ᠬᠥᠬᠡᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠮᠡᠳᠡᠭᠳᠡᠯ ᠳᠠᠷᠤᠮᠠᠯᠯᠠᠨ ᠲᠠᠷᠬᠠᠭᠠᠵᠤ ᠵᠢᠵᠢᠭᠦᠷᠯᠡᠨ ᠰᠠᠬᠢᠬᠤ ᠶᠢ ᠴᠢᠩᠭᠠᠳᠬᠠᠵᠤ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠠᠵᠢᠯ ᠢ ᠰᠠᠶᠢᠲᠤᠷ ᠬᠢᠬᠦ ᠬᠡᠷᠡᠭᠲᠡᠶ ᠭᠡᠵᠦ ᠱᠠᠭᠠᠷᠳᠠᠪᠠ
ᠨᠡᠶᠢᠲᠡᠯᠡᠭᠰᠡᠨ ᠴᠠᠭ᠄
2020-07-23
      ᠪᠦᠬᠦ ᠬᠤᠲᠠ ᠶᠢᠨ ᠰᠤᠷᠭᠠᠨ ᠬᠥᠮᠦᠵᠢᠯ ᠤᠨ ᠰᠢᠰᠲ᠋ᠧᠮ ᠤᠨ ᠵᠢᠵᠢᠭᠦᠷᠯᠡᠨ ᠰᠠᠬᠢᠬᠤ ᠪᠠ ᠬᠦᠨᠳᠦ ᠶᠡᠭᠡ ᠪᠠᠴᠢᠮ ᠬᠡᠷᠡᠭ ᠤᠨ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠥᠯᠥᠭᠡ᠂ ᠤᠢᠢᠷ᠎ᠠ ᠳᠤ ᠬᠥᠬᠡᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠪᠦᠬᠦ ᠬᠤᠲᠠ ᠶᠢᠨ ᠰᠤᠷᠭᠠᠨ ᠬᠥᠮᠦᠵᠢᠯ ᠤᠨ ᠰᠢᠰᠲ᠋ᠧᠮ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠡᠯ᠎ᠡ ᠬᠤᠰᠢᠭᠤ ᠰᠢᠶᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ᠂ ᠰᠢᠭᠤᠳ ᠬᠠᠷᠢᠶ᠎ᠠ ᠰᠤᠷᠭᠠᠭᠤᠯᠢ᠂ ᠰᠢᠭᠤᠳ ᠬᠠᠷᠢᠶ᠎ᠠ ᠨᠢᠭᠡᠴᠡ ᠪᠠ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠨᠡᠶᠢᠭᠡᠮ ᠤᠨ ᠠᠵᠢᠯ ᠦᠢᠯᠡᠰ ᠤᠨ ᠬᠥᠭᠵᠢᠯᠲᠡ ᠶᠢᠨ ᠲᠣᠪᠴᠢᠶ᠎ᠠ ᠵᠡᠷᠭᠡ ᠭᠠᠵᠠᠷ ᠣᠷᠣᠨ ᠤ ᠰᠠᠯᠠᠭ᠎ᠠ ᠮᠥᠴᠢᠷ ᠲᠤ ᠬᠠᠨᠳᠤᠭᠤᠯᠤᠨ ᠮᠡᠳᠡᠭᠳᠡᠯ ᠪᠠᠭᠤᠯᠭᠠᠵᠤ᠂ ᠵᠢᠵᠢᠭᠦᠷᠯᠡᠨ ᠰᠠᠬᠢᠬᠤ ᠱᠠᠭᠠᠷᠳᠠᠯᠭ᠎ᠠ᠂ ᠵᠢᠵᠢᠭᠦᠷᠯᠡᠭᠴᠢ ᠶᠢᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠠᠭᠤᠯᠭ᠎ᠠ ᠪᠠ ᠠᠷᠭ᠎ᠠ ᠬᠡᠯᠪᠡᠷᠢ ᠵᠡᠷᠭᠡ ᠶᠢ ᠵᠢᠷᠤᠮᠵᠢᠭᠤᠯᠵᠤ᠂ ᠵᠢᠵᠢᠭᠦᠷᠯᠡᠨ ᠰᠠᠬᠢᠬᠤ ᠪᠠ ᠬᠦᠨᠳᠦ ᠶᠡᠭᠡ ᠪᠠᠴᠢᠮ ᠬᠡᠷᠡᠭ ᠤᠨ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠠᠵᠢᠯ ᠢ ᠦᠨᠡᠨᠬᠦ ᠴᠢᠩᠭᠠᠳᠬᠠᠪᠠ᠃      ᠣᠶᠢᠯᠠᠭᠠᠭᠰᠠᠨ ᠢᠶᠠᠷ᠂ ᠵᠢᠵᠢᠭᠦᠷᠯᠡᠬᠦ ᠠᠷᠭ᠎ᠠ ᠬᠡᠯᠪᠡᠷᠢ ᠳᠤ ᠤᠳᠤᠷᠢᠳᠤᠯᠭ᠎ᠠ ᠳᠠᠭᠠᠭᠤᠯᠤᠨ ᠵᠢᠵᠢᠭᠦᠷᠯᠡᠭᠦ ᠲᠦᠷᠢᠮ ᠢ ᠬᠡᠷᠡᠭᠵᠢᠭᠦᠯᠦᠨ᠎ᠡ᠃ ᠤᠳᠤᠷᠢᠳᠤᠯᠭ᠎ᠠ ᠡᠭᠡᠯᠵᠢ ᠳᠠᠭᠠᠭᠤᠯᠬᠤ ᠶᠢ ᠡᠳᠦᠷ ᠲᠤᠲᠤᠮ ᠤᠨ ᠡᠭᠡᠯᠵᠢ ᠳᠠᠭᠠᠭᠤᠯᠬᠤ ᠪᠠ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ︵ᠡᠪᠦᠯ ᠵᠤᠨ ᠤ ᠠᠮᠠᠷᠠᠯᠲᠠ ᠪᠠᠭᠲᠠᠨ᠎ᠠ︶ ᠤᠨ ᠬᠤᠭᠤᠴᠠᠭᠠᠨ ᠳᠤ ᠡᠭᠡᠯᠵᠢ ᠳᠠᠭᠠᠭᠤᠯᠬᠤ ᠭᠡᠵᠦ ᠬᠤᠪᠢᠶᠠᠨ᠎ᠠ᠃ ᠡᠳᠦᠷ ᠲᠤᠲᠤᠮ ᠤᠨ ᠡᠭᠡᠯᠵᠢ ᠳᠠᠭᠠᠭᠤᠯᠬᠤ ᠬᠤᠭᠤᠴᠠᠭᠠᠨ ᠳᠤ᠂ ᠡᠭᠡᠯᠵᠢ ᠳᠠᠭᠠᠭᠤᠯᠬᠤ ᠤᠳᠤᠷᠢᠳᠤᠯᠭ᠎ᠠ ᠴᠢᠮᠡᠭᠡ ᠬᠤᠯᠪᠤᠭ᠎ᠠ ᠰᠠᠭᠠᠳ ᠦᠭᠡᠢ ᠨᠡᠪᠲᠡᠷᠡᠭᠦ ᠶᠢ ᠪᠠᠲᠤᠯᠠᠵᠤ᠂ ᠠᠵᠢᠯ ᠤᠨ ᠭᠠᠵᠠᠷ ᠲᠠᠭᠠᠨ ᠡᠭᠡᠯᠵᠢ ᠲᠠᠭᠠᠭᠤᠯᠬᠤ ᠬᠡᠷᠡᠭᠲᠡᠶ︔ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠡᠭᠡᠯᠵᠢ ᠳᠠᠭᠠᠭᠤᠯᠬᠤ ᠬᠤᠭᠤᠴᠠᠭᠠᠨ ᠳᠤ᠂ ᠡᠳᠦᠷ ᠪᠦᠷᠢ ᠨᠢᠭᠡ ᠡᠭᠡᠯᠵᠢ ᠳᠠᠭᠠᠭᠤᠯᠬᠤ ᠤᠳᠤᠷᠢᠳᠤᠯᠭ᠎ᠠ ᠲᠣᠬᠢᠷᠠᠭᠤᠯᠵᠤ ᠠᠵᠢᠯ ᠤᠨ ᠪᠠᠶᠢᠷᠢ ᠳᠤ ᠡᠭᠡᠯᠵᠢ ᠳᠠᠭᠠᠭᠤᠯᠬᠤ ᠬᠡᠷᠡᠭᠲᠡᠢ᠃ ᠠᠵᠢᠯ ᠤᠨ ᠪᠠᠶᠢᠷᠢ ᠳᠤ ᠪᠠᠶᠢᠭ᠎ᠠ᠂ ᠣᠷᠣᠨ ᠲᠤᠭ᠎ᠠ ᠳᠤ ᠪᠠᠶᠢᠭ᠎ᠠ ᠬᠥᠮᠦᠰ ᠤᠨ 24 ᠴᠠᠭ ᠤᠨ ᠵᠢᠵᠢᠭᠦᠷᠯᠡᠬᠦ ᠲᠦᠷᠢᠮ ᠢ ᠬᠡᠷᠡᠭᠵᠢᠭᠦᠯᠵᠦ᠂ ᠡᠭᠡᠯᠵᠢ ᠬᠠᠯᠠᠭ᠎ᠠ ᠶᠢ ᠵᠠᠪᠰᠠᠷ ᠥᠬᠡᠶ ᠵᠣᠯᠭᠠᠭᠤᠯᠬᠤ ᠬᠡᠷᠡᠭᠲᠡᠢ᠃      ᠬᠤᠲᠠ ᠶᠢᠨ ᠰᠤᠷᠭᠠᠨ ᠬᠥᠮᠦᠵᠢᠯ ᠤᠨ ᠲᠤᠪᠴᠢᠶ᠎ᠠ ᠶᠢᠨ ᠬᠤᠯᠪᠣᠭᠳᠠᠯ ᠪᠥᠬᠦᠶ ᠬᠠᠷᠢᠭᠤᠴᠠᠯᠭᠠᠲᠠᠨ ᠲᠠᠨᠢᠯᠴᠠᠭᠤᠯᠬᠤ ᠳᠠᠭᠠᠨ᠂ ᠮᠡᠳᠡᠭᠳᠡᠯ ᠳᠤ ᠵᠢᠵᠢᠭᠦᠷᠯᠡᠭᠴᠢ ᠶᠢᠨ ᠡᠭᠦᠷᠭᠡ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠪᠠ᠃ ᠡᠭᠡᠯᠵᠢ ᠳᠠᠭᠠᠭᠤᠯᠬᠤ ᠤᠳᠤᠷᠢᠳᠤᠯᠭ᠎ᠠ ᠡᠭᠡᠯᠵᠢ ᠳᠠᠭᠠᠭᠤᠯᠬᠤ ᠬᠤᠭᠤᠴᠠᠭᠠᠨ ᠳᠠᠬᠢ ᠠᠵᠢᠯ ᠳᠤ ᠪᠦᠬᠦ ᠬᠠᠷᠢᠭᠤᠴᠠᠯᠭ᠎ᠠ ᠶᠢ ᠡᠭᠦᠷᠭᠡᠯᠡᠵᠦ᠂ ᠡᠭᠡᠯᠵᠢ ᠳᠠᠭᠠᠭᠤᠯᠬᠤ ᠬᠤᠭᠤᠴᠠᠭᠠᠨ ᠳᠤ ᠡᠭᠦᠰᠦᠭᠰᠡᠨ ᠪᠠᠴᠢᠮ ᠠᠯᠪᠠᠨ ᠶᠠᠪᠤᠳᠠᠯ ᠪᠠ ᠠᠷᠠᠳ ᠤᠨ ᠠᠮᠢᠳᠤᠷᠠᠯ ᠤᠨ ᠪᠠᠲᠤᠯᠠᠭ᠎ᠠ᠂ ᠵᠠᠬᠢᠳᠠᠯ ᠰᠤᠷᠪᠤᠯᠵᠢᠯᠠᠯ ᠲᠣᠭᠲᠠᠭᠤᠨ ᠢ ᠬᠠᠮᠠᠭᠠᠯᠠᠬᠤ᠂ ᠬᠦᠨᠳᠦ ᠶᠡᠭᠡ ᠠᠳᠡᠯ᠂ ᠬᠠᠮᠲᠤᠯᠢᠭ ᠤᠨ ᠴᠢᠨᠠᠷᠲᠠᠶ ᠬᠡᠷᠡᠭ ᠵᠡᠷᠭᠡ ᠠᠵᠢᠯ ᠢ ᠲᠣᠬᠢᠲᠠᠶ ᠰᠢᠢᠳᠪᠦᠷᠢᠯᠡᠬᠦ ᠬᠡᠷᠡᠭᠲᠡᠶ᠃ ᠬᠦᠨᠳᠦ ᠶᠡᠭᠡ ᠪᠠᠴᠢᠮ ᠬᠡᠷᠡᠭ ᠲᠣᠬᠢᠶᠠᠯᠳᠤᠪᠠᠯ᠂ ᠲᠣᠰ ᠭᠠᠵᠠᠷ ᠣᠷᠣᠨ ᠲᠣᠰ ᠰᠠᠯᠠᠭ᠎ᠠ ᠮᠥᠴᠢᠷ ᠤᠨ ᠢᠶᠠᠨ ᠭᠤᠤᠯ ᠤᠳᠤᠷᠢᠳᠤᠯᠭ᠎ᠠ ᠳᠤ ᠳᠠᠷᠦ᠋ᠢᠬᠠᠨ ᠮᠡᠳᠡᠭᠦᠯᠬᠦ ᠶᠢᠨ ᠬᠠᠮᠲᠤ ᠬᠠᠮᠢᠶ᠎ᠠ ᠪᠦᠬᠦᠢ ᠵᠢᠷᠤᠮ ᠳᠠᠷᠠᠭᠠᠯᠠᠯ ᠪᠣᠯᠤᠨ ᠭᠤᠤᠯ ᠤᠳᠤᠷᠢᠳᠤᠯᠭ᠎ᠠ ᠶᠢᠨ ᠴᠣᠬᠤᠯᠠᠪᠤᠷᠢ ᠶᠢᠨ ᠶᠣᠰᠣᠭᠠᠷ ᠲᠤᠬᠠᠢ ᠶᠢᠨ ᠲᠠᠯᠠᠪᠠᠢ ᠳᠤ ᠲᠡᠷᠡ ᠲᠠᠷᠤᠢ ᠳᠤᠨᠢ ᠬᠦᠷᠴᠦ ᠠᠷᠭᠠᠴᠠᠭᠠᠨ ᠰᠢᠢᠳᠪᠦᠷᠢᠯᠡᠬᠦ ᠬᠡᠷᠡᠭᠲᠡᠶ᠃ ᠵᠢᠵᠢᠭᠦᠷᠯᠡᠭᠴᠢ 24 ᠴᠠᠭ ᠵᠢᠵᠢᠭᠦᠷᠯᠡᠨ ᠰᠠᠬᠢᠬᠤ ᠠᠵᠢᠯ ᠢ ᠰᠠᠶᠢᠲᠤᠷ ᠬᠢᠵᠦ᠂ ᠴᠢᠬᠤᠯᠠ ᠶᠡᠭᠡ ᠮᠡᠳᠡᠭᠡ ᠵᠠᠩᠭᠢ ᠶᠢ ᠭᠥᠯᠢᠶᠡᠨ ᠠᠪᠬᠤ ᠪᠠ ᠮᠡᠳᠡᠭᠦᠯᠦᠨ ᠬᠦᠷᠭᠡᠭᠦ ᠠᠵᠢᠯ ᠢ ᠬᠠᠷᠢᠭᠤᠴᠠᠬᠤ ᠬᠡᠷᠡᠭᠲᠡᠶ᠃ ᠬᠦᠨᠳᠦ ᠶᠡᠭᠡ ᠪᠠᠴᠢᠮ ᠬᠡᠷᠡᠭ ᠭᠠᠷᠪᠠᠯ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠳᠤ ᠴᠠᠭ ᠲᠤᠬᠠᠶ ᠳᠤᠨᠢ ᠮᠡᠳᠡᠭᠦᠯᠬᠦ ᠶᠢᠨ ᠬᠠᠮᠲᠤ ᠮᠡᠳᠡᠭᠡ ᠵᠠᠩᠭᠢ ᠶᠢ ᠦᠷᠭᠦᠯᠵᠢᠯᠡᠨ ᠮᠡᠳᠡᠭᠦᠯᠬᠦ ᠠᠵᠢᠯ ᠢ ᠰᠠᠶᠢᠲᠤᠷ ᠬᠢᠬᠦ ᠬᠡᠷᠡᠭᠲᠡᠶ ᠬᠡᠪᠡ᠃      ︽ᠵᠢᠵᠢᠭᠦᠷᠯᠡᠨ ᠰᠠᠬᠢᠬᠤ ᠪᠠ ᠬᠦᠨᠳᠦ ᠶᠡᠭᠡ ᠪᠠᠴᠢᠮ ᠬᠡᠷᠡᠭ ᠤᠨ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠠᠵᠢᠯ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠴᠢᠩᠭᠠᠳᠬᠠᠬᠤ ᠶᠢᠨ ᠲᠥᠯᠥᠭᠡ᠂ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠪᠣᠯᠤᠨ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠳᠤ ᠲᠤᠮᠢᠯᠠᠵᠤ ᠰᠠᠭᠤᠯᠭᠠᠬᠰᠠᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠨᠢ ᠬᠠᠮᠳᠤᠷᠠᠬᠰᠠᠨ ᠱᠠᠭᠠᠷᠳᠠᠨ ᠪᠠᠶᠢᠴᠠᠭᠠᠬᠤ ᠲᠤᠭᠤᠢᠢᠯᠠᠩ ᠢ ᠪᠦᠷᠢᠯᠳᠦᠭᠦᠯᠵᠦ᠂ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠰᠤᠭᠤᠴᠢᠨ ᠪᠠᠶᠢᠴᠠᠭᠠᠵᠤ᠂ ᠰᠤᠭᠤᠴᠢᠨ ᠪᠠᠶᠢᠴᠠᠭᠠᠭᠰᠠᠨ ᠦᠷ᠎ᠡ ᠳ᠋ᠦᠩ ᠢ ᠪᠥᠬᠦ ᠬᠤᠲᠠ ᠶᠢᠨ ᠰᠤᠷᠭᠠᠨ ᠬᠥᠮᠦᠵᠢᠯ ᠤᠨ ᠰᠢᠰᠲ᠋ᠧᠮ ᠳᠤ ᠵᠠᠷᠯᠠᠨ ᠮᠡᠳᠡᠭᠳᠡᠭᠦ ᠬᠡᠷᠡᠭᠲᠡᠢ︾ ᠭᠡᠵᠦ ᠬᠤᠲᠠ ᠶᠢᠨ ᠰᠤᠷᠭᠠᠨ ᠬᠦᠮᠦᠵᠢᠯ ᠤᠨ ᠲᠤᠪᠴᠢᠶᠠᠨ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠬᠠᠷᠢᠭᠤᠴᠠᠯᠭᠠᠲᠠᠨ ᠬᠡᠯᠡᠭᠰᠡᠨ ᠢᠶᠠᠨ ᠵᠠᠯᠭᠠᠭᠠᠳ᠄ ︽ᠡᠯ᠎ᠡ ᠭᠠᠵᠠᠷ ᠣᠷᠣᠨ ᠡᠯ᠎ᠡ ᠨᠢᠭᠡᠴᠡ ᠶᠢᠨ ᠵᠢᠵᠢᠭᠦᠷᠯᠡᠨ ᠰᠠᠬᠢᠵᠤ ᠪᠠᠶᠢᠭ᠎ᠠ ᠪᠠᠶᠢᠳᠠᠯ ᠢ ᠰᠤᠭᠤᠴᠢᠨ ᠪᠠᠶᠢᠴᠠᠭᠠᠬᠤ ᠶᠠᠪᠤᠴᠠ ᠳᠤ ᠠᠰᠠᠭᠤᠳᠠᠯ ᠢ ᠣᠯᠵᠤ ᠮᠡᠳᠡᠭᠰᠡᠨ᠂ ᠬᠦᠨᠳᠦ ᠶᠡᠭᠡ ᠪᠠᠴᠢᠮ ᠬᠡᠷᠡᠭ ᠤᠨ ᠮᠡᠳᠡᠭᠡ ᠵᠠᠩᠭᠢ ᠶᠢ ᠤᠳᠠᠭᠠᠰᠢᠷᠠᠭᠤᠯᠤᠨ ᠮᠡᠳᠡᠭᠦᠯᠦᠭᠰᠡᠨ ᠪᠤᠶᠤ ᠤᠷᠬᠢᠬᠳᠠᠭᠤᠯᠵᠤ ᠮᠡᠳᠡᠭᠦᠯᠦᠭᠰᠡᠨ ᠪᠠᠶᠢᠪᠠᠯ᠂ ᠦᠢᠯᠡ ᠪᠠᠶᠢᠳᠠᠯ ᠤᠨ ᠬᠢᠨᠢ ᠬᠦᠨᠳᠦ ᠬᠥᠩᠭᠡᠨ ᠢ ᠨᠢ ᠦᠵᠡᠵᠦ᠂ ᠪᠦᠬᠦ ᠬᠤᠲᠠ ᠶᠢᠨ ᠰᠤᠷᠭᠠᠨ ᠬᠥᠮᠦᠵᠢᠯ ᠤᠨ ᠰᠢᠰᠲ᠋ᠧᠮ ᠳᠤ ᠵᠠᠷᠯᠠᠨ ᠮᠡᠳᠡᠭᠳᠡᠨ᠎ᠠ᠃ ᠬᠦᠨᠳᠦ ᠶᠡᠭᠡ ᠬᠤᠬᠢᠷᠠᠯ ᠪᠠ ᠬᠦᠨᠳᠦ ᠨᠣᠴᠢᠲᠠᠶ ᠤᠷᠰᠢᠭ ᠲᠠᠲᠠᠭᠰᠠᠨ᠂ ᠡᠰᠡᠬᠦᠯ᠎ᠡ ᠬᠦᠨᠳᠦ ᠶᠡᠭᠡ ᠪᠠᠴᠢᠮ ᠬᠡᠷᠡᠭ ᠤᠨ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠠᠵᠢᠯ ᠤᠨ ᠳᠤᠮᠳᠠ ᠬᠠᠷᠢᠭᠤᠴᠠᠯᠭ᠎ᠠ ᠪᠠᠨ ᠠᠯᠳᠠᠵᠤ ᠲᠤᠰᠢᠶᠠᠯ ᠢᠶᠠᠨ ᠭᠤᠲᠤᠭᠠᠭᠰᠠᠨ ᠦᠢᠯᠡ ᠠᠵᠢᠯᠯᠠᠭ᠎ᠠ ᠲᠠᠢ ᠬᠤᠯᠪᠣᠭᠳᠠᠯ ᠪᠦᠬᠦᠢ ᠬᠠᠷᠢᠭᠤᠴᠠᠯᠭ᠎ᠠ ᠡᠭᠦᠷᠭᠡᠯᠡᠭᠴᠢ ᠶᠢ ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠨ ᠬᠠᠤᠯᠢ ᠲᠣᠭᠲᠠᠭᠠᠯ ᠶᠣᠰᠣᠭᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠨ᠎ᠠ︾ ᠬᠡᠪᠡ᠃
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号