᠷ᠎ᠡ ᠪᠦᠲᠦᠭᠡᠯ ᠢ ᠪᠠᠬᠢᠵᠢᠭᠦᠯᠬᠦ᠂ ᠬᠠᠷᠢᠴᠠᠩᠭᠤᠶ ᠶᠠᠳᠠᠭᠤ ᠬᠦᠴᠢᠷᠳᠡᠯ ᠢ ᠰᠢᠢᠳᠪᠦᠷᠢᠯᠡᠬᠦ ᠳᠤ ᠪᠦᠲᠦᠮᠵᠢᠲᠡᠶ ᠠᠷᠭ᠎ᠠ ᠵᠠᠮ ᠢ ᠰᠦᠪᠡᠭᠴᠢᠯᠡᠭᠦ ᠬᠡᠷᠡᠭᠲᠡᠢ ᠭᠡᠵᠦ ᠵᠢᠭᠠᠵᠤ ᠭᠠᠷᠭᠠᠪᠠ᠃      ᠯᠢᠦ ᠶᠦᠩ ᠹᠦ᠋᠄ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠣᠷᠣᠭᠤᠯᠤᠯᠲᠠ ᠶᠢᠨ ᠡᠷᠴᠢᠮ ᠦᠷᠭᠦᠯᠵᠢᠯᠡᠨ ᠴᠢᠩᠭᠠᠷᠠᠵᠤ᠂ ᠨᠡᠯᠢᠶᠡᠳ ᠬᠡᠪᠴᠢᠶ᠎ᠠ ᠪᠦᠭᠦᠢ ᠶᠠᠳᠠᠭᠤ ᠶᠢ ᠲᠡᠳᠬᠦᠬᠦ ᠡᠳ᠋ ᠬᠦᠷᠦᠩᠭᠡ ᠶᠢ ᠪᠦᠷᠢᠯᠳᠦᠭᠦᠯᠵᠦ᠂ ᠶᠠᠳᠠᠭᠤ ᠬᠦᠴᠢᠷᠳᠡᠯᠲᠡᠢ ᠤᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠦᠨ ᠶᠠᠳᠠᠭᠤ ᠠᠴᠠ ᠠᠩᠭᠢᠵᠢᠷᠠᠭᠤᠯᠬᠤ᠂ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢ ᠪᠤᠵᠠᠭᠠᠶᠢᠷᠠᠭᠤᠯᠬᠤ ᠵᠡᠷᠭᠡ ᠲᠠᠯ᠎ᠠ ᠳᠤ ᠴᠢᠬᠤᠯᠠ ᠦᠢᠯᠡᠳᠦᠯ ᠦᠵᠡᠭᠦᠯᠪᠡ᠃ ᠶᠠᠳᠠᠭᠤ ᠶᠢ ᠲᠡᠳᠬᠦᠬᠦ ᠡᠳ᠋ ᠬᠥᠷᠥᠩᠭᠡ ᠶᠢᠨ ᠬᠠᠮᠢᠶᠠᠷᠤᠯᠲᠠ ᠶᠢ ᠦᠨᠡᠨᠬᠦ ᠴᠢᠩᠭᠠᠳᠬᠠᠵᠤ᠂ ᠰᠢᠶᠠᠨ ᠢᠶᠠᠷ ᠨᠢᠭᠡᠴᠢ ᠪᠣᠯᠭᠠᠨ ᠰᠠᠭᠤᠷᠢ ᠲᠤᠭ᠎ᠠ ᠶᠢ ᠪᠦᠬᠦ ᠲᠠᠯ᠎ᠠ ᠪᠠᠷ ᠲᠣᠳᠣᠷᠬᠠᠶ ᠣᠶᠢᠯᠠᠭᠠᠵᠤ᠂ ᠡᠳ᠋ ᠬᠥᠷᠥᠩᠭᠡ ᠶᠢᠨ ᠡᠷᠬᠡ ᠶᠢᠨ ᠬᠠᠷᠢᠶᠠᠯᠠᠯ ᠢ ᠲᠣᠳᠣᠷᠬᠠᠶᠢᠯᠠᠵᠤ᠂ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠤᠷᠲᠤ ᠬᠤᠭᠤᠴᠠᠭᠠᠨ ᠤ ᠪᠦᠲᠦᠮᠵᠢᠳᠦ ᠲᠣᠭᠲᠠᠴᠠ ᠶᠢ ᠪᠠᠶᠢᠭᠤᠯᠵᠤ᠂ ᠶᠠᠳᠠᠭᠤ ᠶᠢ ᠲᠡᠳᠬᠦᠬᠦ ᠡᠳ᠋ ᠬᠥᠷᠥᠩᠭᠡ ᠶᠢᠨ ᠤᠷᠲᠤ ᠬᠤᠭᠤᠴᠠᠭ᠎ᠠ ᠪᠠᠷ ᠦᠷ᠎ᠡ ᠠᠰᠢᠭ ᠢᠶᠠᠨ ᠪᠠᠳᠠᠷᠠᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃ ︵ᠥᠪᠥᠷ ᠮᠣᠩᠭᠤᠯ ᠤᠨ ᠡᠳᠦᠷ ᠤᠨ ᠰᠣᠨᠢᠨ ᠤ ᠬᠤᠷᠢᠶ᠎ᠠ ᠶᠢᠨ ᠬᠠᠮ ᠵᠠᠭᠤᠴᠢᠯᠠᠭᠤᠷ ᠤᠨ ᠰᠤᠷᠪᠤᠯᠵᠢᠯᠠᠭᠴᠢ ᠯᠢᠦ ᠰᠢᠶᠤᠤ ᠳ᠋ᠦᠩ  ᠳ᠋ᠠᠶ ᠬᠤᠩ   ᠭᠤᠤ ᠮᠢᠨ ᠨᠠ︶
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号