ᠸᠠᠩ ᠯᠢ ᠰᠢᠶᠠ ᠴᠠᠩᠵᠧᠦ ᠶᠢᠨ ᠬᠤᠸᠠ ᠶᠣᠣ ᠪᠡᠯᠡ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠰᠢᠶᠦ᠋ᠨ ᠵᠢᠶᠠᠨ ᠬᠤᠸᠠ ᠨᠠᠷ ᠲᠠᠢ ᠠᠭᠤᠯᠵᠠᠪᠠ ᠵᠠᠩ ᠪᠠᠢ ᠴᠧᠩ ᠣᠷᠣᠯᠴᠠᠪᠠ
ᠨᠡᠶᠢᠲᠡᠯᠡᠭᠰᠡᠨ ᠴᠠᠭ᠄
2020-07-22
     ᠬᠦᠬᠡᠬᠤᠲᠠ ᠶᠢᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠶᠦᠨ ᠵᠢᠩ︶ 7 ᠳ᠋ᠤᠭᠠᠷ ᠰᠠᠷ᠎ᠠ ᠶᠢᠨ 21 ᠤ ᠡᠳᠦᠷ ᠤᠨ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠯᠢ ᠰᠢᠶᠠ ᠴᠠᠩᠵᠸᠦ ᠶᠢᠨ ᠬᠤᠸᠠ ᠶᠣᠣ ᠪᠠᠯᠠ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠰᠢᠶᠦ᠋ᠨ ᠵᠢᠶᠠᠨ ᠬᠤᠸᠠ ᠨᠠᠷ ᠲᠠᠢ ᠠᠭᠤᠯᠵᠠᠪᠠ᠃      ᠠᠭᠤᠯᠵᠠᠯᠲᠠ ᠳᠤ᠂ ᠸᠠᠩ ᠯᠢ ᠰᠢᠶᠠ ᠰᠢᠶᠦ᠋ᠨ ᠵᠢᠶᠠᠨ ᠬᠤᠸᠠ ᠨᠠᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠭᠰᠡᠨ ᠪᠥᠭᠡᠳ ᠣᠶᠢᠷ᠎ᠠ ᠶᠢᠨ ᠵᠢᠯ ᠤᠨ ᠲᠤᠷᠰᠢᠬᠢ ᠲᠥᠪ ᠬᠤᠲᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠠᠶᠢᠳᠠᠯ ᠢ ᠲᠣᠪᠴᠢ ᠲᠠᠨᠢᠯᠴᠠᠭᠤᠯᠪᠠ᠃ ᠲᠡᠷᠡ ᠬᠡᠯᠡᠬᠦ ᠳᠡᠭᠡᠨ᠂ ᠣᠳᠣᠬᠠᠨ ᠳᠤ᠂ ᠪᠦᠬᠦ ᠬᠤᠳᠠ ᠪᠠᠷ ᠢᠶᠠᠨ ᠶᠠᠭ ᠶᠡᠷᠦᠩᠬᠡᠢ ᠱᠦᠵᠢ ᠰᠢ ᠶᠢᠨ ᠫᠢᠩ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠥᠪᠥᠷ ᠮᠣᠩᠭᠤᠯ ᠤᠨ ᠲᠦᠯᠦᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠦᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠰᠠᠶᠢᠲᠤᠷ ᠵᠠᠮᠨᠠᠬᠤ ᠶᠢ ᠪᠠᠷᠢᠮᠲᠠᠯᠠᠵᠤ ᠪᠠᠶᠢᠨ᠎ᠠ᠃ ᠪᠦᠬᠦ ᠤᠯᠤᠰ ᠤᠨ ᠡᠯ᠎ᠡ ᠭᠠᠵᠠᠷ ᠤᠨ ᠰᠢᠯᠢᠳᠡᠭ ᠠᠵᠤ ᠠᠬᠤᠶᠢᠯᠠᠯ ᠬᠦᠬᠡᠬᠤᠲᠠ ᠳᠤ ᠢᠷᠡᠵᠦ ᠪᠡᠯᠡ ᠣᠷᠣᠭᠤᠯᠤᠨ ᠦᠢᠯᠡᠰ ᠪᠣᠰᠬᠠᠵᠤ᠂ ᠲᠥᠪ ᠬᠤᠲᠠ ᠶᠢᠨ ᠴᠢᠨᠠᠷ ᠰᠠᠶᠢᠲᠠᠢ ᠬᠥᠭᠵᠢᠯᠲᠡ ᠳᠤ ᠢᠳᠡᠪᠬᠢᠲᠡᠢ ᠣᠷᠤᠯᠴᠠᠬᠤ ᠶᠢ ᠲᠦᠢᠯ ᠢᠶᠠᠷ ᠪᠠᠶᠠᠷᠯᠠᠨ ᠤᠭᠳᠤᠵᠤ ᠪᠠᠶᠢᠨ᠎ᠠ᠃ ᠡᠭᠦᠨ ᠤ ᠬᠠᠮᠲᠤ᠂ ᠲᠥᠪ ᠬᠤᠲᠠ ᠪᠠᠰᠠ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠬᠦᠯᠵᠦ᠂ ᠠᠵᠤ ᠠᠬᠤᠶᠢᠯᠠᠯ ᠳᠤ ᠲᠤᠯᠭᠠᠷᠠᠭᠰᠠᠨ ᠬᠦᠴᠢᠷᠳᠡᠯ ᠢ ᠢᠳᠡᠪᠬᠢᠲᠡᠶ ᠰᠢᠢᠳᠪᠦᠷᠢᠯᠡᠨ ᠦᠭᠴᠦ᠂ ᠰᠠᠨᠠᠭ᠎ᠠ ᠲᠠᠯᠪᠢᠵᠤ᠂ ᠥᠨᠡᠨ ᠰᠡᠳᠬᠢᠯ ᠠᠴᠠ ᠪᠠᠨ ᠬᠦᠴᠦ  ᠤᠷᠤᠭᠤᠯᠤᠨ ᠦᠢᠯᠡᠴᠢᠯᠡᠭᠡ ᠶᠢ ᠪᠣᠳᠠᠲᠠᠶ ᠳᠤ ᠨᠠᠶᠢᠳᠠᠪᠤᠷᠢᠵᠢᠭᠤᠯᠤᠨ᠂ ᠠᠵᠤ ᠠᠬᠤᠶᠢᠯᠠᠯ ᠤᠨ ᠬᠥᠭᠵᠢᠯᠲᠡ ᠪᠣᠯᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠰᠠᠶᠢᠨ ᠰᠠᠶᠢᠬᠠᠨ ᠣᠷᠴᠢᠨ ᠲᠣᠭᠤᠷᠢᠨ ᠢ ᠡᠭᠦᠳᠴᠦ ᠦᠭᠭᠦᠨ᠎ᠡ ᠭᠡᠵᠡᠢ᠃      ᠰᠢᠶᠦ᠋ᠨ ᠵᠢᠶᠠᠨ ᠬᠤᠸᠠ ᠬᠡᠯᠡᠬᠦ ᠳᠡᠭᠡᠨ᠂ ᠬᠥᠬᠡᠬᠤᠲᠠ ᠶᠢᠨ ᠣᠷᠣᠨ ᠪᠠᠶᠢᠷᠢ᠂ ᠡᠬᠢ ᠪᠠᠶᠠᠯᠢᠭ ᠤᠨ ᠳᠠᠪᠠᠭᠤᠯᠢᠭ ᠢᠯᠡᠳᠲᠡ ᠪᠠᠶᠢᠵᠤ᠂ ᠠᠵᠤ ᠠᠬᠤᠶᠢᠯᠠᠯ ᠤᠨ ᠪᠡᠯᠡ ᠣᠷᠣᠭᠤᠯᠤᠨ ᠦᠢᠯᠡᠰ ᠪᠤᠰᠬᠠᠬᠤ ᠳᠤ ᠮᠠᠰᠢ ᠴᠢᠩᠭ᠎ᠠ ᠲᠠᠲᠠᠬᠤ ᠬᠦᠴᠦᠨ ᠲᠠᠢ ᠶᠤᠮ᠃ ᠨᠢᠳᠤᠨᠤᠨ᠂ ᠬᠥᠬᠡᠬᠤᠲᠠ ᠳᠤ 3GW ᠳᠠᠩ ᠲᠠᠯᠠᠰᠲᠤ ᠴᠠᠬᠢᠭᠤᠷ ᠤᠨ ᠢᠯᠲᠠᠰᠤ ᠦᠢᠯᠡᠳᠪᠦᠷᠢᠯᠡᠬᠦ ᠲᠥᠷᠥᠯ ᠵᠦᠢᠯ ᠳᠤ ᠪᠡᠯᠡ ᠤᠷᠤᠭᠤᠯᠤᠨ ᠪᠦᠳᠦᠭᠡᠨ ᠪᠠᠶᠢᠭᠤᠯᠤᠭᠰᠠᠨ ᠠᠴᠠ ᠨᠠᠭᠠᠰᠢ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠬᠦᠴᠦᠲᠡᠶ ᠳᠡᠮᠵᠢᠯᠭᠡ ᠦᠵᠡᠭᠦᠯᠵᠡᠶ  ᠂ ᠡᠨᠡ ᠨᠢ ᠠᠵᠤ ᠠᠬᠤᠶᠢᠯᠠᠯ ᠤᠨ ᠬᠥᠬᠡᠬᠤᠲᠠ ᠳᠤ ᠪᠠᠯᠠ ᠤᠷᠤᠭᠤᠯᠤᠨ ᠬᠦᠭᠵᠢᠬᠦ ᠢᠲᠡᠭᠡᠯ ᠵᠣᠷᠢᠭ ᠢ ᠤᠯᠠᠮ ᠨᠡᠮᠡᠭᠳᠡᠭᠦᠯᠪᠡ᠂ ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ ᠲᠥᠪ ᠬᠤᠲᠠ ᠶᠢᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ ᠭᠡᠵᠡᠢ᠃      ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠵᠠᠩ ᠪᠠᠢ ᠴᠧᠩ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠦ᠋ ᠸᠧᠨ ᠮᠢᠩ᠂ ᠬᠦᠬᠡᠬᠤᠲᠠ ᠶᠢᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠯᠢ ᠰᠢᠶᠤᠤ ᠳ᠋ᠦᠩ ᠨᠡᠷ ᠠᠭᠤᠯᠵᠠᠯᠲᠠ ᠳᠤ ᠣᠷᠣᠯᠴᠠᠪᠠ᠃  
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号