ᠳᠡᠭᠡᠳᠦ ᠳᠤᠮᠳᠠᠳᠤ ᠳᠤ ᠳᠠᠪᠰᠢᠬᠤ ᠰᠢᠯᠭᠠᠯᠲᠠ ᠡᠬᠢᠯᠡᠯ᠎ᠡ
ᠨᠡᠶᠢᠲᠡᠯᠡᠭᠰᠡᠨ ᠴᠠᠭ᠄
2020-07-22
     7 ᠳ᠋ᠤᠭᠠᠷ ᠰᠠᠷ᠎ᠠ ᠶᠢᠨ 21 ᠤ ᠡᠳᠦᠷ ᠤᠨ ᠦᠳᠡ ᠶᠢᠨ ᠡᠮᠦᠨ᠎ᠡ᠂ 2020 ᠣᠨ ᠤ ᠬᠥᠬᠡᠬᠤᠲᠠ ᠶᠢᠨ ᠳᠡᠭᠡᠳᠦ ᠳᠤᠮᠳᠠᠳᠤ ᠳᠤ ᠳᠠᠪᠰᠢᠬᠤ ᠰᠢᠯᠭᠠᠯᠲᠠ ᠡᠬᠢᠯᠡᠪᠡ᠃ ᠣᠶᠢᠯᠠᠭᠠᠭᠰᠠᠨ ᠢᠶᠠᠷ᠂ ᠡᠨᠡ ᠵᠢᠯ ᠬᠥᠬᠡᠬᠤᠲᠠ ᠶᠢᠨ ᠳᠡᠭᠡᠳᠦ ᠳᠤᠮᠳᠠᠳᠤ ᠳᠤ ᠳᠠᠪᠰᠢᠬᠤ ᠰᠢᠯᠭᠠᠯᠲᠠ ᠳᠤ ᠨᠡᠷ᠎ᠡ ᠮᠡᠳᠡᠭᠦᠯᠦᠭᠰᠡᠨ ᠬᠥᠮᠥᠨ ᠤ ᠲᠤᠭ᠎ᠠ 28268 ᠬᠦᠷᠴᠦ᠂ ᠨᠢᠳᠤᠨᠤᠨ ᠤ ᠬᠢ ᠠᠴᠠ 5276 ᠬᠥᠮᠥᠨ ᠨᠡᠮᠡᠭᠳᠡᠵᠡᠢ᠃ ᠪᠦᠬᠦ ᠬᠤᠲᠠ ᠳᠤ 29 ᠰᠢᠯᠭᠠᠯᠲᠠ ᠶᠢᠨ ᠴᠡᠭ᠂ 953 ᠰᠢᠯᠭᠠᠯᠲᠠ ᠶᠢᠨ ᠲᠠᠯᠠᠪᠠᠢ ᠲᠣᠬᠢᠷᠠᠭᠤᠯᠵᠠᠢ᠃ ᠡᠭᠦᠨ ᠳᠤ᠂ ᠬᠤᠲᠠ ᠶᠢᠨ ᠳᠥᠷᠪᠡᠨ ᠲᠣᠭᠤᠷᠢᠭ ᠠᠴᠠ ᠨᠡᠶᠢᠲᠡ 21647 ᠰᠤᠷᠤᠭᠴᠢ ᠰᠢᠯᠭᠠᠯᠲᠠ ᠳᠤ ᠣᠷᠣᠯᠴᠠᠪᠠ᠃      ᠵᠢᠷᠤᠭ᠄ ᠰᠤᠷᠤᠭᠴᠢᠳ ᠰᠢᠯᠭᠠᠯᠲᠠ ᠶᠢᠨ ᠲᠠᠯᠠᠪᠠᠢ ᠠᠴᠠ ᠭᠠᠷᠴᠤ ᠢᠷᠡᠵᠦ ᠪᠠᠶᠢᠭ᠎ᠠ ᠨᠢ᠃                                                 ᠰᠤᠷᠪᠤᠯᠵᠢᠯᠠᠭᠴᠢ ᠸᠠᠩ ᠵᠦᠩ ᠵᠸᠦ ᠰᠡᠭᠦᠳᠡᠷᠯᠡᠪᠡ
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号