ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020-07-21
ᠵᠠᠩ ᠪᠠᠢ ᠴᠧᠩ ᠡᠷᠬᠢᠯᠡᠪᠡ     ︵ᠰᠤᠷᠪᠤᠯᠵᠢᠯᠠᠭᠴᠢ ᠯᠢᠦ ᠵᠢᠶᠦ᠋ᠨ︶ 7 ᠳ᠋ᠤᠭᠠᠷ ᠰᠠᠷ᠎ᠠ ᠶᠢᠨ 20 ᠤ ᠡᠳᠦᠷ᠂ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ  ᠵᠢᠯᠣᠭᠤᠳᠬᠤ ᠭᠠᠵᠠᠷ 45 ᠳ᠋ᠤᠭᠠᠷ ᠤᠳᠠᠭ᠎ᠠ ᠶᠢᠨ ᠲᠣᠬᠢᠷᠠᠭᠤᠯᠤᠯᠲᠠ ᠶᠢᠨ ᠬᠤᠷᠠᠯ ᠢ ᠬᠤᠷᠠᠯᠳᠤᠭᠤᠯᠤᠨ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ  ᠬᠤᠯᠪᠤᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ ︽ᠵᠠᠬᠢᠶᠠᠯᠠᠭ᠎ᠠ ᠶᠢᠨ ᠬᠤᠭᠤᠯᠠ ᠬᠦᠷᠭᠡᠬᠦ ᠪᠠ ᠲᠦᠷᠭᠡᠨ ᠬᠦᠷᠭᠡᠯᠲᠡ ᠶᠢᠨ ᠠᠵᠢᠯᠲᠠᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠡᠷᠡᠭᠦᠯ ᠮᠡᠨᠳᠦ ᠶᠢᠨ ᠰᠡᠷᠭᠡᠶᠢᠯᠡᠯᠲᠡ ᠬᠠᠮᠠᠭᠠᠯᠠᠯᠲᠠ ᠶᠢᠨ ᠵᠥᠭᠯᠡᠭᠦᠷ ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ︾᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠬᠤᠯᠪᠤᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ ︽ᠬᠥᠯᠳᠡᠭᠡᠭᠰᠡᠨ ᠬᠥᠷᠥᠭᠡᠭᠰᠡᠨ ᠮᠢᠬᠠᠨ ᠤ ᠵᠦᠢᠯ ᠤᠨ ᠲᠦᠭᠰᠢᠭᠦᠷᠢ ᠶᠢᠨ ᠪᠠᠶᠢᠴᠠᠭᠠᠯᠲᠠ ᠥᠷᠨᠢᠭᠦᠯᠬᠦ ᠲᠤᠬᠠᠢ ᠮᠡᠳᠡᠭᠳᠡᠯ︾᠂ ᠥᠪᠡᠷᠲᠡᠭᠡᠨ ᠵᠠᠰᠠᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ︽ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠤᠯᠠᠮ ᠨᠢᠭᠡ ᠠᠯᠬᠤᠮ ᠴᠢᠩᠭᠠᠳᠬᠠᠵᠤ ᠰᠢᠨ᠎ᠡ ᠲᠢᠲᠢᠮᠯᠢᠭ ᠠᠭᠤᠰᠬᠢᠨ ᠦᠷᠪᠢᠰᠦᠯ  ᠣᠷᠣᠵᠤ ᠢᠷᠡᠬᠦ ᠪᠠ ᠳᠡᠯᠭᠡᠷᠡᠬᠦ ᠶᠢ ᠴᠢᠩᠭ᠎ᠠ ᠰᠡᠷᠭᠡᠶᠢᠯᠡᠬᠦ ᠲᠤᠬᠠᠢ ᠪᠠᠴᠢᠮ ᠮᠡᠳᠡᠭᠳᠡᠯ︾ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠬᠤᠲᠠ ᠶᠢᠨ ᠳᠠᠷᠠᠭᠠᠴᠢ ᠶᠢᠨ ᠠᠯᠬᠤᠮ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠡ᠃ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ᠂ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠶᠡᠷᠦᠩᠬᠡᠢ ᠵᠢᠯᠣᠭᠤᠳᠤᠭᠴᠢ ᠵᠠᠩ ᠪᠠᠢ ᠴᠧᠩ ᠬᠤᠷᠠᠯ ᠢ ᠡᠷᠬᠢᠯᠡᠪᠡ᠃      ᠬᠤᠷᠠᠯ ᠠᠴᠠ ᠵᠢᠭᠠᠭᠰᠠᠨ ᠨᠢ᠂ ᠣᠳᠣᠬᠠᠨ ᠳᠤ᠂ ᠳᠡᠯᠡᠬᠡᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠮᠥᠨ ᠬᠦ ᠬᠦᠨᠳᠦ ᠨᠣᠴᠢᠲᠠᠢ ᠪᠠᠶᠢᠵᠤ᠂ ᠡᠭᠦᠨ ᠤ ᠵᠡᠷᠭᠡᠪᠡᠷ ᠤᠯᠤᠰ ᠤᠨ ᠳᠣᠲᠣᠭᠠᠳᠤ ᠶᠢᠨ ᠵᠠᠷᠢᠮ ᠭᠠᠵᠠᠷ ᠣᠷᠣᠨ ᠳᠤ ᠴᠦ ᠣᠨᠣᠰᠢᠯᠠᠭᠰᠠᠨ ᠡᠪᠡᠳᠴᠢᠨ ᠤ ᠵᠢᠱᠢᠶ᠎ᠡ ᠢᠯᠡᠷᠡᠵᠦ᠂ ᠮᠠᠨ ᠤ ᠬᠤᠲᠠ ᠶᠢᠨ ᠭᠠᠳᠠᠨ᠎ᠠ ᠠᠴᠠ ᠣᠷᠣᠵᠤ ᠢᠷᠡᠬᠦ ᠶᠢ ᠰᠡᠷᠭᠡᠶᠢᠯᠡᠬᠦ ᠠᠵᠢᠯ ᠤᠨ ᠳᠠᠷᠤᠭᠠᠰᠤ ᠶᠢ ᠤᠯᠠᠮ ᠨᠢᠭᠡ ᠠᠯᠬᠤᠮ ᠨᠡᠮᠡᠭᠳᠡᠭᠦᠯᠪᠡ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠡᠷᠬᠡᠪᠰᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠵᠢᠭᠠᠬᠠᠨ ᠴᠦ ᠬᠥᠩᠭᠡᠪᠴᠢᠯᠡᠵᠦ ᠪᠣᠯᠬᠤ ᠦᠭᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠪᠠᠶᠢᠩᠭᠤᠵᠢᠭᠰᠠᠨ ᠠᠷᠭ᠎ᠠ ᠬᠡᠮᠵᠢᠶ᠎ᠡ ᠶᠢ ᠦᠷᠭᠦᠯᠵᠢᠯᠡᠨ ᠰᠠᠶᠢᠲᠤᠷ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠤᠭ ᠤᠨ ᠰᠢᠨ᠎ᠡ ᠱᠠᠭᠠᠷᠳᠠᠯᠭ᠎ᠠ ᠶᠣᠰᠣᠭᠠᠷ᠂ ᠳᠤᠮᠳᠠ ᠥᠨᠳᠥᠷ ᠲᠡᠰ ᠤᠨ ᠲᠦᠭᠰᠢᠭᠦᠷᠢᠲᠡᠢ ᠭᠠᠵᠠᠷ ᠣᠷᠣᠨ ᠠᠴᠠ ᠢᠷᠡᠭᠰᠡᠨ ᠬᠥᠮᠥᠰ ᠢ ᠵᠢᠭᠰᠠᠭᠠᠨ ᠪᠠᠶᠢᠴᠠᠭᠠᠵᠤ ᠬᠠᠮᠢᠶᠠᠷᠤᠨ ᠡᠵᠡᠮᠳᠡᠬᠦ ᠪᠠᠨ ᠤᠯᠠᠮ ᠨᠢᠭᠡ ᠠᠯᠬᠤᠮ ᠴᠢᠩᠭᠠᠳᠬᠠᠨ᠂ ᠮᠠᠨ ᠤ ᠬᠤᠲᠠ ᠶᠢᠨ ᠬᠠᠷᠠᠭᠠᠯᠵᠠᠬᠤ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠪᠠ ᠵᠢᠭᠰᠠᠭᠠᠨ ᠪᠠᠶᠢᠴᠠᠭᠠᠬᠤ ᠬᠦᠷᠢᠶ᠎ᠡ ᠬᠡᠪᠴᠢᠶ᠎ᠡ ᠳᠤ ᠴᠠᠭ ᠲᠤᠬᠠᠢ  ᠳᠤᠨᠢ ᠲᠣᠬᠢᠷᠠᠭᠤᠯᠤᠯᠲᠠ ᠬᠢᠵᠦ ᠲᠡᠭᠦᠯᠳᠡᠷᠵᠢᠬᠦᠯᠦᠨ᠂ ᠦᠨᠴᠦᠭ ᠪᠣᠯᠣᠩ ᠦᠯᠡᠳᠡᠭᠡᠬᠦ ᠦᠭᠡᠢ᠂ ᠨᠢᠭᠡ ᠬᠥᠮᠥᠨ ᠢ ᠴᠦ ᠣᠷᠬᠢᠭᠳᠠᠭᠤᠯᠵᠤ ᠪᠣᠯᠬᠤ ᠦᠭᠡᠢ᠃ ᠣᠯᠠᠨ ᠤᠯᠤᠰ ᠤᠨ ᠨᠢᠰᠬᠡᠯ ᠢ ᠬᠤᠪᠢᠶᠠᠷᠢᠯᠠᠨ ᠪᠠᠭᠤᠯᠭᠠᠬᠤ ᠡᠭᠦᠷᠭᠡ ᠶᠢ ᠦᠷᠭᠦᠯᠵᠢᠯᠡᠨ ᠰᠠᠶᠢᠲᠤᠷ ᠪᠡᠶᠡᠯᠡᠭᠦᠯᠵᠦ᠂ ᠬᠤᠪᠢᠶᠠᠷᠢᠯᠠᠬᠤ᠂ ᠰᠢᠯᠵᠢᠭᠦᠯᠦᠨ ᠬᠦᠷᠭᠡᠬᠦ᠂ ᠲᠤᠰᠠᠭᠠᠷᠯᠠᠬᠤ ᠵᠡᠷᠭᠡ ᠡᠯ᠎ᠡ ᠲᠠᠯ᠎ᠠ ᠶᠢᠨ ︽ᠪᠢᠲᠡᠭᠦᠦ ᠴᠠᠭᠠᠷᠢᠭ ᠤᠨ ᠬᠠᠮᠢᠶᠠᠷᠤᠯᠲᠠ︾ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃ ︽ᠨᠢᠭᠡ ᠪᠠᠭᠤᠳᠠᠯ ᠬᠤᠶᠠᠷ ᠥᠷᠲᠡᠭᠡ︾ ᠶᠢᠨ ᠬᠠᠮᠢᠶᠠᠷᠤᠯᠲᠠ ᠡᠵᠡᠮᠳᠡᠯ ᠢ ᠭᠤᠣᠯᠳᠠᠯᠭ᠎ᠠ ᠲᠠᠢ ᠰᠠᠶᠢᠲᠤᠷ ᠬᠢᠵᠦ᠂ ᠡᠷᠡᠭᠦᠯ ᠮᠡᠨᠳᠦ ᠶᠢᠨ ᠺᠣᠳ᠋ ᠢ ᠬᠡᠷᠡᠭᠯᠡᠨ ᠨᠡᠪᠲᠡᠷᠡᠬᠦ ᠶᠢ ᠲᠦᠯᠬᠢᠨ ᠠᠬᠢᠭᠤᠯᠵᠤ᠂ ᠣᠯᠠᠨ ᠲᠦᠮᠡᠨ ᠤ ᠶᠠᠪᠤᠵᠤ ᠰᠠᠭᠤᠬᠤ ᠠᠮᠤᠷ ᠲᠦᠪᠰᠢᠨ ᠢ ᠪᠠᠲᠤᠯᠠᠬᠤ ᠬᠡᠷᠡᠭᠲᠡᠢ ᠭᠡᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠭᠤᠣᠯᠳᠠᠯᠭ᠎ᠠ ᠲᠠᠢ ᠣᠷᠣᠨ ᠪᠦᠰᠡ᠂ ᠭᠤᠣᠯᠳᠠᠯᠭ᠎ᠠ ᠲᠠᠢ ᠬᠥᠮᠥᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠵᠦ᠂ ᠬᠤᠳᠠᠯᠳᠤᠭᠠᠨ ᠤ ᠭᠠᠵᠠᠷ᠂ ᠡᠮᠨᠡᠯᠭᠡ ᠶᠢᠨ ᠬᠤᠷᠢᠶ᠎ᠠ᠂ ᠰᠤᠷᠭᠠᠭᠤᠯᠢ ᠵᠡᠷᠭᠡ ᠬᠥᠮᠥᠨ ᠬᠠᠷ᠎ᠠ ᠣᠯᠠᠨ ᠲᠠᠢ ᠭᠠᠵᠠᠷ ᠲᠤ ᠴᠦᠮ ᠪᠣᠳᠠᠲᠠᠢ ᠳᠤ ᠨᠡᠶᠢᠴᠡᠬᠦ᠂ ᠦᠨᠡᠨᠬᠦ ᠬᠡᠷᠡᠭᠵᠢᠬᠦᠯᠵᠦ ᠪᠣᠯᠬᠤᠶᠢᠴᠠ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠢ ᠤᠷᠢᠳᠴᠢᠯᠠᠨ ᠲᠣᠭᠲᠠᠭᠠᠵᠤ᠂ ᠭᠡᠨᠡᠳᠲᠡ ᠶᠢᠨ ᠬᠡᠷᠡᠭ ᠭᠠᠷᠬᠤ ᠦᠶ᠎ᠡ ᠳᠤ ᠴᠠᠭ ᠳᠠᠷᠤᠢ ᠳᠤᠨᠢ ᠲᠤᠰᠬᠠᠯ ᠭᠠᠷᠭᠠᠨ ᠪᠦᠲᠦᠮᠵᠢᠲᠡᠢ ᠠᠷᠭᠠᠴᠠᠭᠠᠵᠤ ᠳᠡᠶᠢᠯᠬᠦ ᠶᠢ ᠪᠠᠲᠤᠯᠠᠬᠤ ᠬᠡᠷᠡᠭᠲᠡᠢ᠃ ᠪᠦᠬᠦ ᠬᠤᠲᠠ ᠶᠢᠨ ᠬᠥᠯᠳᠡᠭᠡᠭᠰᠡᠨ ᠬᠥᠷᠥᠭᠡᠭᠰᠡᠨ ᠮᠢᠬᠠᠨ ᠤ ᠵᠦᠢᠯ ᠳᠤ ᠠᠯᠢ ᠲᠦᠷᠭᠡᠨ ᠢᠶᠠᠷ ᠪᠦᠬᠦ ᠲᠠᠯ᠎ᠠ ᠶᠢᠨ ᠲᠦᠭᠰᠢᠭᠦᠷᠢ ᠶᠢᠨ ᠪᠠᠶᠢᠴᠠᠭᠠᠯᠲᠠ ᠬᠢᠵᠦ᠂ ᠠᠮᠤᠷ ᠲᠦᠪᠰᠢᠨ ᠤ ᠳᠠᠯᠳᠠ ᠬᠡᠮ ᠢ ᠴᠠᠭ ᠲᠤᠬᠠᠢ ᠳᠤᠨᠢ ᠠᠷᠢᠯᠭᠠᠵᠤ᠂ ᠪᠠᠶᠢᠩᠭᠤᠵᠢᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠣᠣᠷ ᠢ ᠨᠢᠭᠲᠠ ᠪᠠᠲᠤ  ᠰᠦᠯᠵᠢᠬᠦ ᠬᠡᠷᠡᠭᠲᠡᠢ ᠭᠡᠪᠡ᠃      ᠬᠤᠲᠠ ᠶᠢᠨ ᠤᠳᠤᠷᠢᠳᠤᠯᠭ᠎ᠠ ᠯᠢᠦ ᠴᠧᠩ ᠮᠢᠨ᠂ ᠸᠠᠩ ᠬᠤᠤ ᠯᠧᠢ᠂ ᠰᠢᠦᠢ ᠷᠦᠢ ᠰᠢᠶᠠ᠂ ᠪᠢ ᠭᠥᠸᠧ ᠴᠧᠨ᠂ ᠹᠦ᠋ ᠪᠢᠨ᠂ ᠴᠢᠶᠥᠥ ᠶᠦᠨ ᠯᠢ᠂ ᠵᠠᠩ ᠭᠥᠸᠧ ᠫᠢᠩ᠂ ᠬᠥᠬᠡᠬᠤᠲᠠ ᠶᠢᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠯᠢ ᠰᠢᠶᠥᠥ ᠳ᠋ᠦᠩ᠂ ᠬᠤᠲᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠵᠠᠩ ᠵᠦᠩ ᠳ᠋ᠦᠩ ᠵᠢᠴᠢ ᠡᠯ᠎ᠡ ᠬᠤᠰᠢᠭᠤ ᠰᠢᠶᠠᠨ ᠲᠣᠭᠤᠷᠢᠭ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠪᠠ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号