ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ 2019 ᠣᠨ ᠤ ᠬᠠᠤᠯᠢᠵᠢᠯ‌‍ᠤᠨ ᠵᠠᠰᠠᠭ ᠤᠨ ᠣᠷᠳᠣᠨ ᠤ ᠪᠠᠶᠢᠭᠤᠯᠤᠯᠳᠠ ᠶᠢᠨ ᠠᠵᠢᠯ ᠤᠨ ᠮᠡᠳᠡᠭᠦᠯᠦᠯᠲᠡ
ᠨᠡᠶᠢᠲᠡᠯᠡᠭᠰᠡᠨ ᠴᠠᠭ᠄
2020-07-22
           ᠬᠦᠬᠡᠬᠤᠲᠠ ᠵᠠᠰᠠᠭ ᠲᠠᠷᠬᠠᠭᠠᠭᠰᠠᠨ ﹇2020﹈ 43 ᠳ᠋ᠤᠭᠠᠷ ᠲᠤᠭᠠᠳᠤ                    2020 ᠣᠨ ᠤ 4 ᠳ᠋ᠤᠭᠡᠷ ᠰᠠᠷ᠎ᠠ ᠶᠢᠨ 1 ᠤ ᠡᠳᠦᠷ      2019 ᠣᠨ ᠳᠤ᠂ ᠮᠠᠨ ᠤ ᠬᠤᠲᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠲᠠᠯ᠎ᠠ ᠪᠠᠷ ᠬᠠᠤᠯᠢ ᠶᠣᠰᠣᠭᠠᠷ ᠤᠯᠤᠰ ᠢᠶᠠᠨ ᠵᠠᠰᠠᠬᠤ ᠲᠤᠬᠠᠢ ᠴᠢᠬᠤᠯᠠ ᠥᠭᠦᠯᠡᠯᠲᠡ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠬᠤᠲᠠ ᠶᠢᠨ ᠡᠯ᠎ᠡ ᠱᠠᠲᠤᠨ ᠤ ᠵᠠᠰᠠᠭ ᠤᠨ ᠣᠷᠳᠣᠨ ᠵᠢᠴᠢ ᠡᠯ᠎ᠡ ᠰᠠᠯᠠᠭ᠎ᠠ ᠮᠥᠴᠢᠷ ᠬᠠᠤᠯᠢ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠵᠠᠰᠠᠭ ᠵᠠᠬᠢᠷᠭᠠᠨ ᠤ ᠦᠢᠯᠡ ᠠᠵᠢᠯᠯᠠᠭ᠎ᠠ ᠪᠠᠨ ᠵᠢᠷᠤᠮᠵᠢᠭᠤᠯᠵᠤ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠳᠠ ᠶᠢ ᠴᠢᠩᠭᠠᠳᠬᠠᠵᠤ᠂ ᠡᠯ᠎ᠡ ᠵᠦᠢᠯ ᠤᠨ ᠡᠭᠦᠷᠭᠡ  ᠪᠠᠨ ᠨᠡᠯᠢᠶᠡᠳ ᠰᠠᠶᠢᠨ ᠪᠡᠶᠡᠯᠡᠭᠦᠯᠪᠡ᠃      ᠨᠢᠭᠡ᠂ ᠨᠢᠭᠡᠳᠦᠯᠲᠡᠶ ᠲᠥᠯᠥᠪᠯᠡᠨ ᠪᠠᠶᠢᠷᠢᠯᠠᠭᠤᠯᠬᠤ ᠪᠠᠨ ᠴᠢᠩᠭᠠᠳᠬᠠᠵᠤ᠂ ᠬᠠᠤᠯᠢᠵᠢᠯ ᠤᠨ ᠵᠠᠰᠠᠭ ᠤᠨ ᠤᠷᠳᠤᠨ ᠤ ᠪᠠᠶᠢᠭᠤᠯᠤᠯᠲᠠ ᠶᠢ ᠭᠦᠨᠵᠡᠭᠡᠶ ᠲᠦᠯᠬᠢᠨ ᠠᠬᠢᠭᠤᠯᠪᠠ      ᠪᠥᠬᠦ ᠲᠠᠯ᠎ᠠ ᠪᠠᠷ ᠬᠠᠤᠯᠢ ᠶᠤᠰᠤᠭᠠᠷ ᠬᠤᠲᠠ ᠪᠠᠨ ᠵᠠᠰᠠᠬᠤ ᠶᠢ ᠪᠠᠷᠢᠮᠲᠠᠯᠠᠵᠤ᠂ ᠬᠤᠲᠠ ᠶᠢᠨ ᠵᠠᠰᠠᠭ ᠤᠨ ᠣᠷᠳᠣᠨ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠢᠮᠠᠭᠲᠠ ᠪᠥᠬᠦ ᠬᠤᠲᠠ ᠶᠢᠨ ᠠᠵᠢᠯ ᠤᠨ ᠴᠢᠬᠤᠯᠠ ᠪᠠᠶᠢᠷᠢᠨ ᠳᠤ ᠲᠠᠯᠪᠢᠵᠤ᠂ ᠬᠠᠤᠯᠢᠵᠢᠯ ᠤᠨ ᠵᠠᠰᠠᠭ ᠤᠨ ᠣᠷᠳᠣᠨ  ᠢ ᠪᠠᠶᠢᠭᠤᠯᠬᠤ ᠴᠢᠬᠤᠯᠠ ᠵᠣᠬᠢᠶᠠᠨ ᠪᠠᠶᠢᠭᠤᠯᠤᠭᠴᠢ᠂ ᠠᠬᠢᠭᠤᠯᠤᠭᠴᠢ ᠪᠠ ᠦᠢᠯᠡᠳᠦᠯᠭᠡᠵᠢᠭᠦᠯᠦᠭᠴᠢ  ᠶᠢᠨ ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠬᠦᠢᠴᠡᠳᠭᠡᠵᠦ᠂ ︽2019 ᠣᠨ ᠤ ᠬᠥᠬᠡᠬᠤᠲᠠ ᠶᠢᠨ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠤᠨ ᠲᠥᠯᠥᠪᠯᠡᠭᠡ︾ ᠶᠢ ᠳᠠᠷᠤᠮᠠᠯᠯᠠᠨ ᠲᠠᠷᠬᠠᠭᠠᠵᠤ᠂  ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠣᠨ ᠤ ᠠᠵᠢᠯ ᠤᠨ ᠡᠭᠦᠷᠭᠡ ᠶᠢ ᠪᠠᠶᠢᠷᠢᠯᠠᠭᠤᠯᠪᠠ᠃ ᠬᠠᠤᠯᠢᠵᠢᠯ ᠤᠨ ᠵᠠᠰᠠᠭ ᠤᠨ ᠣᠷᠳᠣᠨ ᠤ ᠮᠡᠳᠡᠭᠦᠯᠦᠯᠲᠡ ᠶᠢᠨ ᠳᠦᠷᠢᠮ  ᠢ ᠬᠢᠨᠠᠮᠠᠭᠠᠶ ᠨᠠᠶᠢᠳᠠᠪᠤᠷᠢᠵᠢᠭᠤᠯᠵᠤ᠂ ᠳᠡᠭᠡᠷ᠎ᠡ ᠨᠢᠭᠡ ᠵᠢᠯ ᠤᠨ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠤᠨ ᠪᠠᠶᠢᠳᠠᠯ ᠢᠶᠠᠨ ᠲᠣᠭᠲᠠᠭᠰᠠᠨ ᠬᠤᠭᠤᠴᠠᠭᠠᠨ ᠳᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠣᠯᠤᠨ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠮᠡᠳᠡᠭᠦᠯᠬᠦ ᠶᠢᠨ ᠬᠠᠮᠲᠤ ᠮᠡᠳᠡᠭᠦᠯᠦᠯᠲᠡ ᠶᠢᠨ ᠠᠭᠤᠯᠭ᠎ᠠ ᠪᠠᠨ ᠵᠠᠰᠠᠭ ᠤᠨ ᠣᠷᠳᠣᠨ ᠤ  ᠠᠯᠪᠠᠨ ᠰᠦᠯᠵᠢᠶ᠎ᠡ ᠪᠠᠷ ᠨᠡᠶᠢᠭᠡᠮ ᠳᠤ ᠢᠯᠡ ᠨᠡᠶᠢᠳᠡᠯᠡᠪᠡ᠃      ᠬᠤᠶᠠᠷ᠂ ᠡᠭᠦᠷᠭᠡ ᠴᠢᠳᠠᠪᠤᠷᠢ ᠪᠠᠨ ᠪᠥᠬᠦ ᠲᠠᠯ᠎ᠠ ᠪᠠᠷ ᠬᠤᠪᠢᠷᠠᠭᠤᠯᠵᠤ᠂ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠠᠬᠢᠭᠤᠯᠪᠠ      ᠨᠢᠭᠡ ᠳᠤ ︽ᠨᠢᠭᠡ ᠰᠦᠯᠵᠢᠶ᠎ᠡ᠂ ᠨᠢᠭᠡ ᠡᠭᠦᠳᠡ᠂ ᠨᠢᠭᠡ ᠤᠳᠠᠭ᠎ᠠ᠂ ᠨᠢᠭᠡ ᠴᠣᠩᠬᠤᠪᠴᠢ︾ ᠶᠢᠨ ᠬᠠᠮᠢᠶᠠᠷᠤᠯᠲᠠ ᠶᠢᠨ ᠰᠢᠨ᠎ᠡ ᠵᠠᠭᠪᠤᠷ ᠢ ᠬᠡᠷᠡᠭᠵᠢᠭᠦᠯᠵᠦ᠂ 21 ᠬᠤᠲᠠ ᠶᠢᠨ ᠱᠠᠲᠤᠨ ᠤ ᠰᠠᠯᠠᠭ᠎ᠠ ᠮᠥᠴᠢᠷ ᠤᠨ 144 ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠢ ᠬᠤᠲᠠ ᠶᠢᠨ ᠵᠠᠰᠠᠭ ᠵᠠᠬᠢᠷᠭᠠᠨ ᠤ ᠬᠢᠨᠠᠨ  ᠵᠦᠪᠰᠢᠶᠡᠷᠡᠯᠲᠡ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠳᠤ ᠲᠥᠪᠯᠡᠷᠡᠭᠦᠯᠦᠨ᠂ ᠪᠥᠬᠦ ᠵᠢᠯ ᠳᠤ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯᠲᠡ ᠶᠢᠨ ᠲᠤᠰᠬᠠᠶ ᠲᠠᠮᠠᠭ᠎ᠠ ᠪᠠᠷ ᠲᠣᠭᠲᠠᠭᠠᠯ ᠤᠨ ᠪᠢᠴᠢᠭ᠂ ᠳᠠᠩᠰᠠᠯᠠᠨ ᠲᠡᠮᠳᠡᠭᠯᠡᠭᠰᠡᠨ ᠭᠡᠷᠡᠴᠢ ᠪᠠᠷᠢᠮᠲᠠ ᠪᠠ ᠬᠢᠨᠠᠨ  ᠵᠦᠪᠰᠢᠶᠡᠷᠡᠭᠰᠡᠨ ᠭᠡᠷᠡᠴᠢ ᠦᠨᠡᠮᠯᠡᠯ ᠵᠡᠷᠭᠡ ᠶᠢ 20700 ᠭᠠᠷᠤᠶ ᠬᠤᠪᠢ ᠬᠦᠢᠴᠡᠳᠭᠡᠪᠡ᠃ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ ᠰᠦᠯᠵᠢᠶᠡᠨ ᠤ ᠲᠠᠪᠴᠠᠩ ᠢ ᠰᠤᠳᠤᠯᠤᠨ ᠨᠡᠭᠡᠭᠡᠵᠦ᠂ ᠡᠯ᠎ᠡ ᠱᠠᠲᠤᠨ ᠤ ᠡᠯ᠎ᠡ ᠲᠥᠷᠥᠯ ᠤᠨ 4400 ᠭᠠᠷᠤᠢ ᠵᠦᠢᠯ ᠢ ᠬᠠᠮᠤᠷᠴᠠᠢ᠃ ︽ᠡᠮᠦᠨ᠎ᠡ ᠲᠠᠪᠴᠠᠩ ᠳᠤ ᠨᠢᠭᠡ ᠴᠤᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ᠂ ᠠᠷᠤ ᠲᠠᠪᠴᠠᠩ ᠳᠤ ᠲᠥᠷᠥᠯ ᠬᠤᠪᠢᠶᠠᠨ ᠬᠢᠨᠠᠨ ᠵᠥᠪᠰᠢᠶᠡᠷᠡᠬᠦ᠂ ᠨᠢᠭᠡᠳᠦᠯᠲᠡᠢ ᠴᠤᠩᠬᠤᠪᠴᠢ ᠪᠠᠷ ᠪᠢᠴᠢᠭ ᠮᠠᠲ᠋ᠧᠷᠢᠶᠠᠯ ᠭᠠᠷᠭᠠᠬᠤ︾ ᠦᠢᠯᠡᠴᠢᠯᠡᠭᠡᠨ ᠤ ᠵᠠᠭᠪᠤᠷ ᠢ ᠬᠡᠷᠡᠭᠵᠢᠭᠦᠯᠵᠦ᠂ ᠬᠢᠨᠠᠨ ᠵᠥᠪᠰᠢᠶᠡᠷᠡᠬᠦ ᠵᠦᠢᠯᠡᠰ ᠢ ᠬᠦᠢᠴᠡᠳᠭᠡᠬᠦ ᠴᠠᠭ ᠤᠨ ᠬᠢᠵᠠᠭᠠᠷ ᠢ 9 ᠡᠳᠦᠷ ᠪᠣᠯᠭᠠᠨ ᠪᠣᠭᠤᠨᠢᠰᠬᠠᠵᠤ᠂ ᠭᠥᠯᠢᠶᠡᠨ ᠠᠪᠴᠤ ᠰᠢᠢᠳᠪᠦᠷᠢᠯᠡᠬᠦ ᠴᠠᠭ  ᠤᠨ ᠬᠢᠵᠠᠭᠠᠷ ᠢ 1 ᠴᠠᠭ ᠪᠣᠯᠭᠠᠨ  ᠪᠤᠭᠤᠨᠢᠰᠬᠠᠪᠠ᠃ ᠪᠦᠬᠦ ᠤᠯᠤᠰ ᠤᠨ ᠨᠢᠭᠡ ᠴᠣᠭᠴᠠᠵᠢᠭᠤᠯᠤᠭᠰᠠᠨ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ᠵᠦᠢᠯᠡᠰ ᠢ ᠲᠠᠨᠢᠵᠤ ᠠᠪᠬᠤ ᠪᠠ ᠬᠡᠷᠡᠭᠵᠢᠭᠦᠯᠬᠦ ᠨᠠᠷᠢᠨ ᠬᠠᠭᠤᠳᠠᠰᠤ ᠶᠢ ᠨᠠᠶᠢᠷᠠᠭᠤᠯᠤᠨ ᠵᠤᠬᠢᠶᠠᠬᠤ ᠠᠵᠢᠯ ᠢ ᠨᠢᠭᠡᠳᠦᠯᠲᠡᠢ ᠲᠥᠯᠥᠪᠯᠡᠨ ᠠᠬᠢᠭᠤᠯᠵᠤ᠂ ᠪᠦᠬᠦ ᠬᠤᠲᠠ ᠶᠢᠨ ︽ᠢᠨᠲ᠋ᠧᠷ ᠰᠦᠯᠵᠢᠶ᠎ᠡ + ᠬᠢᠨᠠᠯᠲᠠ ᠬᠠᠮᠢᠶᠠᠷᠤᠯᠳᠠ︾ ᠶᠢᠨ 5171 ᠵᠦᠢᠯ ᠢ ᠲᠠᠨᠢᠨ ᠠᠪᠴᠤ᠂ ᠬᠡᠷᠡᠭᠵᠢᠭᠦᠯᠬᠦ ᠨᠠᠷᠢᠨ ᠳᠠᠩᠰᠠ 4438  ᠶᠢ ᠨᠠᠶᠢᠷᠠᠭᠤᠯᠤᠨ ᠲᠠᠷᠬᠠᠭᠠᠪᠠ᠃ ᠬᠤᠶᠠᠷ ᠲᠤ ᠠᠵᠤ ᠠᠬᠤᠶᠢᠯᠠᠯ ᠤᠨ ᠳᠡᠩᠰᠡᠯᠡᠯᠲᠡ ᠶᠢᠨ ᠲᠦᠷᠢᠮ ᠤᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠳᠥᠯᠭᠢᠨ ᠠᠬᠢᠭᠤᠯᠵᠤ᠂ ᠠᠵᠤ ᠠᠬᠤᠶᠢᠯᠠᠯ ᠪᠠᠶᠢᠭᠤᠯᠬᠤ ᠳᠡᠩᠰᠡᠯᠡᠯᠲᠡ ᠶᠢ 3 ᠡᠳᠦᠷ ᠤᠨ ᠳᠣᠲᠣᠷ᠎ᠠ ᠬᠦᠢᠴᠡᠳᠭᠡᠵᠦ ᠳᠠᠭᠤᠰᠬᠠᠬᠤ ᠶᠢ ᠪᠡᠶᠡᠯᠡᠭᠦᠯᠪᠡ᠃ ᠭᠤᠷᠪᠠ ᠳᠤ᠂ ᠠᠵᠢᠯ ᠬᠡᠷᠡᠭ ᠤᠨ ᠳᠤᠮᠳᠠᠬᠢ ᠪᠠ ᠠᠵᠢᠯ ᠬᠡᠷᠡᠭ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶᠡᠨ ᠤ ᠰᠠᠯᠠᠭ᠎ᠠ ᠮᠥᠴᠢᠷ ᠬᠠᠮᠲᠤᠷᠠᠨ ︿ᠬᠤᠶᠠᠷ  ᠢ ᠲᠠᠰᠢᠷᠠᠮ ᠢᠶᠠᠷ᠂ ᠨᠢᠭᠡ ᠶᠢ ᠢᠯᠡ ᠪᠣᠯᠭᠠᠬᠤ﹀  ᠬᠢᠨᠠᠯᠲᠠ ᠬᠠᠮᠢᠶᠠᠷᠤᠯᠳᠠ ᠶᠢᠨ ᠬᠡᠷᠡᠭᠵᠢᠭᠦᠯᠬᠦ ᠠᠷᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠶ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ 456  ᠵᠦᠢᠯ ᠢ ᠬᠠᠮᠳᠤᠷᠠᠨ ᠪᠠᠶᠢᠴᠠᠭᠠᠵᠤ᠂ 8721 ᠡᠷᠦᠬᠡ ᠳᠤ ᠪᠠᠶᠢᠴᠠᠭᠠᠯᠲᠠ ᠬᠢᠬᠦ ᠶᠢᠨ ᠬᠠᠮᠲᠤ ᠪᠠᠶᠢᠴᠠᠭᠠᠭᠰᠠᠨ ᠦᠷ᠎ᠡ ᠳ᠋ᠦᠩ ᠢᠶᠠᠨ ᠵᠠᠷᠯᠠᠨ ᠨᠡᠶᠢᠲᠡᠯᠡᠪᠡ᠃ ᠳᠥᠷᠪᠡ ᠳᠤ ᠬᠤᠳᠠᠯᠳᠤᠭ᠎ᠠ ᠡᠵᠡᠩᠨᠡᠬᠦ ᠣᠷᠴᠢᠨ  ᠨᠦᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ︽ᠬᠥᠬᠡᠬᠤᠲᠠ ᠶᠢᠨ ᠠᠷᠠᠳ ᠠᠴᠠ ᠡᠵᠡᠩᠨᠡᠭᠰᠡᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠠᠷᠭ᠎ᠠ ᠬᠡᠮᠵᠢᠶ ᠎ᠡ ᠨᠦᠭᠦᠳ︾᠂ ︽ᠬᠥᠬᠡᠬᠤᠲᠠ ᠶᠢᠨ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠠᠵᠢᠯ ᠤᠨ ᠬᠡᠷᠡᠭᠵᠢᠭᠦᠯᠬᠦ ᠲᠥᠰᠦᠯ︾᠂ ︽ᠬᠥᠬᠡᠬᠤᠲᠠ ᠶᠢᠨ ᠦᠢᠯᠡᠴᠢᠯᠡᠭᠡᠨ ᠤ ᠠᠵᠤ ᠠᠬᠤᠶᠢᠯᠠᠯ ᠤᠨ ᠬᠥᠭᠵᠢᠯᠲᠡ ᠶᠢᠨ ᠠᠷᠪᠠᠨ ᠵᠤᠷᠪᠤᠰ ᠲᠣᠭᠲᠠᠭᠠᠯ︾ ᠵᠡᠷᠭᠡ ᠪᠢᠴᠢᠭ ᠮᠠᠲ᠋ᠧᠷᠢᠶᠠᠯ ᠢ ᠨᠡᠶᠢᠲᠡᠯᠡᠵᠦ᠂ 2019 ᠣᠨ ᠢ ︽ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ  ᠲᠡᠭᠡᠭᠰᠢᠯᠡᠭᠦᠯᠬᠦ  ᠣᠨ︾ ᠢᠶᠠᠷ ᠲᠣᠭᠲᠠᠭᠠᠵᠤ ᠂ ︽ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠣᠷᠴᠢᠨ ᠨᠦᠬᠦᠴᠡᠯ︾᠂ ︽ᠪᠠᠯᠠ ᠣᠷᠣᠭᠤᠯᠤᠯᠲᠠ ᠠᠷᠠᠯᠵᠢᠶᠠᠨ ᠤ ᠣᠷᠴᠢᠨ ᠨᠦᠬᠦᠴᠡᠯ︾᠂ ︽ᠰᠢᠨ᠎ᠡ ᠶᠢ ᠡᠭᠦᠳᠬᠦ ᠦᠢᠯᠡᠰ ᠪᠦᠲᠦᠭᠡᠬᠦ ᠣᠷᠴᠢᠨ ᠨᠦᠬᠦᠴᠡᠯ︾᠂ ︽ᠦᠨᠡᠨᠴᠢ ᠢᠳᠡᠭᠡᠮᠵᠢ ᠬᠠᠤᠯᠢ ᠲᠦᠷᠢᠮ ᠤᠨ ᠣᠷᠴᠢᠨ ᠨᠦᠬᠦᠴᠡᠯ︾᠂ ︽ᠲᠦᠭᠦᠮ  ᠲᠥᠳᠡ ᠣᠷᠣᠰᠢᠨ ᠰᠠᠭᠤᠬᠤ ᠳᠤ ᠲᠣᠬᠢᠷᠠᠮᠵᠢᠲᠠᠶ ᠣᠷᠴᠢᠨ ᠨᠦᠬᠦᠴᠡᠯ︾ ᠢ ᠰᠢᠯᠢᠳᠡᠭᠵᠢᠬᠦᠯᠬᠦ ᠲᠠᠪᠤᠨ ᠶᠡᠭᠡ ᠲᠤᠰᠬᠠᠶ ᠠᠵᠢᠯᠯᠠᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠦᠷᠭᠦᠯᠵᠢᠯᠡᠨ ᠰᠢᠯᠢᠳᠡᠭᠵᠢᠬᠦᠯᠪᠡ᠃      ᠭᠤᠷᠪᠠ᠂ ᠲᠦᠷᠢᠮ ᠤᠨ ᠪᠠᠶᠢᠭᠤᠯᠤᠯᠲᠠ ᠶᠢ ᠴᠢᠩᠭᠠᠳᠬᠠᠵᠤ᠂ ᠲᠦᠷᠢᠮ ᠤᠨ ᠬᠥᠲᠥᠯᠥᠨ ᠳᠠᠭᠠᠭᠤᠯᠬᠤ  ᠦᠢᠯᠡᠳᠦᠯ ᠡᠳᠦᠷ  ᠢᠷᠡᠬᠦᠶ᠎ᠡ ᠢᠯᠡᠷᠬᠡᠶ ᠪᠣᠯᠪᠠ      ᠨᠢᠭᠡ ᠳᠤ ᠭᠤᠤᠯᠳᠠᠯᠭ᠎ᠠ ᠲᠠᠢ ᠬᠦᠷᠢᠶᠡᠨ ᠳᠠᠬᠢ ᠬᠠᠤᠯᠢ ᠲᠣᠭᠲᠠᠭᠠᠯᠲᠠ ᠶᠢ ᠴᠢᠩᠭᠠᠳᠬᠠᠵᠤ᠂ 2019 ᠣᠨ ᠤ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ ᠪᠠ ᠵᠠᠰᠠᠭ ᠤᠨ ᠣᠷᠳᠣᠨ ᠤ ᠲᠦᠷᠢᠮ ᠲᠣᠭᠲᠠᠭᠠᠯ ᠤᠨ ᠬᠠᠤᠯᠢ ᠲᠣᠭᠲᠠᠭᠠᠬᠤ ᠲᠥᠯᠥᠪᠯᠡᠭᠡ ᠶᠢ ᠲᠣᠭᠲᠠᠭᠠᠵᠤ᠂ ︽ᠬᠥᠬᠡᠬᠤᠲᠠ ᠶᠢᠨ ᠮᠣᠩᠭᠤᠯ ᠡᠮ ᠡᠮᠨᠡᠯᠭᠡ ᠶᠢᠨ ᠬᠥᠭᠵᠢᠯᠲᠡ ᠶᠢ ᠠᠬᠢᠭᠤᠯᠬᠤ ᠠᠷᠭ᠎ᠠ︾᠂ ︽ᠬᠥᠬᠡᠬᠤᠲᠠ ᠶᠢᠨ ᠳᠠᠬᠢᠯᠲᠠ ᠤᠰᠤ ᠶᠢ ᠠᠰᠢᠭᠯᠠᠬᠤ ᠬᠠᠮᠢᠶᠠᠷᠤᠯᠲᠠ ᠶᠢᠨ ᠲᠦᠷᠢᠮ︾ ᠢ ᠲᠣᠭᠲᠠᠭᠠᠪᠠ᠃ ᠬᠤᠶᠠᠷ ᠲᠤ ᠵᠠᠰᠠᠭ ᠵᠠᠬᠢᠷᠭᠠᠨ ᠤ ᠲᠦᠷᠢᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠠᠮᠢᠶᠠᠷᠤᠯᠲᠠ ᠶᠢ ᠴᠢᠩᠭᠠᠳᠬᠠᠵᠤ᠂ ᠪᠦᠬᠦ ᠵᠢᠯ ᠳᠤ ᠵᠠᠰᠠᠭ ᠵᠠᠬᠢᠷᠭᠠᠨ ᠤ  ᠲᠦᠷᠢᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ 20 ᠬᠤᠪᠢ ᠲᠣᠭᠲᠠᠭᠠᠵᠤ ᠲᠠᠷᠬᠠᠭᠠᠪᠠ᠃ ᠭᠤᠷᠪᠠ ᠳᠤ ᠲᠦᠷᠢᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠥᠪᠯᠡᠷᠡᠭᠦᠯᠦᠨ  ᠴᠡᠪᠡᠷᠯᠡᠵᠦ᠂ ᠣᠲᠣ ᠶᠢᠨ ᠬᠡᠷᠡᠭᠵᠢᠭᠦᠯᠵᠦ ᠪᠠᠶᠢᠭ᠎ᠠ ᠲᠦᠷᠢᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ  ᠳᠠᠬᠢ ᠡᠷᠬᠡ ᠲᠡᠭᠰᠢ  ᠬᠠᠮᠠᠭᠠᠯᠠᠯᠳᠠ ᠶᠢᠨ ᠵᠠᠷᠴᠢᠮ ᠠᠴᠠ ᠲᠡᠷᠰᠯᠡᠭᠰᠡᠨ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠦᠭᠵᠢᠯᠲᠡ ᠳᠤ ᠠᠰᠢᠭ ᠥᠬᠡᠶ ᠬᠤᠯᠪᠤᠭᠳᠠᠯ ᠪᠥᠬᠦᠶ ᠠᠭᠤᠯᠭ᠎ᠠ ᠶᠢ  ᠴᠡᠪᠡᠷᠯᠡᠵᠦ᠂  ᠬᠤᠲᠠ ᠶᠢᠨ ᠵᠠᠰᠠᠭ ᠤᠨ ᠣᠷᠳᠤᠨ ᠤ 2019 ᠣᠨ ᠤ 26 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ᠂ ᠦᠷᠭᠦᠯᠵᠢᠯᠡᠨ ᠬᠦᠴᠦᠨ ᠲᠠᠢ  ᠲᠦᠷᠢᠮᠵᠢᠯ ᠤᠨ ᠴᠢᠨᠠᠷᠲᠠᠶ 159 ᠬᠤᠪᠢ ᠪᠢᠴᠢᠭ ᠮᠠᠲ᠋ᠧᠷᠢᠶᠠᠯ ᠢ ᠨᠤᠲᠠᠯᠠᠵᠤ᠂ 23 ᠬᠤᠪᠢ ᠶᠢ  ᠬᠦᠴᠦᠨ ᠦᠭᠡᠢ ᠪᠤᠯᠭᠠᠵᠤ᠂ 26 ᠬᠤᠪᠢ ᠨᠢ ᠬᠦᠴᠦᠨ ᠦᠭᠡᠢ ᠪᠣᠯᠪᠠ᠃      ᠳᠦᠷᠪᠡ᠂  ᠪᠤᠳᠤᠯᠭ᠎ᠠ ᠲᠣᠭᠲᠠᠭᠠᠬᠤ ᠲᠣᠭᠲᠠᠴᠠ ᠶᠢ ᠲᠡᠭᠦᠯᠳᠡᠷᠵᠢᠭᠦᠯᠵᠦ᠂ ᠬᠠᠤᠯᠢ ᠶᠣᠰᠣᠭᠠᠷ ᠰᠢᠨᠵᠢᠯᠡᠬᠦ ᠤᠬᠠᠭᠠᠨᠴᠢ ᠪᠠᠷ ᠠᠷᠠᠳᠴᠢᠯᠠᠯ ᠢᠶᠠᠷ  ᠪᠤᠳᠤᠯᠭ᠎ᠠ ᠲᠣᠭᠲᠠᠭᠠᠬᠤ ᠬᠢᠷᠢ ᠲᠦᠪᠰᠢᠨ ᠢ ᠲᠡᠭᠡᠭᠰᠢᠯᠡᠭᠦᠯᠪᠡᠲᠥᠷᠥ ᠶᠢᠨ ᠶᠠᠪᠤᠳᠠᠯ ᠤᠨ ᠬᠤᠷᠢᠶᠠᠨ ᠤ ︽ᠴᠢᠬᠤᠯᠠ ᠶᠡᠭᠡ ᠵᠠᠰᠠᠭ ᠵᠠᠬᠢᠷᠭᠠᠨ ᠤ  ᠪᠤᠳᠣᠯᠭ᠎ᠠ ᠲᠤᠭᠲᠠᠭᠠᠬᠤ ᠳᠡᠰ ᠳᠠᠷᠠᠭᠠᠯᠠᠯ ᠤᠨ ᠲᠦᠷ ᠬᠡᠷᠡᠭᠵᠢᠭᠦᠯᠬᠦ ᠳᠦᠷᠢᠮ︾ ᠢ ᠴᠢᠩᠭ᠎ᠠ ᠬᠡᠷᠡᠭᠵᠢᠭᠦᠯᠵᠦ᠂ ᠣᠯᠠᠨ ᠨᠡᠶᠢᠲᠡ ᠪᠠᠷ ᠤᠷᠤᠯᠴᠠᠵᠤ᠂ ᠲᠤᠰᠬᠠᠶ ᠮᠡᠷᠭᠡᠵᠢᠯᠲᠡᠨ ᠢᠶᠠᠷ ᠨᠤᠲᠠᠯᠠᠭᠤᠯᠬᠤ᠂ ᠲᠦᠭᠰᠢᠭᠦᠷᠢ ᠶᠢ ᠦᠨᠡᠯᠡᠨ ᠵᠢᠱᠢᠬᠦ᠂ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ᠂ ᠭᠤᠤᠯᠴᠢ ᠪᠠᠷ ᠥᠷᠢᠰᠥᠯᠳᠦᠬᠦ ᠶᠢ ᠬᠢᠨᠠᠨ ᠪᠠᠶᠢᠴᠠᠭᠠᠬᠤ ᠪᠠ ᠬᠠᠮᠲᠤ ᠪᠠᠷ ᠶᠠᠷᠢᠯᠴᠠᠨ ᠲᠣᠭᠲᠠᠭᠠᠬᠤ ᠶᠢ ᠴᠢᠬᠤᠯᠠ ᠶᠡᠭᠡ ᠵᠠᠰᠠᠭ ᠵᠠᠬᠢᠷᠭᠠᠨ ᠤ  ᠪᠣᠳᠣᠯᠭ᠎ᠠ ᠲᠣᠭᠲᠠᠭᠠᠬᠤ ᠳᠤ ᠵᠠᠪᠠᠯ ᠥᠩᠭᠡᠷᠡᠬᠦ ᠳᠡᠰ ᠳᠠᠷᠠᠭᠠᠯᠠᠯ ᠪᠣᠯᠭᠠᠬᠤ ᠶᠢ ᠪᠠᠷᠢᠮᠳᠠᠯᠠᠪᠠ᠃ ︽ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠵᠢᠯ ᠤᠨ ᠲᠦᠷᠢᠮ︾ ᠳᠤ ᠳᠠᠬᠢᠨ ᠵᠠᠰᠠᠪᠤᠷᠢ ᠣᠷᠣᠭᠤᠯᠵᠤ᠂ ᠪᠣᠳᠣᠯᠭ᠎ᠠ ᠲᠣᠭᠲᠠᠭᠠᠬᠤ ᠵᠦᠢᠯᠡᠰ ᠤᠨ ᠬᠡᠪᠴᠢᠶ᠎ᠡ᠂ ᠪᠣᠳᠣᠯᠭ᠎ᠠ ᠲᠣᠭᠲᠠᠭᠠᠬᠤ ᠲᠡᠰ ᠲᠠᠷᠠᠭᠠᠯᠠᠯ ᠤᠨ ᠲᠣᠭᠲᠠᠭᠠᠯ ᠢ ᠲᠣᠳᠣᠷᠬᠠᠶᠢᠯᠠᠪᠠ᠃ ᠵᠠᠰᠠᠭ ᠤᠨ ᠣᠷᠳᠣᠨ ᠤ ᠬᠠᠤᠯᠢ ᠶᠢᠨ ᠵᠥᠪᠯᠡᠭᠴᠢ ᠶᠢᠨ ᠦᠢᠯᠡᠳᠦᠯ ᠢ ᠬᠦᠢᠴᠡᠳ ᠪᠠᠳᠠᠷᠠᠭᠤᠯᠵᠤ᠂ ᠪᠦᠬᠦ ᠵᠢᠯ ᠳᠤ ᠬᠤᠲᠠ ᠶᠢᠨ ᠵᠠᠰᠠᠭ ᠤᠨ ᠣᠷᠳᠣᠨ ᠤ ᠬᠠᠤᠯᠢ ᠶᠢᠨ ᠵᠥᠪᠯᠡᠭᠴᠢ ᠬᠤᠲᠠ ᠶᠢᠨ ᠵᠠᠰᠠᠭ ᠤᠨ ᠣᠷᠳᠣᠨ ᠤ ᠡᠯ᠎ᠡ ᠲᠦᠷᠦᠯ ᠤᠨ ᠲᠤᠰᠬᠠᠶ ᠰᠡᠳᠦᠪᠲᠦ ᠨᠤᠲᠠᠯᠠᠯᠲᠠ ᠶᠢᠨ ᠬᠤᠷᠠᠯ  ᠵᠡᠷᠭᠡ ᠳᠤ 8 ᠤᠳᠠᠭ᠎ᠠ ᠣᠷᠣᠯᠴᠠᠵᠤ᠂ ᠡᠯ᠎ᠡ ᠲᠦᠷᠦᠯ ᠤᠨ ᠴᠢᠬᠤᠯᠠ ᠪᠢᠴᠢᠭ ᠮᠠᠲ᠋ᠧᠷᠢᠶᠠᠯ ᠂ ᠬᠡᠯᠡᠯᠴᠡᠭᠡᠷ ᠭᠡᠷ᠎ᠡ ᠶᠢ 19 ᠬᠤᠪᠢ ᠬᠢᠨᠠᠨ ᠪᠠᠶᠢᠴᠠᠭᠠᠪᠠ᠃      ᠲᠠᠪᠤ᠂ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠲᠥᠪ ᠭᠤᠤᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠴᠢᠩᠭ᠎ᠠ ᠵᠢᠷᠤᠮᠵᠢᠭᠤᠯᠪᠠ      ᠨᠢᠭᠡ ᠳᠤ ᠬᠠᠤᠯᠢ ᠬᠡᠷᠡᠭᠵᠢᠭᠦᠯᠦᠯᠲᠡ  ᠶᠢᠨ ᠲᠤᠰᠬᠠᠶ ᠬᠢᠨᠠᠨ ᠪᠠᠶᠢᠴᠠᠭᠠᠯᠲᠠ ᠶᠢ ᠥᠷᠨᠢᠭᠦᠯᠵᠦ᠂ ︽︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠲᠤᠭ ᠤᠨ ᠬᠠᠤᠯᠢ﹀ ᠶᠢ ᠲᠤᠭᠤᠰᠢᠯᠠᠭᠤᠯᠤᠨ ᠬᠡᠷᠡᠭᠵᠢᠬᠦᠯᠬᠦ ᠬᠠᠤᠯᠢ ᠬᠡᠷᠡᠭᠵᠢᠭᠦᠯᠦᠯᠲᠡ ᠶᠢᠨ ᠲᠤᠰᠬᠠᠶ ᠪᠠᠶᠢᠴᠠᠭᠠᠯᠲᠠ ᠶᠢ ᠥᠷᠨᠢᠭᠦᠯᠬᠦ ᠲᠤᠬᠠᠶ ᠮᠡᠳᠡᠭᠳᠡᠯ︾ ᠢ ᠲᠣᠭᠲᠠᠭᠠᠨ ᠲᠠᠷᠬᠠᠭᠠᠵᠤ᠂ ᠪᠥᠬᠦ ᠬᠤᠲᠠ ᠶᠢᠨ 9 ᠬᠤᠰᠢᠭᠤ ᠰᠢᠶᠠᠨ ᠲᠣᠭᠤᠷᠢᠭ ᠤᠨ ︽ᠤᠯᠤᠰ ᠤᠨ ᠲᠤᠭ ᠤᠨ ᠬᠠᠤᠯᠢ︾ ᠶᠢᠨ ᠤᠬᠠᠭᠤᠯᠭ᠎ᠠ ᠬᠥᠮᠦᠵᠢᠯ  ᠤᠨ ᠥᠷᠨᠢᠭᠦᠯᠦᠭᠰᠡᠨ ᠪᠠᠶᠢᠳᠠᠯ᠂ ᠤᠯᠤᠰ ᠤᠨ  ᠲᠤᠭ ᠤᠨ ᠦᠢᠯᠡᠳᠪᠦᠷᠢᠯᠡᠯ᠂ ᠪᠤᠷᠤᠯᠠᠭᠤᠯᠭ᠎ᠠ ᠪᠠ  ᠬᠡᠷᠡᠭᠯᠡᠯᠲᠡ ᠶᠢᠨ ᠪᠠᠶᠢᠳᠠᠯ ᠳᠤ ᠲᠤᠰᠬᠠᠶ ᠬᠢᠨᠠᠯᠲᠠ ᠪᠠᠶᠢᠴᠠᠭᠠᠯᠲᠠ ᠥᠷᠨᠢᠭᠦᠯᠪᠡ᠃ ᠬᠤᠶᠠᠷ ᠲᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠷᠪᠠᠨ ᠲᠦᠷᠢᠮ ᠢ ᠪᠥᠬᠦ ᠲᠠᠯ᠎ᠠ ᠪᠠᠷ ᠠᠬᠢᠭᠤᠯᠵᠤ᠂ ︽ᠬᠥᠬᠡᠬᠤᠲᠠ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ  ᠶᠢ ᠢᠯᠡ ᠨᠡᠶᠢᠲᠡᠯᠡᠬᠦ ᠲᠦᠷᠢᠮ ᠬᠠᠤᠯᠢ ᠬᠡᠷᠡᠭᠵᠢᠭᠦᠯᠬᠦ ᠪᠥᠬᠦ ᠶᠠᠪᠤᠴᠠ ᠶᠢ ᠲᠡᠮᠳᠡᠭᠯᠡᠬᠦ ᠲᠦᠷᠢᠮ ᠴᠢᠬᠤᠯᠠ ᠶᠡᠭᠡ ᠬᠠᠤᠯᠢ ᠬᠡᠷᠡᠭᠵᠢᠭᠦᠯᠬᠦ  ᠲᠤᠭᠲᠠᠭᠠᠯ   ᠤᠨ ᠬᠠᠤᠯᠢ ᠲᠦᠷᠢᠮ ᠤᠨ ᠬᠢᠨᠠᠨ ᠬᠠᠷᠭᠤᠭᠤᠯᠬᠤ ᠲᠦᠷᠢᠮ ᠤᠨ ᠠᠵᠢᠯ ᠤᠨ ᠲᠥᠰᠦᠯ︾ ᠢ ᠳᠠᠷᠤᠮᠠᠯᠯᠠᠨ ᠲᠠᠷᠬᠠᠭᠠᠵᠤ ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠷᠪᠠᠨ ᠲᠦᠷᠢᠮ ᠢ ᠭᠦᠨᠵᠡᠭᠡᠶ ᠠᠬᠢᠭᠤᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠪᠠ᠃ ᠭᠤᠷᠪᠠ ᠳᠤ ᠬᠦᠨᠳᠦ ᠶᠡᠭᠡ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢ ᠪᠦᠷᠢᠳᠬᠡᠨ ᠳᠠᠩᠰᠠᠯᠠᠵᠤ ᠬᠢᠨᠠᠨ ᠪᠠᠶᠢᠴᠠᠭᠠᠬᠤ ᠶᠢ ᠴᠢᠩᠭᠠᠳᠬᠠᠵᠤ᠂ ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ᠂ ᠬᠤᠲᠠ ᠶᠢᠨ ᠬᠠᠮᠢᠶᠠᠷᠤᠯᠳᠠ ᠶᠢᠨ ᠶᠡᠷᠦᠩᠬᠡᠢ ᠬᠠᠤᠯᠢ ᠬᠡᠷᠡᠭᠵᠢᠬᠦᠯᠬᠦ ᠲᠣᠪᠴᠢᠶ᠎ᠠ ᠵᠡᠷᠭᠡ ᠰᠠᠯᠠᠭ᠎ᠠ ᠮᠥᠴᠢᠷ ᠤᠨ 40 ᠭᠠᠷᠤᠢ ᠬᠦᠨᠳᠦ ᠶᠡᠭᠡ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠬᠡᠷᠡᠭ ᠢ ᠬᠠᠤᠯᠢ ᠶᠣᠰᠣᠭᠠᠷ ᠳᠠᠩᠰᠠᠯᠠᠵᠤ ᠬᠢᠨᠠᠨ ᠪᠠᠶᠢᠴᠠᠭᠠᠪᠠ᠃      ᠵᠢᠷᠭᠤᠭ᠎ᠠ᠂  ᠤᠬᠠᠮᠰᠠᠷ ᠠᠴᠠ ᠪᠠᠨ ᠬᠢᠨᠠᠯᠲᠠ ᠬᠦᠯᠢᠶᠡᠵᠦ᠂ ᠵᠠᠰᠠᠭ ᠵᠠᠬᠢᠷᠭᠠᠨ ᠤ ᠡᠷᠬᠡ ᠶᠢᠨ ᠬᠢᠵᠠᠭᠠᠷᠯᠠᠯ ᠢ ᠴᠢᠩᠭᠠᠳᠬᠠᠪᠠ      ᠨᠢᠭᠡ ᠳᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠪᠠ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠵᠦ᠂ ᠬᠤᠲᠠ ᠶᠢᠨ ᠵᠠᠰᠠᠭ ᠤᠨ ᠣᠷᠳᠣᠨ ᠪᠦᠬᠦ ᠵᠢᠯ ᠳᠤ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢᠳ ᠤᠨ 397 ᠬᠤᠪᠢ ᠰᠠᠨᠠᠭᠤᠯᠭ᠎ᠠ᠂ ᠤᠯᠤᠰ ᠲᠥᠷᠦ ᠶᠢᠨ ᠵᠥᠪᠯᠡᠯᠭᠡᠨ ᠤ ᠭᠡᠰᠢᠭᠦᠳ ᠤᠨ 508 ᠬᠤᠪᠢ ᠰᠠᠨᠠᠯ ᠳᠤᠷᠠᠳᠤᠯᠭ᠎ᠠ ᠶᠢ ᠭᠦᠢᠴᠡᠳᠬᠡᠪᠡ᠃ ᠬᠤᠶᠠᠷ ᠲᠤ ᠵᠠᠰᠠᠭ ᠤᠨ ᠶᠠᠪᠤᠳᠠᠯ ᠢ ᠢᠯᠡ ᠪᠣᠯᠭᠠᠬᠤ ᠡᠷᠴᠢᠮ  ᠢᠶᠠᠨ ᠴᠢᠩᠭᠠᠳᠬᠠᠵᠤ᠂ ︽ᠬᠥᠬᠡᠬᠤᠲᠠ ᠶᠢᠨ 2019 ᠣᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠭᠤᠤᠯᠳᠠᠯᠭ᠎ᠠ︾ ᠶᠢ ᠨᠠᠶᠢᠷᠠᠭᠤᠯᠤᠨ ᠵᠣᠬᠢᠶᠠᠵᠤ᠂ ︽ ᠰᠦᠯᠵᠢᠶᠡᠨ ᠤ ᠶᠠᠷᠢᠶ᠎ᠠ ᠬᠡᠯᠡᠯᠴᠡᠭᠡᠨ ᠤ ᠪᠠᠶᠢᠳᠠᠯ ᠢ ᠰᠢᠢᠳᠪᠦᠷᠢᠯᠡᠬᠦ᠂ ᠬᠠᠷᠢᠭᠤ ᠲᠤᠰᠬᠠᠬᠤ ᠠᠵᠢᠯ ᠤᠨ ᠠᠷᠭ᠎ᠠ︾ ᠶᠢ ᠨᠡᠶᠢᠲᠡᠯᠡᠵᠦ᠂ ᠬᠤᠲᠠ ᠶᠢᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ ᠪᠠᠷ ᠪᠥᠬᠦ ᠵᠢᠯ ᠳᠤ 2741 ᠵᠤᠷᠪᠤᠰ ᠮᠡᠳᠡᠭᠡ ᠵᠠᠩᠭᠢ ᠶᠢ ᠢᠯᠡ ᠪᠣᠯᠭᠠᠪᠠ᠃ ᠭᠤᠷᠪᠠ ᠳᠤ ᠬᠢᠨᠠᠨ ᠪᠤᠳᠤᠵᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠣᠯᠠᠨ ᠨᠡᠶᠢᠲᠡ ᠶᠢᠨ ᠪᠠᠯᠠ ᠮᠥᠩᠭᠦ᠂  ᠤᠯᠤᠰ ᠤᠨ ᠥᠮᠴᠢᠯᠡᠯᠲᠦ ᠬᠥᠷᠥᠩᠭᠡ᠂ ᠤᠯᠤᠰ ᠤᠨ ᠥᠮᠴᠢᠯᠡᠯᠲᠦ ᠡᠬᠢ ᠪᠠᠶᠠᠯᠢᠭ᠂ ᠤᠳᠤᠷᠢᠳᠬᠤ ᠺᠠᠳ᠋ᠷ ᠤᠨ ᠠᠵᠤ ᠠᠬᠤᠢ  ᠶᠢᠨ ᠬᠠᠷᠢᠭᠤᠴᠠᠯᠭ᠎ᠠ ᠪᠠᠨ ᠬᠦᠢᠴᠡᠳᠭᠡᠭᠰᠡᠨ ᠪᠠᠶᠢᠳᠠᠯ ᠳᠤ ᠬᠢᠨᠠᠨ ᠪᠤᠳᠤᠵᠤ ᠬᠢᠨᠠᠯᠲᠠ ᠲᠠᠯᠪᠢᠬᠤ ᠶᠢ  ᠨᠡᠶᠢᠳᠡᠮ ᠳᠤ ᠨᠢ ᠪᠦᠷᠬᠦᠭᠦᠯᠪᠡ᠃     ᠲᠤᠯᠤᠭ᠎ᠠ᠂ ᠠᠷᠠᠳ ᠲᠦᠮᠡᠨ ᠢᠶᠠᠷ ᠦᠨᠳᠦᠰᠦ ᠪᠣᠯᠭᠠᠬᠤ ᠶᠢ ᠪᠠᠷᠢᠮᠲᠠᠯᠠᠵᠤ᠂ ᠵᠥᠷᠢᠴᠡᠯ ᠵᠢᠭᠤᠷᠠᠭᠠᠨ ᠢ ᠠᠷᠢᠯᠭᠠᠬᠤ ᠤᠯᠠᠨ ᠡᠰᠢᠴᠢᠯᠡᠭᠰᠡᠨ ᠰᠢᠰᠲ᠋ᠧᠮ ᠢ ᠪᠠᠶᠢᠭᠤᠯᠪᠠ      ᠨᠢᠭᠡ ᠳᠤ ᠵᠠᠰᠠᠭ ᠵᠠᠬᠢᠷᠭᠠᠨ ᠤ ᠳᠠᠬᠢᠨ ᠵᠥᠪᠯᠡᠬᠦ ᠠᠵᠢᠯ ᠢ ᠦᠷᠭᠦᠯᠵᠢᠯᠡᠨ ᠴᠢᠩᠭᠠᠳᠬᠠᠵᠤ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠵᠠᠰᠠᠭ ᠵᠠᠬᠢᠷᠭᠠᠨ ᠤ ᠳᠠᠬᠢᠨ ᠵᠥᠪᠯᠡᠬᠦ  ᠵᠦᠪᠯᠡᠯ ᠤᠨ ᠲᠤᠷᠰᠢᠯᠲᠠ ᠶᠢᠨ ᠴᠡᠭ ᠢ ᠡᠬᠢᠯᠡᠭᠦᠯᠵᠦ᠂ ᠬᠤᠲᠠ ᠰᠢᠶᠠᠨ ᠬᠤᠶᠠᠷ ᠱᠠᠲᠤᠨ ᠤ ᠠᠷᠠᠳ ᠤᠨ ᠵᠠᠰᠠᠭ ᠤᠨ ᠣᠷᠳᠣᠨ ᠤ ︽ᠨᠢᠭᠡ ᠴᠣᠩᠬᠤᠪᠴᠢ︾ ᠪᠠᠷ ᠭᠠᠳᠠᠭᠰᠢ ᠪᠠᠨ ᠬᠠᠨᠳᠤᠵᠤ᠂ ᠨᠢᠭᠡ ᠱᠠᠲᠤᠨ ᠤ ᠵᠠᠰᠠᠭ ᠤᠨ ᠣᠷᠳᠣᠨ ᠵᠥᠪᠬᠡᠨ ᠨᠢᠭᠡ ᠯᠡ ᠵᠠᠰᠠᠭ ᠵᠠᠬᠢᠷᠭᠠᠨ ᠤ ᠳᠠᠬᠢᠨ ᠵᠥᠪᠯᠡᠬᠦ  ᠪᠠᠶᠢᠭᠤᠯᠭ᠎ᠠ ᠭᠠᠷᠭᠠᠬᠤ ᠪᠠᠶᠢᠭᠤᠯᠤᠯ ᠤᠨ ᠥᠭᠡᠷᠡᠴᠢᠯᠡᠯᠲᠡ ᠶᠢᠨ ᠬᠠᠷᠠᠯᠲᠠ ᠶᠢ ᠪᠡᠶᠡᠯᠡᠭᠦᠯᠵᠦ᠂ ᠪᠦᠬᠦ ᠵᠢᠯ ᠳᠤ ᠮᠠᠨ ᠤ ᠬᠤᠲᠠ ᠨᠡᠶᠢᠲᠡ 270 ᠬᠤᠪᠢ ᠵᠠᠰᠠᠭ ᠵᠠᠬᠢᠷᠭᠠᠨ ᠤ ᠳᠠᠬᠢᠨ ᠵᠥᠪᠯᠡᠬᠦ ᠬᠡᠷᠡᠭ ᠢ ᠰᠢᠢᠳᠪᠦᠷᠢᠯᠡᠵᠦ᠂ ᠣᠨ ᠤ ᠵᠠᠰᠠᠭ ᠵᠠᠬᠢᠷᠭᠠᠨ ᠤ ᠳᠠᠬᠢᠨ ᠵᠦᠪᠯᠡᠬᠦ ᠪᠠᠷ ᠠᠯᠳᠠᠭ᠎ᠠ ᠪᠤᠷᠤᠭᠤ ᠶᠢ ᠵᠠᠯᠠᠷᠠᠭᠤᠯᠤᠭᠰᠠᠨ ᠨᠣᠷᠮ᠎ᠠ 22% ᠳᠤ ᠬᠦᠷᠴᠦ᠂ ᠬᠡᠷᠡᠴᠢᠯᠡᠯᠲᠡ ᠰᠤᠨᠤᠰᠤᠭᠰᠠᠨ ᠨᠣᠷᠮ᠎ᠠ11% ᠳᠤ ᠬᠦᠷᠪᠡ᠂ ᠬᠤᠶᠠᠷ ᠲᠤ ᠵᠠᠬᠢᠳᠠᠯ ᠰᠤᠷᠪᠤᠯᠵᠢᠯᠠᠭ᠎ᠠ ᠶᠢ ᠰᠢᠢᠳᠪᠦᠷᠢᠯᠡᠬᠦ ᠠᠵᠢᠯ ᠢ ᠰᠠᠶᠢᠲᠤᠷ ᠬᠢᠵᠦ᠂ ︽ᠵᠥᠷᠢᠴᠡᠯ  ᠵᠢᠭᠤᠷᠠᠭᠠᠨ ᠢ ᠵᠢᠭᠰᠠᠭᠠᠨ ᠪᠠᠶᠢᠴᠠᠭᠠᠵᠤ ᠠᠷᠢᠯᠭᠠᠬᠤ ᠠᠵᠢᠯᠯᠠᠭ᠎ᠠ ᠶᠢ ᠬᠦᠨᠵᠡᠭᠡᠢ ᠦᠷᠨᠢᠭᠦᠯᠦᠨ ᠵᠠᠬᠢᠳᠠᠯ ᠰᠤᠷᠪᠤᠯᠵᠢᠯᠠᠭ᠎ᠠ ᠶᠢᠨ ᠲᠤᠪᠤᠶᠢᠮ᠎ᠠ ᠠᠰᠠᠭᠤᠳᠠᠯ ᠢ ᠪᠦᠬᠦ ᠬᠦᠴᠦᠨ ᠢᠶᠠᠷ ᠢᠶᠠᠨ ᠠᠷᠢᠯᠭᠠᠬᠤ ᠠᠵᠢᠯ ᠤᠨ ᠲᠤᠬᠠᠢ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠵᠥᠷᠢᠴᠡᠯ ᠵᠢᠭᠤᠷᠠᠭᠠᠨ ᠢ ᠵᠢᠭᠰᠠᠭᠠᠨ ᠪᠠᠶᠢᠴᠠᠭᠠᠵᠤ ᠠᠷᠢᠯᠭᠠᠬᠤ ᠠᠵᠢᠯ ᠢ ᠬᠦᠴᠦᠳᠡᠢ ᠦᠷᠨᠢᠭᠦᠯᠪᠡ᠃ ᠭᠤᠷᠪᠠ ᠳᠤ ᠠᠷᠠᠳ ᠤᠨ ᠡᠶᠡᠳᠡᠭᠦᠯᠬᠦ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠴᠢᠩᠭᠠᠳᠬᠠᠵᠤ᠂ ᠪᠥᠬᠦ ᠬᠤᠲᠠ ᠳᠤ ᠵᠠᠷᠭᠤᠯᠳᠤᠬᠤ ᠠᠴᠠ ᠡᠮᠦᠨ᠎ᠡ ᠡᠶᠡᠳᠡᠭᠦᠯᠬᠦ᠂ ᠵᠠᠬᠢᠳᠠᠯ ᠰᠤᠷᠪᠤᠯᠵᠢᠯᠠᠭ᠎ᠠ ᠪᠠᠷ ᠡᠶᠡᠳᠡᠭᠦᠯᠬᠦ ᠵᠡᠷᠭᠡ 13  ᠲᠤᠰᠬᠠᠢ ᠮᠡᠷᠭᠡᠵᠢᠯ ᠤᠨ ᠴᠢᠨᠠᠷᠲᠠᠶ ᠠᠵᠢᠯ ᠲᠥᠷᠥᠯ ᠤᠨ ᠴᠢᠨᠠᠷᠲᠠᠶ ᠡᠶᠡᠳᠡᠭᠦᠯᠬᠦ  ᠵᠦᠪᠯᠡᠯ ᠢ ᠪᠠᠶᠢᠭᠤᠯᠵᠤ᠂ ᠬᠤᠰᠢᠭᠤ ᠰᠢᠶᠠᠨ ᠲᠣᠭᠤᠷᠢᠭ᠂ ᠰᠢᠶᠠᠩ ᠪᠠᠯᠭᠠᠰᠤ ᠵᠡᠭᠡᠯᠢ ᠭᠤᠳᠤᠮᠵᠢ᠂ ᠭᠠᠴᠠᠭ᠎ᠠ ᠲᠣᠰᠬᠤᠨ ᠭᠤᠷᠪᠠᠨ ᠱᠠᠲᠤᠨ ᠳᠤ ᠡᠶᠡᠳᠡᠭᠦᠯᠬᠦ ᠵᠣᠬᠢᠶᠠᠨ ᠪᠠᠶᠢᠭᠤᠯᠤᠯᠲᠠ ᠶᠢ ᠨᠡᠶᠢᠳᠡᠮ ᠪᠦᠷᠬᠦᠭᠦᠯᠪᠡ᠃      ᠨᠠᠢᠮᠠ᠂ ᠦᠨᠳᠦᠰᠦᠨ ᠬᠠᠤᠯᠢ ᠶᠢᠨ ᠬᠡᠷᠡᠭᠵᠢᠭᠦᠯᠦᠯᠲᠡ ᠶᠢ ᠳᠣᠪᠤᠶᠢᠯᠭᠠᠵᠤ᠂ ᠨᠡᠶᠢᠭᠡᠮ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠢ ᠴᠢᠩᠭᠠᠳᠬᠠᠪᠠ      ᠨᠢᠭᠡ ᠳᠤ ᠦᠨᠳᠦᠰᠦᠨ ᠬᠠᠤᠯᠢ ᠳᠤ ᠲᠠᠩᠭᠠᠷᠢᠭᠯᠠᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠲᠦᠷᠦ ᠶᠢᠨ ᠠᠵᠢᠯᠳᠠᠨ ᠲᠤᠰᠢᠶᠠᠯ ᠳᠤ ᠭᠠᠷᠬᠤ ᠳᠠᠭᠠᠨ ᠦᠨᠳᠦᠰᠦᠨ ᠬᠠᠤᠯᠢ ᠳᠤ ᠲᠠᠩᠭᠠᠷᠢᠭᠯᠠᠵᠤ᠂ ᠦᠨᠳᠦᠰᠦᠨ ᠬᠠᠤᠯᠢ ᠳᠤ ᠲᠠᠩᠭᠠᠷᠢᠭᠯᠠᠬᠤ ᠠᠵᠢᠯᠯᠠᠭ᠎ᠠ ᠶᠢᠨ ᠪᠠᠶᠢᠪᠠᠰᠤ ᠵᠣᠬᠢᠬᠤ ᠤᠯᠤᠰ ᠲᠦᠷᠦ ᠶᠢᠨ ᠠᠴᠢ ᠬᠤᠯᠪᠣᠭᠳᠠᠯ ᠪᠠ ᠬᠠᠤᠯᠢ ᠴᠠᠭᠠᠵᠠ ᠶᠢᠨ ᠠᠴᠢ ᠬᠤᠯᠪᠤᠭᠳᠠᠯ ᠢ ᠢᠯᠡᠷᠡᠭᠦᠯᠪᠡ᠃ ᠬᠤᠶᠠᠷ ᠲᠤ ︽12.4︾ ᠤᠯᠤᠰ ᠤᠨ ᠦᠨᠳᠦᠰᠦᠨ ᠬᠠᠤᠯᠢ ᠶᠢᠨ ᠡᠳᠦᠷ ᠪᠥᠬᠦ ᠬᠤᠲᠠ ᠶᠢᠨ ᠦᠨᠳᠦᠰᠦᠨ ᠬᠠᠤᠯᠢ ᠶᠢ ᠤᠩᠰᠢᠬᠤ ᠠᠵᠢᠯᠯᠠᠭ᠎ᠠ ᠶᠢ ᠡᠷᠭᠢᠯᠡᠵᠦ᠂ ᠪᠥᠬᠦ ᠬᠤᠲᠠ ᠳᠤ 1 ᠭᠤᠤᠯ ᠬᠤᠷᠠᠯ ᠤᠨ ᠲᠠᠯᠠᠪᠠᠶ᠂ 9 ᠬᠤᠪᠢᠶᠠᠷᠢ ᠬᠤᠷᠠᠯ ᠤᠨ ᠲᠠᠯᠠᠪᠠᠶ  ᠭᠠᠷᠭᠠᠨ᠂ ᠪᠠᠶᠢᠭᠤᠯᠭ᠎ᠠ᠂ ᠰᠤᠷᠭᠠᠭᠤᠯᠢ᠂ ᠨᠡᠶᠢᠭᠡᠮ ᠲᠣᠭᠤᠷᠢᠭ᠂ ᠬᠥᠳᠡᠭᠡ ᠲᠣᠰᠬᠤᠨ᠂ ᠠᠵᠤ ᠠᠬᠤᠶᠢᠯᠠᠯ ᠳᠤ 1401 ᠤᠩᠰᠢᠯᠭ᠎ᠠ ᠶᠢᠨ ᠴᠡᠭ ᠭᠠᠷᠭᠠᠵᠤ᠂ ᠣᠷᠣᠨ ᠤ ᠲᠥᠪ ᠬᠤᠲᠠ ᠶᠢᠨ ᠺᠠᠳ᠋ᠷ ᠣᠯᠠᠨ ᠲᠦᠮᠡᠨ 117835  ᠬᠦᠮᠦᠨ ᠬᠠᠮᠲᠤ ᠪᠠᠷ ᠦᠨᠳᠦᠰᠦᠨ ᠬᠠᠤᠯᠢ ᠶᠢ ᠤᠩᠰᠢᠵᠤ᠂ ᠦᠨᠳᠦᠰᠦᠨ ᠬᠠᠤᠯᠢ  ᠳᠤ ᠳᠠᠭᠤᠨ ᠭᠠᠷᠭᠠᠪᠠ᠃ ᠭᠤᠷᠪᠠ ᠳᠤ ᠬᠠᠤᠯᠢᠵᠢᠯ ᠤᠨ ᠤᠬᠠᠭᠤᠯᠭ᠎ᠠ ᠬᠥᠮᠦᠵᠢᠯ ᠢ ᠭᠦᠨᠵᠡᠭᠡᠶ ᠥᠷᠨᠢᠭᠦᠯᠵᠦ᠂ ᠤᠯᠠᠭᠠᠨᠮᠥ᠋ᠴᠢᠷ ᠤᠨ ᠤᠨᠴᠠᠭᠠᠢ ᠳᠠᠪᠠᠭᠤᠯᠢᠭ ᠪᠠ ᠬᠠᠤᠯᠢᠵᠢᠯ ᠤᠨ ᠤᠬᠠᠭᠤᠯᠭ᠎ᠠ ᠬᠥᠮᠦᠵᠢᠯ ᠢ ᠪᠦᠲᠦᠮᠵᠢᠲᠡᠶ ᠠᠭᠤᠰᠤᠯᠴᠠᠭᠤᠯᠵᠤ᠂ ︽ᠦᠨᠳᠦᠰᠦᠨ ᠬᠠᠤᠯᠢ ᠰᠡᠳᠬᠢᠯ ᠵᠢᠷᠦᠭᠡᠨ ᠳᠤ︾ ᠭᠡᠬᠦ ᠰᠢᠯᠦᠭ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠮᠡᠳᠡᠯᠭᠡ ᠶᠢᠨ  ᠴᠠᠷᠬᠢᠯ ᠬᠤᠯᠪᠤᠭ᠎ᠠ ᠵᠡᠷᠭᠡ ᠠᠯᠢ ᠣᠯᠠᠨ ᠬᠠᠤᠯᠢᠵᠢᠯ ᠤᠨ ᠤᠳᠬ᠎ᠠ ᠤᠷᠠᠯᠢᠭ ᠤᠨ ᠫᠷᠤᠭ᠍ᠷᠠᠮ ᠢ ᠵᠣᠬᠢᠶᠠᠨ ᠪᠦᠲᠦᠭᠡᠵᠦ᠂ ︽ᠬᠠᠤᠯᠢᠵᠢᠯ ᠤᠨ ᠤᠯᠠᠭᠠᠨᠮᠥ᠋ᠴᠢᠷ︾ ᠬᠠᠤᠯᠢ ᠶᠢ  ᠬᠥᠳᠡᠭᠡ ᠲᠣᠰᠬᠤᠨ ᠳᠤ ᠬᠦᠷᠭᠡᠬᠦ ᠤᠷᠠᠨ ᠰᠠᠶᠢᠬᠠᠨ ᠤ ᠲᠣᠭᠯᠠᠯᠲᠠ  ᠶᠢ 120 ᠭᠠᠷᠤᠶ ᠤᠳᠠᠭ᠎ᠠ ᠲᠣᠭᠯᠠᠪᠠ᠃      2020 ᠣᠨ ᠪᠣᠯ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠠᠩᠭᠢᠯᠠᠭ᠎ᠠ ᠶᠢᠨ ᠣᠨ ᠮᠥᠨ᠂ ᠪᠢᠳᠡ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠩ ᠥᠨᠳᠥᠷ ᠪᠠᠷᠢᠮᠵᠢᠶ᠎ᠠ᠂ ᠨᠠᠩ ᠥᠨᠳᠦᠷ ᠱᠠᠭᠠᠷᠳᠠᠯᠭ᠎ᠠ ᠪᠠᠷ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠬᠢᠷᠢ ᠲᠥᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠡᠭᠦᠷᠭᠡ ᠴᠢᠳᠠᠪᠤᠷᠢ ᠰᠢᠨᠵᠢᠯᠡᠬᠦ ᠤᠬᠠᠭᠠᠨᠴᠢ᠂ ᠡᠷᠭᠡ ᠬᠠᠷᠢᠭᠤᠴᠠᠯᠭ᠎ᠠ ᠬᠠᠤᠯᠢ ᠪᠠᠷ ᠲᠤᠭᠲᠠᠭᠠᠭᠳᠠᠭᠰᠠᠨ᠂ ᠬᠠᠤᠯᠢ ᠬᠡᠷᠡᠭᠵᠢᠭᠦᠯᠦᠯᠲᠡ ᠲᠥᠪ ᠴᠢᠩᠭ᠎ᠠ᠂ ᠢᠯᠡ ᠲᠣᠳᠣ ᠲᠥᠪ ᠭᠤᠤᠯᠴᠢ᠂ ᠠᠷᠢᠭᠤᠨ ᠴᠢᠬᠡᠴᠢ ᠥᠨᠳᠥᠷ ᠪᠦᠲᠦᠮᠵᠢᠲᠡᠶ᠂ ᠬᠠᠤᠯᠢ ᠶᠢ ᠰᠠᠬᠢᠭᠰᠠᠨ ᠦᠨᠡᠨᠴᠢ ᠢᠲᠡᠭᠡᠮᠵᠢᠲᠡᠶ ᠬᠠᠤᠯᠢᠵᠢᠯ ᠤᠨ ᠵᠠᠰᠠᠭ ᠤᠨ ᠣᠷᠳᠣᠨ ᠢ ᠲᠦᠷᠭᠡᠳᠬᠡᠨ ᠪᠠᠶᠢᠭᠤᠯᠤᠨ᠎ᠠ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号