ᠪᠦᠬᠦ ᠬᠤᠲᠠ ᠶᠢᠨ ᠰᠤᠷᠭᠠᠨ ᠬᠥᠮᠦᠵᠢᠯ ᠤᠨ ᠰᠢᠰᠲ᠋ᠧᠮ ᠤᠨ ᠵᠢᠵᠢᠭᠦᠷᠯᠡᠨ ᠰᠠᠬᠢᠬᠤ ᠪᠠ ᠬᠦᠨᠳᠦ ᠶᠡᠭᠡ ᠪᠠᠴᠢᠮ ᠬᠡᠷᠡᠭ ᠤᠨ ᠮᠡᠳᠡᠭᠡ ᠵᠠᠩᠭᠢ ᠶᠢ | ᠮᠡᠳᠡᠭᠦᠯᠦᠨ ᠬᠦᠷᠭᠡᠬᠦ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠥᠯᠥᠭᠡ᠂ ᠤᠢᠢᠷ᠎ᠠ ᠳᠤ ᠬᠥᠬᠡᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ | ᠪᠦᠬᠦ ᠬᠤᠲᠠ ᠶᠢᠨ ᠰᠤᠷᠭᠠᠨ ᠬᠥᠮᠦᠵᠢᠯ ᠤᠨ ᠰᠢᠰᠲ᠋ᠧᠮ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠡᠯ᠎ᠡ ᠬᠤᠰᠢᠭᠤ ᠰᠢᠶᠠᠨ ᠲᠣᠭᠤᠷᠢᠭ ᠤᠨ ᠰᠤᠷᠭᠠᠨ | ᠬᠥᠮᠦᠵᠢᠯ ᠤᠨ ᠲᠣᠪᠴᠢᠶ᠎ᠠ᠂ ᠰᠢᠭᠤᠳ ᠬᠠᠷᠢᠶ᠎ᠠ ᠰᠤᠷᠭᠠᠭᠤᠯᠢ᠂ ᠰᠢᠭᠤᠳ ᠬᠠᠷᠢᠶ᠎ᠠ ᠨᠢᠭᠡᠴᠡ ᠪᠠ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ | ᠨᠡᠶᠢᠭᠡᠮ ᠤᠨ ᠠᠵᠢᠯ ᠦᠢᠯᠡᠰ ᠤᠨ ᠬᠥᠭᠵᠢᠯᠲᠡ ᠶᠢᠨ ᠲᠣᠪᠴᠢᠶ᠎ᠠ ᠵᠡᠷᠭᠡ ᠭᠠᠵᠠᠷ ᠣᠷᠣᠨ ᠤ ᠰᠠᠯᠠᠭ᠎ᠠ ᠮᠥᠴᠢᠷ ᠲᠤ ᠬᠠᠨᠳᠤᠭᠤᠯᠤᠨ ᠮᠡᠳᠡᠭᠳᠡᠯ ᠪᠠᠭᠤᠯᠭᠠᠵᠤ᠂ | ᠵᠢᠵᠢᠭᠦᠷᠯᠡᠨ ᠰᠠᠬᠢᠬᠤ ᠱᠠᠭᠠᠷᠳᠠᠯᠭ᠎ᠠ᠂ ᠵᠢᠵᠢᠭᠦᠷᠯᠡᠭᠴᠢ ᠶᠢᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ | ᠠᠭᠤᠯᠭ᠎ᠠ ᠪᠠ ᠠᠷᠭ᠎ᠠ ᠬᠡᠯᠪᠡᠷᠢ ᠵᠡᠷᠭᠡ ᠶᠢ ᠵᠢᠷᠤᠮᠵᠢᠭᠤᠯᠵᠤ᠂ ᠵᠢᠵᠢᠭᠦᠷᠯᠡᠨ ᠰᠠᠬᠢᠬᠤ ᠪᠠ ᠬᠦᠨᠳᠦ ᠶᠡᠭᠡ ᠪᠠᠴᠢᠮ ᠬᠡᠷᠡᠭ ᠤᠨ ᠮᠡᠳᠡᠭᠡ ᠵᠠᠩᠭᠢ ᠶᠢ ᠮᠡᠳᠡᠭᠦᠯᠦᠨ | ᠬᠦᠷᠭᠡᠬᠦ ᠠᠵᠢᠯ ᠢ ᠦᠨᠡᠨᠬᠦ ᠴᠢᠩᠭᠠᠳᠬᠠᠪᠠ᠃ | ᠣᠶᠢᠯᠠᠭᠠᠭᠰᠠᠨ ᠢᠶᠠᠷ᠂ ᠵᠢᠵᠢᠭᠦᠷᠯᠡᠬᠦ ᠠᠷᠭ᠎ᠠ ᠬᠡᠯᠪᠡᠷᠢ ᠳᠤ ᠤᠳᠤᠷᠢᠳᠤᠯᠭ᠎ᠠ ᠳᠠᠭᠠᠭᠤᠯᠤᠨ ᠵᠢᠵᠢᠭᠦᠷᠯᠡᠭᠦ ᠲᠦᠷᠢᠮ ᠢ ᠬᠡᠷᠡᠭᠵᠢᠭᠦᠯᠦᠨ᠎ᠡ᠃ ᠤᠳᠤᠷᠢᠳᠤᠯᠭ᠎ᠠ | ᠡᠭᠡᠯᠵᠢ ᠳᠠᠭᠠᠭᠤᠯᠬᠤ ᠶᠢ ᠡᠳᠦᠷ ᠲᠤᠲᠤᠮ ᠤᠨ ᠡᠭᠡᠯᠵᠢ ᠳᠠᠭᠠᠭᠤᠯᠬᠤ ᠪᠠ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ︵ᠡᠪᠦᠯ ᠵᠤᠨ ᠤ ᠠᠮᠠᠷᠠᠯᠲᠠ ᠪᠠᠭᠲᠠᠨ᠎ᠠ︶ | ᠤᠨ ᠬᠤᠭᠤᠴᠠᠭᠠᠨ ᠳᠤ ᠡᠭᠡᠯᠵᠢ ᠳᠠᠭᠠᠭᠤᠯᠬᠤ ᠭᠡᠵᠦ ᠬᠤᠪᠢᠶᠠᠨ᠎ᠠ᠃ ᠡᠳᠦᠷ ᠲᠤᠲᠤᠮ ᠤᠨ ᠡᠭᠡᠯᠵᠢ ᠳᠠᠭᠠᠭᠤᠯᠬᠤ ᠬᠤᠭᠤᠴᠠᠭᠠᠨ ᠳᠤ᠂ ᠡᠭᠡᠯᠵᠢ ᠳᠠᠭᠠᠭᠤᠯᠬᠤ | ᠤᠳᠤᠷᠢᠳᠤᠯᠭ᠎ᠠ ᠴᠢᠮᠡᠭᠡ ᠬᠤᠯᠪᠤᠭ᠎ᠠ ᠰᠠᠭᠠᠳ ᠦᠭᠡᠢ ᠨᠡᠪᠲᠡᠷᠡᠭᠦ ᠶᠢ ᠪᠠᠲᠤᠯᠠᠵᠤ᠂ ᠠᠵᠢᠯ ᠤᠨ ᠭᠠᠵᠠᠷ ᠲᠠᠭᠠᠨ ᠡᠭᠡᠯᠵᠢ ᠲᠠᠭᠠᠭᠤᠯᠬᠤ ᠬᠡᠷᠡᠭᠲᠡᠶ︔ ᠪᠠᠶᠠᠷ | ᠳᠤᠷᠠᠰᠬᠠᠯ ᠠᠮᠠᠷᠠᠯᠲᠠ ᠶᠢᠨ ᠡᠳᠦᠷ ᠡᠭᠡᠯᠵᠢ ᠳᠠᠭᠠᠭᠤᠯᠬᠤ ᠬᠤᠭᠤᠴᠠᠭᠠᠨ ᠳᠤ᠂ ᠡᠳᠦᠷ ᠪᠦᠷᠢ ᠨᠢᠭᠡ ᠡᠭᠡᠯᠵᠢ ᠳᠠᠭᠠᠭᠤᠯᠬᠤ ᠤᠳᠤᠷᠢᠳᠤᠯᠭ᠎ᠠ ᠲᠣᠬᠢᠷᠠᠭᠤᠯᠵᠤ | ᠠᠵᠢᠯ ᠤᠨ ᠪᠠᠶᠢᠷᠢ ᠳᠤ ᠡᠭᠡᠯᠵᠢ ᠳᠠᠭᠠᠭᠤᠯᠬᠤ ᠬᠡᠷᠡᠭᠲᠡᠢ᠃ ᠠᠵᠢᠯ ᠤᠨ ᠪᠠᠶᠢᠷᠢ ᠳᠤ ᠪᠠᠶᠢᠭ᠎ᠠ᠂ ᠣᠷᠣᠨ ᠲᠤᠭ᠎ᠠ ᠳᠤ ᠪᠠᠶᠢᠭ᠎ᠠ ᠬᠥᠮᠦᠰ ᠤᠨ 24 ᠴᠠᠭ ᠤᠨ | ᠵᠢᠵᠢᠭᠦᠷᠯᠡᠬᠦ ᠲᠦᠷᠢᠮ ᠢ ᠬᠡᠷᠡᠭᠵᠢᠭᠦᠯᠵᠦ᠂ ᠡᠭᠡᠯᠵᠢ ᠬᠠᠯᠠᠭ᠎ᠠ ᠶᠢ ᠵᠠᠪᠰᠠᠷ ᠥᠬᠡᠶ ᠵᠣᠯᠭᠠᠭᠤᠯᠬᠤ ᠬᠡᠷᠡᠭᠲᠡᠢ᠃ | ᠬᠤᠲᠠ ᠶᠢᠨ ᠰᠤᠷᠭᠠᠨ ᠬᠥᠮᠦᠵᠢᠯ ᠤᠨ ᠲᠤᠪᠴᠢᠶ᠎ᠠ ᠶᠢᠨ ᠬᠤᠯᠪᠣᠭᠳᠠᠯ ᠪᠥᠬᠦᠶ ᠬᠠᠷᠢᠭᠤᠴᠠᠯᠭᠠᠲᠠᠨ ᠲᠠᠨᠢᠯᠴᠠᠭᠤᠯᠬᠤ ᠳᠠᠭᠠᠨ᠂ ᠮᠡᠳᠡᠭᠳᠡᠯ ᠳᠤ | ᠵᠢᠵᠢᠭᠦᠷᠯᠡᠭᠴᠢ ᠶᠢᠨ ᠡᠭᠦᠷᠭᠡ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠪᠠ᠃ ᠡᠭᠡᠯᠵᠢ ᠳᠠᠭᠠᠭᠤᠯᠬᠤ ᠤᠳᠤᠷᠢᠳᠤᠯᠭ᠎ᠠ ᠡᠭᠡᠯᠵᠢ ᠳᠠᠭᠠᠭᠤᠯᠬᠤ | ᠬᠤᠭᠤᠴᠠᠭᠠᠨ ᠳᠠᠬᠢ ᠠᠵᠢᠯ ᠳᠤ ᠪᠦᠬᠦ ᠬᠠᠷᠢᠭᠤᠴᠠᠯᠭ᠎ᠠ ᠶᠢ ᠡᠭᠦᠷᠭᠡᠯᠡᠵᠦ᠂ ᠡᠭᠡᠯᠵᠢ ᠳᠠᠭᠠᠭᠤᠯᠬᠤ ᠬᠤᠭᠤᠴᠠᠭᠠᠨ ᠳᠤ ᠡᠭᠦᠰᠦᠭᠰᠡᠨ ᠪᠠᠴᠢᠮ ᠠᠯᠪᠠᠨ ᠶᠠᠪᠤᠳᠠᠯ | ᠪᠠ ᠠᠷᠠᠳ ᠤᠨ ᠠᠮᠢᠳᠤᠷᠠᠯ ᠤᠨ ᠪᠠᠲᠤᠯᠠᠭ᠎ᠠ᠂ ᠵᠠᠬᠢᠳᠠᠯ ᠰᠤᠷᠪᠤᠯᠵᠢᠯᠠᠯ ᠲᠣᠭᠲᠠᠭᠤᠨ ᠢ ᠬᠠᠮᠠᠭᠠᠯᠠᠬᠤ᠂ ᠬᠦᠨᠳᠦ ᠶᠡᠭᠡ ᠠᠳᠡᠯ᠂ ᠬᠠᠮᠲᠤᠯᠢᠭ ᠤᠨ ᠴᠢᠨᠠᠷᠲᠠᠶ | ᠬᠡᠷᠡᠭ ᠵᠡᠷᠭᠡ ᠠᠵᠢᠯ ᠢ ᠲᠣᠬᠢᠲᠠᠶ ᠰᠢᠢᠳᠪᠦᠷᠢᠯᠡᠬᠦ ᠬᠡᠷᠡᠭᠲᠡᠶ᠃ ᠬᠦᠨᠳᠦ ᠶᠡᠭᠡ ᠪᠠᠴᠢᠮ ᠬᠡᠷᠡᠭ ᠲᠣᠬᠢᠶᠠᠯᠳᠤᠪᠠᠯ᠂ ᠲᠣᠰ ᠭᠠᠵᠠᠷ ᠣᠷᠣᠨ ᠲᠣᠰ ᠰᠠᠯᠠᠭ᠎ᠠ | ᠮᠥᠴᠢᠷ ᠤᠨ ᠢᠶᠠᠨ ᠭᠤᠤᠯ ᠤᠳᠤᠷᠢᠳᠤᠯᠭ᠎ᠠ ᠳᠤ ᠳᠠᠷᠦ᠋ᠢᠬᠠᠨ ᠮᠡᠳᠡᠭᠦᠯᠬᠦ ᠶᠢᠨ ᠬᠠᠮᠲᠤ ᠬᠠᠮᠢᠶ᠎ᠠ ᠪᠦᠬᠦᠢ ᠵᠢᠷᠤᠮ ᠳᠠᠷᠠᠭᠠᠯᠠᠯ ᠪᠣᠯᠤᠨ ᠭᠤᠤᠯ | ᠤᠳᠤᠷᠢᠳᠤᠯᠭ᠎ᠠ ᠶᠢᠨ ᠴᠣᠬᠤᠯᠠᠪᠤᠷᠢ ᠶᠢᠨ ᠶᠣᠰᠣᠭᠠᠷ ᠲᠤᠬᠠᠢ ᠶᠢᠨ ᠲᠠᠯᠠᠪᠠᠢ ᠳᠤ ᠲᠡᠷᠡ ᠲᠠᠷᠤᠢ ᠳᠤᠨᠢ ᠬᠦᠷᠴᠦ ᠠᠷᠭᠠᠴᠠᠭᠠᠨ ᠰᠢᠢᠳᠪᠦᠷᠢᠯᠡᠬᠦ ᠬᠡᠷᠡᠭᠲᠡᠶ᠃ | ᠵᠢᠵᠢᠭᠦᠷᠯᠡᠭᠴᠢ 24 ᠴᠠᠭ ᠵᠢᠵᠢᠭᠦᠷᠯᠡᠨ ᠰᠠᠬᠢᠬᠤ ᠠᠵᠢᠯ ᠢ ᠰᠠᠶᠢᠲᠤᠷ ᠬᠢᠵᠦ᠂ ᠴᠢᠬᠤᠯᠠ ᠶᠡᠭᠡ ᠮᠡᠳᠡᠭᠡ ᠵᠠᠩᠭᠢ ᠶᠢ ᠭᠥᠯᠢᠶᠡᠨ ᠠᠪᠬᠤ ᠪᠠ ᠮᠡᠳᠡᠭᠦᠯᠦᠨ ᠬᠦᠷᠭᠡᠭᠦ | ᠠᠵᠢᠯ ᠢ ᠬᠠᠷᠢᠭᠤᠴᠠᠬᠤ ᠬᠡᠷᠡᠭᠲᠡᠶ᠃ ᠬᠦᠨᠳᠦ ᠶᠡᠭᠡ ᠪᠠᠴᠢᠮ ᠬᠡᠷᠡᠭ ᠭᠠᠷᠪᠠᠯ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ ᠬᠤᠲᠠ ᠶᠢᠨ ᠰᠤᠷᠭᠠᠨ | ᠬᠥᠮᠦᠵᠢᠯ ᠤᠨ ᠲᠣᠪᠴᠢᠶ᠎ᠠ ᠳᠤ ᠴᠠᠭ ᠲᠤᠬᠠᠶ ᠳᠤᠨᠢ ᠮᠡᠳᠡᠭᠦᠯᠬᠦ ᠶᠢᠨ ᠬᠠᠮᠲᠤ ᠮᠡᠳᠡᠭᠡ ᠵᠠᠩᠭᠢ ᠶᠢ ᠦᠷᠭᠦᠯᠵᠢᠯᠡᠨ ᠮᠡᠳᠡᠭᠦᠯᠬᠦ ᠠᠵᠢᠯ ᠢ ᠰᠠᠶᠢᠲᠤᠷ ᠬᠢᠬᠦ ᠬᠡᠷᠡᠭᠲᠡᠶ | ᠬᠡᠪᠡ᠃ | ︽ᠵᠢᠵᠢᠭᠦᠷᠯᠡᠨ ᠰᠠᠬᠢᠬᠤ ᠪᠠ ᠬᠦᠨᠳᠦ ᠶᠡᠭᠡ ᠪᠠᠴᠢᠮ ᠬᠡᠷᠡᠭ ᠤᠨ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠠᠵᠢᠯ ᠳᠤ ᠬᠢᠨᠠᠯᠲᠠ ᠲᠠᠯᠪᠢᠵᠤ | ᠪᠠᠶᠢᠴᠠᠭᠠᠬᠤ ᠶᠢ ᠴᠢᠩᠭᠠᠳᠬᠠᠬᠤ ᠶᠢᠨ ᠲᠥᠯᠥᠭᠡ᠂ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠪᠣᠯᠤᠨ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ | ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠳᠤ ᠲᠤᠮᠢᠯᠠᠵᠤ ᠰᠠᠭᠤᠯᠭᠠᠬᠰᠠᠨ ᠰᠠᠬᠢᠯᠭ᠎ᠠ ᠪᠠᠲᠤ ᠪᠠᠶᠢᠴᠠᠭᠠᠬᠤ | ᠬᠢᠨᠠᠨ ᠪᠠᠶᠢᠴᠠᠭᠠᠬᠤ ᠳᠤᠭᠤᠶᠢᠯᠠᠩ ᠨᠢ ᠬᠠᠮᠳᠤᠷᠠᠬᠰᠠᠨ ᠱᠠᠭᠠᠷᠳᠠᠨ ᠪᠠᠶᠢᠴᠠᠭᠠᠬᠤ ᠲᠤᠭᠤᠢᠢᠯᠠᠩ ᠢ ᠪᠦᠷᠢᠯᠳᠦᠭᠦᠯᠵᠦ᠂ ᠲᠣᠭᠲᠠᠮᠠᠯ ᠪᠤᠰᠤ ᠬᠤᠭᠤᠴᠠᠭ᠎ᠠ ᠲᠠᠢ ᠪᠠᠷ | ᠰᠤᠭᠤᠴᠢᠨ ᠪᠠᠶᠢᠴᠠᠭᠠᠵᠤ᠂ ᠰᠤᠭᠤᠴᠢᠨ ᠪᠠᠶᠢᠴᠠᠭᠠᠭᠰᠠᠨ ᠦᠷ᠎ᠡ ᠳ᠋ᠦᠩ ᠢ ᠪᠥᠬᠦ ᠬᠤᠲᠠ ᠶᠢᠨ ᠰᠤᠷᠭᠠᠨ ᠬᠥᠮᠦᠵᠢᠯ ᠤᠨ ᠰᠢᠰᠲ᠋ᠧᠮ ᠳᠤ ᠵᠠᠷᠯᠠᠨ ᠮᠡᠳᠡᠭᠳᠡᠭᠦ | ᠬᠡᠷᠡᠭᠲᠡᠢ︾ ᠭᠡᠵᠦ ᠬᠤᠲᠠ ᠶᠢᠨ ᠰᠤᠷᠭᠠᠨ ᠬᠦᠮᠦᠵᠢᠯ ᠤᠨ ᠲᠤᠪᠴᠢᠶᠠᠨ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ | ᠬᠠᠷᠢᠭᠤᠴᠠᠯᠭᠠᠲᠠᠨ ᠬᠡᠯᠡᠭᠰᠡᠨ ᠢᠶᠠᠨ ᠵᠠᠯᠭᠠᠭᠠᠳ᠄ ︽ᠡᠯ᠎ᠡ ᠭᠠᠵᠠᠷ ᠣᠷᠣᠨ ᠡᠯ᠎ᠡ ᠨᠢᠭᠡᠴᠡ ᠶᠢᠨ ᠵᠢᠵᠢᠭᠦᠷᠯᠡᠨ ᠰᠠᠬᠢᠵᠤ ᠪᠠᠶᠢᠭ᠎ᠠ ᠪᠠᠶᠢᠳᠠᠯ ᠢ ᠰᠤᠭᠤᠴᠢᠨ | ᠪᠠᠶᠢᠴᠠᠭᠠᠬᠤ ᠶᠠᠪᠤᠴᠠ ᠳᠤ ᠠᠰᠠᠭᠤᠳᠠᠯ ᠢ ᠣᠯᠵᠤ ᠮᠡᠳᠡᠭᠰᠡᠨ᠂ ᠬᠦᠨᠳᠦ ᠶᠡᠭᠡ ᠪᠠᠴᠢᠮ ᠬᠡᠷᠡᠭ ᠤᠨ ᠮᠡᠳᠡᠭᠡ ᠵᠠᠩᠭᠢ ᠶᠢ ᠤᠳᠠᠭᠠᠰᠢᠷᠠᠭᠤᠯᠤᠨ ᠮᠡᠳᠡᠭᠦᠯᠦᠭᠰᠡᠨ | ᠪᠤᠶᠤ ᠤᠷᠬᠢᠬᠳᠠᠭᠤᠯᠵᠤ ᠮᠡᠳᠡᠭᠦᠯᠦᠭᠰᠡᠨ ᠪᠠᠶᠢᠪᠠᠯ᠂ ᠦᠢᠯᠡ ᠪᠠᠶᠢᠳᠠᠯ ᠤᠨ ᠬᠢᠨᠢ ᠬᠦᠨᠳᠦ ᠬᠥᠩᠭᠡᠨ ᠢ ᠨᠢ ᠦᠵᠡᠵᠦ᠂ ᠪᠦᠬᠦ ᠬᠤᠲᠠ ᠶᠢᠨ ᠰᠤᠷᠭᠠᠨ | ᠬᠥᠮᠦᠵᠢᠯ ᠤᠨ ᠰᠢᠰᠲ᠋ᠧᠮ ᠳᠤ ᠵᠠᠷᠯᠠᠨ ᠮᠡᠳᠡᠭᠳᠡᠨ᠎ᠠ᠃ ᠬᠦᠨᠳᠦ ᠶᠡᠭᠡ ᠬᠤᠬᠢᠷᠠᠯ ᠪᠠ ᠬᠦᠨᠳᠦ ᠨᠣᠴᠢᠲᠠᠶ ᠤᠷᠰᠢᠭ ᠲᠠᠲᠠᠭᠰᠠᠨ᠂ ᠡᠰᠡᠬᠦᠯ᠎ᠡ ᠬᠦᠨᠳᠦ ᠶᠡᠭᠡ | ᠪᠠᠴᠢᠮ ᠬᠡᠷᠡᠭ ᠤᠨ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠠᠵᠢᠯ ᠤᠨ ᠳᠤᠮᠳᠠ ᠬᠠᠷᠢᠭᠤᠴᠠᠯᠭ᠎ᠠ ᠪᠠᠨ ᠠᠯᠳᠠᠵᠤ ᠲᠤᠰᠢᠶᠠᠯ ᠢᠶᠠᠨ ᠭᠤᠲᠤᠭᠠᠭᠰᠠᠨ ᠦᠢᠯᠡ | ᠠᠵᠢᠯᠯᠠᠭ᠎ᠠ ᠲᠠᠢ ᠬᠤᠯᠪᠣᠭᠳᠠᠯ ᠪᠦᠬᠦᠢ ᠬᠠᠷᠢᠭᠤᠴᠠᠯᠭ᠎ᠠ ᠡᠭᠦᠷᠭᠡᠯᠡᠭᠴᠢ ᠶᠢ ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠨ ᠬᠠᠤᠯᠢ ᠲᠣᠭᠲᠠᠭᠠᠯ ᠶᠣᠰᠣᠭᠠᠷ | ᠴᠢᠩᠭ᠎ᠠ ᠬᠠᠷᠢᠭᠤᠴᠠᠯᠭ᠎ᠠ ᠨᠡᠬᠡᠮᠵᠢᠯᠡᠨ᠎ᠠ︾ ᠬᠡᠪᠡ᠃ |