ᠰᠢᠨᠬᠤᠸᠠ ᠰᠦᠯᠵᠢᠶᠡᠨ ᠤ ᠬᠥᠬᠡᠬᠤᠲᠠ ᠶᠢᠨ 7 ᠰᠠᠷ᠎ᠠ ᠶᠢᠨ 23 ᠤ ᠡᠳᠦᠷ ᠤᠨ ᠮᠡᠳᠡᠭᠡ 7 ᠰᠠᠷ᠎ᠠ ᠶᠢᠨ | 23 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠥᠪ ᠬᠤᠳᠠᠯᠳᠤᠭᠠᠨ ᠤ ᠶᠠᠪᠤᠳᠠᠯ ᠤᠨ | ᠲᠤᠭᠤᠷᠢᠭ ᠤᠨ ᠠᠵᠤ ᠠᠬᠤᠶᠢᠯᠠᠯ ᠤᠨ ᠬᠤᠳᠠᠯᠳᠤᠭᠠᠨ ᠤ ᠶᠠᠪᠤᠳᠠᠯ ᠤᠨ ᠬᠠᠷᠢᠯᠴᠠᠨ ᠬᠠᠪᠰᠤᠷᠤᠯᠴᠠᠬᠤ ᠲᠠᠪᠴᠠᠩ | ᠬᠥᠬᠡᠬᠤᠲᠠ ᠳᠤ ᠪᠠᠶᠢᠭᠤᠯᠤᠭᠳᠠᠪᠠ᠃ | ᠥᠪᠥᠷ ᠮᠣᠩᠭᠤᠯ ᠤᠨ ᠲᠠᠢ ᠸᠧᠶ ᠹᠠᠩ ᠾᠧᠩ ᠺᠣᠮᠫᠠᠨᠢ ᠶᠢᠨ ᠶᠡᠷᠦᠩᠬᠡᠶ ᠳᠠᠭᠠᠭᠠᠮᠠᠯ ᠫᠠᠨ ᠢ ᠭᠠᠩ | ᠲᠠᠨᠢᠯᠴᠠᠭᠤᠯᠬᠤ ᠳᠠᠭᠠᠨ᠂ ᠣᠶᠢᠷ᠎ᠠ ᠳᠤ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠵᠡᠷᠭᠡ 13 | ᠰᠠᠯᠠᠭ᠎ᠠ ᠮᠥᠴᠢᠷ ︽ᠰᠢᠨ᠎ᠡ ᠡᠵᠡᠩᠨᠡᠯᠲᠡ ᠶᠢᠨ ᠬᠡᠯᠪᠡᠷᠢ ᠰᠢᠨ᠎ᠡ ᠬᠡᠪ ᠵᠠᠭᠪᠤᠷ ᠢᠶᠠᠷ ᠡᠷᠡᠭᠦᠯ ᠢᠶᠠᠷ ᠬᠥᠭᠵᠢᠵᠦ | ᠬᠡᠷᠡᠭᠯᠡᠭᠡᠨ ᠤ ᠵᠠᠬ᠎ᠠ ᠳᠡᠯᠭᠡᠭᠦᠷ ᠢ ᠬᠥᠭᠵᠢᠭᠡᠵᠦ ᠠᠵᠢᠯ ᠣᠯᠭᠤᠯᠲᠠ ᠶᠢ ᠥᠷᠭᠡᠳᠬᠡᠬᠦ ᠶᠢ ᠲᠡᠮᠵᠢᠬᠦ ᠲᠤᠬᠠᠶ ᠰᠠᠨᠠᠯ︾ ᠢ | ᠨᠡᠶᠢᠲᠡᠯᠡᠵᠡᠶ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠥᠪ ᠬᠤᠳᠠᠯᠳᠤᠭᠠᠨ ᠤ ᠶᠠᠪᠤᠳᠠᠯ ᠤᠨ | ᠲᠤᠭᠤᠷᠢᠭ ᠤᠨ ᠠᠵᠤ ᠠᠬᠤᠶᠢᠯᠠᠯ ᠤᠨ ᠬᠤᠳᠠᠯᠳᠤᠭᠠᠨ ᠤ ᠶᠠᠪᠤᠳᠠᠯ ᠤᠨ ᠬᠠᠷᠢᠯᠴᠠᠨ ᠬᠠᠪᠰᠤᠷᠤᠯᠴᠠᠬᠤ ᠲᠠᠪᠴᠠᠩ ᠪᠣᠯ | ᠳᠠᠷᠤᠶ ᠤᠯᠤᠰ ᠤᠨ ᠤᠷᠢᠶᠠᠯᠠᠭ᠎ᠠ ᠶᠢ ᠳᠠᠭᠠᠵᠤ᠂ ︽ᠲᠣᠭᠠᠴᠢᠯᠠᠭᠰᠠᠨ ᠠᠵᠤ ᠠᠬᠤᠶ ᠳᠤ ᠲᠦᠰᠢᠭᠯᠡᠨ᠂ ᠠᠵᠤ | ᠠᠬᠤᠶᠢᠯᠠᠯ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠬᠢᠯᠢ ᠠᠯᠤᠰᠯᠠᠭᠰᠠᠨ ᠮᠡᠳᠡᠭᠡ ᠵᠠᠩᠭᠢ ᠶᠢᠨ ᠭᠦᠢᠯᠭᠡᠭᠡᠨ ᠤ | ᠲᠠᠪᠴᠠᠩ ᠢ ᠪᠠᠶᠢᠭᠤᠯᠵᠤ᠂ ᠬᠡᠶᠢᠰᠪᠦᠷᠢ ᠠᠵᠤ ᠦᠢᠯᠡᠰ ᠤᠨ ᠴᠤᠬᠯᠠᠷᠠᠯ ᠢ ᠪᠠᠶᠢᠭᠤᠯᠬᠤ︾ ᠨᠢᠭᠡᠨ ᠰᠢᠨ᠎ᠡ ᠠᠷᠭ᠎ᠠ | ᠬᠡᠮᠵᠢᠶ᠎ᠡ ᠪᠤᠯᠤᠨ᠎ᠠ ᠬᠡᠪᠡ᠃ | ᠲᠡᠷᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠥᠪ ᠬᠤᠳᠠᠯᠳᠤᠭᠠᠨ ᠤ ᠶᠠᠪᠤᠳᠠᠯ ᠤᠨ | ᠲᠤᠭᠤᠷᠢᠭ ᠤᠨ ᠠᠵᠤ ᠠᠬᠤᠶᠢᠯᠠᠯ ᠤᠨ ᠬᠤᠳᠠᠯᠳᠤᠭᠠᠨ ᠤ ᠶᠠᠪᠤᠳᠠᠯ ᠤᠨ ᠬᠠᠷᠢᠯᠴᠠᠨ ᠬᠠᠪᠰᠤᠷᠤᠯᠴᠠᠬᠤ ᠲᠠᠪᠴᠠᠩ ᠤᠨ | ᠪᠠᠶᠢᠭᠤᠯᠤᠯᠲᠠ ᠪᠠᠷ ᠳᠠᠮᠵᠢᠭᠤᠯᠤᠨ ᠲᠣᠭᠠᠴᠢᠯᠠᠭᠰᠠᠨ ᠮᠡᠳᠡᠭᠡ ᠵᠠᠩᠭᠢ ᠶᠢᠨ ᠬᠠᠷᠢᠯᠴᠠᠨ ᠨᠡᠪᠲᠡᠷᠡᠯᠴᠡᠬᠦ ᠬᠡᠪ | ᠵᠠᠭᠪᠤᠷ ᠤᠨ ᠰᠢᠨ᠎ᠡ ᠡᠬᠦᠳᠦᠯᠳᠡ ᠶᠢᠨ ᠪᠣᠳᠠᠲᠤ ᠴᠣᠭᠴᠠ ᠶᠢᠨ ᠠᠵᠤ ᠠᠬᠤᠶ ᠶᠢᠨ ᠶᠠᠰᠤ ᠴᠢᠨᠠᠷ ᠢ ᠳᠡᠭᠡᠭᠰᠢᠯᠡᠭᠦᠯᠦᠨ | ᠦᠷ᠎ᠡ ᠠᠰᠢᠭ ᠢ ᠨᠡᠮᠡᠭᠳᠡᠭᠦᠯᠬᠦ ᠳᠤ ᠦᠵᠡᠭᠦᠯᠬᠦ ᠳᠠᠶᠢᠴᠢᠯᠠᠬᠤ ᠦᠢᠯᠡᠳᠦᠯ ᠢ ᠪᠠᠳᠠᠷᠠᠭᠤᠯᠵᠤ᠂ ᠰᠢᠨ᠎ᠡ ᠬᠡᠷᠡᠭᠴᠡᠭᠡ | ᠱᠠᠭᠠᠷᠳᠠᠯᠭ᠎ᠠ ᠶᠢ ᠡᠭᠦᠳᠴᠦ᠂ ᠠᠵᠢᠯ ᠣᠯᠭᠤᠯᠲᠠ ᠶᠢᠨ ᠰᠢᠨ᠎ᠡ ᠬᠡᠯᠪᠡᠷᠢ ᠪᠠᠶᠢᠳᠠᠯ ᠢ ᠪᠤᠢ ᠪᠤᠯᠭᠠᠵᠤ᠂ ᠣᠯᠠᠨ | ᠲᠠᠯ᠎ᠠ ᠠᠴᠠ ᠪᠡᠯᠡ ᠣᠷᠣᠭᠤᠯᠬᠤ ᠶᠢ ᠳᠠᠶᠢᠴᠢᠯᠠᠨ᠂ ᠠᠵᠤ ᠠᠬᠤᠶᠢᠯᠠᠯ ᠤᠨ ᠬᠥᠭᠵᠢᠯᠲᠡ ᠶᠢᠨ ᠰᠢᠨ᠎ᠡ ᠵᠠᠮ ᠢ | ᠭᠠᠷᠭᠠᠬᠤ ᠶᠢ ᠬᠦᠰᠡᠵᠦ ᠪᠠᠶᠢᠨ᠎ᠠ ᠬᠡᠵᠦ ᠬᠡᠯᠡᠵᠡᠢ᠃ | ᠲᠠᠨᠢᠯᠴᠠᠭᠤᠯᠤᠭᠰᠠᠨ ᠢ ᠦᠨᠳᠦᠰᠦᠯᠡᠪᠡᠯ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠥᠪ | ᠬᠤᠳᠠᠯᠳᠤᠭᠠᠨ ᠤ ᠶᠠᠪᠤᠳᠠᠯ ᠤᠨ ᠲᠣᠭᠤᠷᠢᠭ ᠤᠨ ᠠᠵᠤ ᠠᠬᠤᠶᠢᠯᠠᠯ ᠤᠨ ᠬᠤᠳᠠᠯᠳᠤᠭᠠᠨ ᠤ ᠶᠠᠪᠤᠳᠠᠯ ᠤᠨ ᠬᠠᠷᠢᠯᠴᠠᠨ | ᠬᠠᠪᠰᠤᠷᠤᠯᠴᠠᠬᠤ ᠲᠠᠪᠴᠠᠩ ᠢ ᠥᠪᠥᠷ ᠮᠣᠩᠭᠤᠯ ᠤᠨ ᠲᠠᠢ ᠸᠧᠶ ᠹᠠᠩ ᠾᠧᠩ ᠭᠡᠷ ᠪᠠᠶᠢᠰᠢᠩ ᠭᠠᠵᠠᠷ | ᠬᠥᠷᠥᠩᠭᠡ ᠶᠢᠨ ᠨᠡᠭᠡᠭᠡᠯᠲᠡ ᠶᠢᠨ ᠬᠢᠵᠠᠭᠠᠷᠲᠤ ᠺᠣᠮᠫᠠᠨᠢ᠂ ᠪᠦᠸᠧᠬᠠᠶ ᠪᠠᠩᠬᠢ ᠶᠢᠨ ᠬᠤᠪᠢ ᠣᠷᠣᠭᠤᠯᠤᠭᠰᠠᠨ | ᠬᠢᠵᠠᠭᠠᠷᠲᠤ ᠺᠣᠮᠫᠠᠨᠢ ᠶᠢᠨ ᠬᠥᠬᠡᠬᠤᠲᠠ ᠶᠢᠨ ᠬᠤᠪᠢᠶᠠᠷᠢ ᠪᠠᠩᠬᠢ᠂ ᠳᠤᠮᠳᠠᠳᠤ ᠶᠢᠨ ᠪᠠᠩᠬᠢ ᠶᠢᠨ ᠳᠠᠭᠠᠳᠬᠠᠯ ᠤᠨ | ᠬᠢᠵᠠᠭᠠᠷᠲᠤ ᠺᠣᠮᠫᠠᠨᠢ ᠶᠢᠨ ᠥᠪᠥᠷ ᠮᠣᠩᠭᠤᠯ ᠤᠨ ᠬᠤᠪᠢᠶᠠᠷᠢ ᠺᠣᠮᠫᠠᠨᠢ᠂ ᠠᠷᠠᠳ ᠤᠨ ᠠᠮᠢᠳᠤᠷᠠᠯ ᠪᠠᠩᠭᠢ ᠶᠢᠨ ᠠᠮᠢ | ᠨᠠᠰᠤᠨ ᠤ ᠳᠠᠭᠠᠳᠬᠠᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠥᠪᠥᠷ ᠮᠣᠩᠭᠤᠯ ᠤᠨ ᠬᠤᠪᠢᠶᠠᠷᠢ | ᠺᠣᠮᠫᠠᠨᠢ᠂ ᠪᠡᠭᠡᠵᠢᠩ ᠬᠤᠲᠠ ᠶᠢᠨ ᠸᠧᠶ ᠾᠧᠩ ᠨᠡᠷᠡᠮᠵᠢᠳᠦ ᠬᠥᠬᠡᠬᠤᠲᠠ ᠶᠢᠨ ᠬᠠᠤᠯᠢᠴᠢ ᠶᠢᠨ ᠬᠡᠷᠡᠭ ᠡᠷᠬᠢᠯᠡᠬᠦ | ᠭᠠᠵᠠᠷ ᠵᠡᠷᠭᠡ ᠲᠠᠪᠤᠨ ᠨᠢᠭᠡᠴᠡ ᠭᠡᠷ᠎ᠡ ᠲᠣᠭᠲᠠᠨ ᠪᠠᠶᠢᠭᠤᠯᠵᠤ᠂ ᠬᠤᠳᠠᠯᠳᠤᠭᠠᠨ ᠤ ᠶᠠᠪᠤᠳᠠᠯ ᠤᠨ ᠬᠠᠷᠢᠯᠴᠠᠨ | ᠲᠤᠰᠠᠯᠠᠯᠴᠠᠬᠤ ᠲᠠᠪᠴᠠᠩ ᠢᠶᠠᠷ ᠠᠴᠢᠶᠠᠯᠠᠪᠤᠷᠢ ᠪᠣᠯᠭᠠᠨ᠂ ᠲᠠᠢ ᠸᠧᠶ ᠹᠠᠩ ᠾᠧᠩ ᠠᠭᠤᠳᠠᠮ ᠲᠠᠯᠠᠪᠠᠢ ᠳᠤ ᠣᠷᠣᠵᠤ | ᠰᠠᠭᠤᠭᠰᠠᠨ 200 ᠰᠢᠬᠠᠮ ᠡᠯ᠎ᠡ ᠲᠥᠷᠥᠯ ᠤᠨ ᠲᠣᠮᠣ ᠳᠤᠮᠳᠠ ᠵᠢᠵᠢᠭ ᠠᠵᠤ ᠠᠬᠤᠶᠢᠯᠠᠯ ᠵᠢᠴᠢ ᠬᠤᠳᠠᠯᠳᠤᠭᠠᠨ ᠤ | ᠡᠷᠦᠬᠡ ᠶᠢ ᠡᠯᠰᠡᠨ ᠠᠪᠴᠤ᠂ ︽ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ᠂ ᠡᠬᠢ ᠪᠠᠶᠠᠯᠢᠭ ᠢ | ᠬᠠᠮᠲᠤ ᠪᠠᠷ ᠡᠳ᠋ᠯᠡᠬᠦ᠂ ᠳᠠᠪᠠᠭᠤᠯᠢᠭ ᠢᠶᠠᠷ ᠢᠶᠠᠨ ᠬᠠᠷᠢᠯᠴᠠᠨ ᠨᠥᠬᠦᠪᠥᠷᠢᠯᠡᠬᠦ᠂ ᠰᠢᠨ᠎ᠡ ᠵᠠᠮ ᠢ ᠡᠭᠦᠳᠬᠦ᠂ ᠪᠠᠭ᠎ᠠ ᠵᠢᠵᠢᠭ | ᠠᠵᠤ ᠠᠬᠤᠶᠢᠯᠠᠯ ᠢ ᠬᠠᠪᠰᠤᠷᠬᠤ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠲᠡᠬᠦ︾ ᠵᠠᠷᠴᠢᠮ ᠤᠨ ᠳᠣᠤᠷ᠎ᠠ᠂ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠲᠠᠢ | ᠸᠧᠶ ᠹᠠᠩ ᠾᠧᠩ ᠠᠭᠤᠳᠠᠮ ᠲᠠᠯᠠᠪᠠᠶ ᠬᠡᠵᠦ ᠨᠡᠷᠡᠶᠢᠳᠦᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠦᠢᠯᠡᠴᠢᠯᠡᠭᠡᠨ ᠤ ᠦᠢᠯᠡᠰ ᠤᠨ ᠴᠤᠬᠯᠠᠷᠠᠯ ᠤᠨ ᠲᠤᠭᠤᠷᠢᠭ — ᠲᠥᠪ ᠬᠤᠳᠠᠯᠳᠤᠭᠠᠨ ᠤ ᠶᠠᠪᠤᠳᠠᠯ ᠤᠨ | ᠲᠤᠭᠤᠷᠢᠭ︾ ᠢᠶᠠᠷ ᠲᠦᠰᠢᠭ ᠪᠣᠯᠭᠠᠨ᠂ ᠲᠠᠢ ᠸᠧᠶ ᠹᠠᠩ ᠾᠧᠩ ᠠᠭᠤᠳᠠᠮ ᠲᠠᠯᠠᠪᠠᠢ ᠶᠢᠨ ᠣᠷᠣᠨ ᠪᠠᠶᠢᠷᠢ᠂ ᠠᠵᠤ | ᠦᠢᠯᠡᠰ ᠤᠨ ᠡᠬᠢ ᠪᠠᠶᠠᠯᠢᠭ᠂ ᠠᠵᠤ ᠠᠬᠤᠢ ᠶᠢᠨ ᠣᠷᠴᠢᠨ ᠲᠣᠭᠤᠷᠢᠨ ᠵᠡᠷᠭᠡ ᠲᠠᠯ᠎ᠠ ᠶᠢᠨ ᠳᠠᠪᠠᠭᠤᠯᠢᠭ ᠢ ᠭᠦᠢᠴᠡᠳ | ᠪᠠᠳᠠᠷᠠᠭᠤᠯᠵᠤ᠂ ᠤᠯᠠᠮᠵᠢᠯᠠᠯᠲᠤ ᠵᠠᠩᠰᠢᠬᠰᠠᠨ ᠰᠡᠳᠬᠢᠬᠦᠶ ᠶᠢ ᠡᠪᠳᠡᠵᠦ᠂ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢᠶᠠᠷ ᠬᠡᠶᠢᠰᠪᠦᠷᠢ ᠠᠵᠤ ᠦᠢᠯᠡᠰ ᠤᠨ ᠴᠤᠬᠯᠠᠷᠠᠯ ᠤᠨ ᠰᠦᠯᠵᠢᠶᠡᠨ ᠳᠡᠭᠡᠷᠡᠬᠢ ᠪᠠ ᠰᠦᠯᠵᠢᠶᠡᠨ | ᠭᠠᠳᠠᠨᠠᠬᠢ ᠶᠢ ᠠᠭᠤᠰᠤᠯᠴᠠᠭᠤᠯᠤᠭᠰᠠᠨ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠰᠢᠨ᠎ᠡ ᠬᠡᠪ ᠵᠠᠭᠪᠤᠷ ᠢ | ᠲᠣᠭᠠᠴᠢᠯᠠᠭᠰᠠᠨ ᠠᠵᠤ ᠠᠬᠤᠶ ᠶᠢᠨ ᠬᠡᠯᠪᠡᠷᠢ ᠪᠠᠨ ᠬᠤᠪᠢᠷᠠᠭᠤᠯᠬᠤ ᠪᠠ ᠠᠵᠤ ᠠᠬᠤᠶᠢᠯᠠᠯ ᠤᠨ ᠡᠵᠡᠩᠨᠡᠯᠲᠡ ᠶᠢᠨ | ᠠᠷᠭ᠎ᠠ ᠵᠠᠮ ᠮᠦᠷ ᠢᠶᠠᠨ ᠦᠭᠡᠷᠡᠴᠢᠯᠡᠵᠦ ᠰᠢᠨ᠎ᠡ ᠶᠢ ᠡᠭᠦᠳᠬᠦ ᠶᠢ ᠠᠬᠢᠭᠤᠯᠬᠤ ᠴᠢᠬᠤᠯᠠ ᠰᠢᠪᠲᠤᠯᠤᠯᠲᠠ ᠶᠢᠨ ᠤᠨᠢ | ᠪᠣᠯᠭᠠᠬᠤ ᠪᠤᠯᠤᠨ᠎ᠠ᠃ | ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠪᠠᠶᠢᠩᠭᠤ ᠶᠢᠨ ᠳᠡᠳ᠋ ᠳᠠᠷᠤᠭ᠎ᠠ ᠰᠢᠤᠢ ᠰᠢᠶᠠᠩ ᠵᠢᠶᠦ᠋ᠨ | ᠵᠢᠭᠠᠵᠤ ᠭᠠᠷᠭᠠᠬᠤ ᠳᠠᠭᠠᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠥᠪ ᠬᠤᠳᠠᠯᠳᠤᠭᠠᠨ ᠤ | ᠶᠠᠪᠤᠳᠠᠯ ᠤᠨ ᠲᠣᠭᠤᠷᠢᠭ ᠤᠨ ᠠᠵᠤ ᠠᠬᠤᠶᠢᠯᠠᠯ ᠤᠨ ᠬᠤᠳᠠᠯᠳᠤᠭᠠᠨ ᠤ ᠶᠠᠪᠤᠳᠠᠯ ᠤᠨ ᠬᠠᠪᠰᠤᠷᠤᠯᠴᠠᠬᠤ | ᠲᠠᠪᠴᠠᠩ ᠨᠢ ᠰᠢᠨ᠎ᠡ ᠬᠤᠲᠠ ᠲᠣᠭᠤᠷᠢᠭ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠳᠡᠮᠵᠢᠯᠭᠡ ᠪᠠ | ᠵᠢᠯᠣᠭᠤᠳᠤᠯᠭ᠎ᠠ ᠳᠣᠣᠷ᠎ᠠ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠤᠯᠤᠰ ᠤᠨ | ᠥᠮᠴᠢᠯᠡᠯᠲᠦ ᠠᠵᠤ ᠠᠬᠤᠶᠢᠯᠠᠯ ᠪᠣᠯᠤᠨ ᠲᠣᠮᠣ ᠬᠡᠯᠪᠡᠷᠢ ᠶᠢᠨ ᠠᠵᠤ ᠠᠬᠤᠶᠢᠯᠠᠯ ᠤᠨ ᠨᠡᠶᠢᠭᠡᠮ ᠤᠨ | ᠬᠠᠷᠢᠭᠤᠴᠠᠯᠭ᠎ᠠ ᠶᠢ ᠪᠣᠳᠠᠲᠠᠶ ᠳᠤ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠣᠷᠣᠨ ᠪᠦᠰᠡ ᠶᠢᠨ | ᠶᠡᠷᠦᠩᠬᠡᠶᠢᠯᠡᠭᠰᠡᠨ ᠮᠡᠳᠡᠭᠡ ᠵᠠᠩᠭᠢ ᠶᠢᠨ ᠳᠠᠪᠠᠭᠤᠯᠢᠭ᠂ ᠵᠠᠮ ᠮᠥᠷ ᠤᠨ ᠲᠣᠤᠷ ᠰᠦᠯᠵᠢᠶ᠎ᠡ ᠶᠢᠨ ᠳᠠᠪᠠᠭᠤᠯᠢᠭ ᠪᠣᠯᠤᠨ | ᠲᠤᠰᠬᠠᠶ ᠦᠢᠯᠡᠴᠢᠯᠡᠭᠡᠨ ᠤ ᠳᠠᠪᠠᠭᠤᠯᠢᠭ ᠢ ᠪᠠᠳᠠᠷᠠᠭᠤᠯᠵᠤ᠂ ᠲᠤᠰ ᠣᠷᠣᠨ ᠪᠦᠰᠡ ᠶᠢᠨ ᠠᠵᠤ ᠠᠬᠤᠶᠢᠯᠠᠯ᠂ ᠠᠵᠤ | ᠠᠬᠤᠶᠢᠯᠠᠯᠳᠠᠳ ᠤᠨ ᠮᠡᠳᠡᠭᠡ ᠵᠠᠩᠭᠢ ᠪᠠᠨ ᠬᠠᠷᠢᠯᠴᠠᠨ ᠨᠡᠪᠲᠡᠷᠡᠯᠴᠡᠵᠦ ᠬᠠᠷᠢᠯᠴᠠᠨ ᠬᠤᠯᠪᠣᠭᠠᠯᠠᠬᠤ ᠪᠠ ︽ᠨᠢᠭᠡ | ᠥᠷᠲᠡᠭᠡ ᠮᠠᠶ᠋ᠢᠭ ᠤᠨ︾ ᠲᠠᠪᠴᠠᠩ ᠪᠠᠶᠢᠭᠤᠯᠬᠤ ᠳᠤ ᠮᠡᠳᠡᠭᠡ ᠵᠠᠩᠭᠢ ᠴᠤᠬᠯᠠᠭᠤᠯᠬᠤ᠂ ᠠᠷᠠᠯᠵᠢᠶᠠᠨ ᠤ ᠦᠢᠯᠡᠴᠢᠯᠡᠭᠡ | ᠬᠢᠬᠦ ᠪᠠ ᠪᠠᠷᠠᠭ᠎ᠠ ᠲᠣᠬᠢᠷᠠᠭᠤᠯᠤᠨ ᠬᠦᠷᠭᠡᠬᠦ ᠵᠡᠷᠭᠡ ᠶᠡᠷᠦᠩᠬᠡᠶᠢᠯᠡᠭᠰᠡᠨ ᠦᠢᠯᠡᠴᠢᠯᠡᠭᠡ ᠬᠠᠩᠭᠠᠵᠤ᠂ ᠵᠠᠬ᠎ᠠ | ᠳᠡᠯᠭᠡᠭᠦᠷ ᠤᠨ ᠭᠤᠤᠯ ᠴᠣᠭᠴᠠ ᠶᠢᠨ ᠬᠡᠷᠡᠭᠴᠡᠭᠡ ᠱᠠᠭᠠᠷᠳᠠᠯᠭ᠎ᠠ ᠳᠤ ᠬᠠᠷᠢᠭᠤ ᠦᠭᠭᠦ ᠪᠤᠯᠤᠨ᠎ᠠ᠃ ᠡᠨᠡ ᠪᠣᠯ | ᠲᠣᠭᠠᠴᠢᠯᠠᠭᠰᠠᠨ ᠠᠵᠤ ᠠᠬᠤᠢ ᠶᠢᠨ ᠠᠰᠢᠭ ᠲᠤᠰᠠ ᠶᠢ ᠴᠢᠯᠦᠭᠡᠳᠡᠢ ᠪᠤᠯᠭᠠᠬᠤ᠂ ᠵᠠᠬ᠎ᠠ ᠳᠡᠯᠭᠡᠭᠦᠷ ᠤᠨ ᠭᠤᠣᠯ | ᠴᠣᠭᠴᠠ ᠳᠤ ᠦᠢᠯᠡᠴᠢᠯᠡᠬᠦ᠂ ᠲᠤᠬᠠᠶᠢᠯᠠᠭᠰᠠᠨ ᠠᠵᠢᠯ ᠤᠨ ᠠᠷᠭ᠎ᠠ ᠵᠠᠮ ᠢ ᠥᠷᠭᠡᠳᠬᠡᠬᠦ ᠤᠯᠠᠨ ᠲᠠᠯ᠎ᠠ ᠪᠠᠷ ᠠᠰᠢᠭ | ᠬᠦᠷᠲᠡᠭᠡᠬᠦ ᠠᠵᠢᠯᠯᠠᠭ᠎ᠠ ᠪᠣᠯᠤᠨ᠎ᠠ᠃ ᠤᠯᠤᠰ ᠤᠨ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠬᠠᠤᠯᠢ | ᠲᠣᠭᠲᠠᠭᠠᠯ ᠤᠨ ᠱᠠᠭᠠᠷᠳᠠᠯᠭ᠎ᠠ ᠳᠤ ᠨᠡᠶᠢᠴᠡᠬᠦ ᠮᠥᠷᠲᠡᠭᠡᠨ ᠪᠠᠰᠠ ᠲᠣᠭᠠᠴᠢᠯᠠᠭᠰᠠᠨ ᠠᠵᠤ ᠠᠬᠤᠢ ᠶᠢ ᠬᠥᠭᠵᠢᠭᠦᠯᠵᠦ | ᠦᠨᠡᠨ ᠬᠦ ᠠᠳᠬᠤᠵᠤ ᠪᠣᠳᠠᠲᠠᠢ ᠠᠵᠢᠯᠯᠠᠬᠤ ᠶᠢᠨ ᠢᠯᠡᠷᠡᠯ ᠪᠤᠯᠤᠨ᠎ᠠ ᠬᠡᠪᠡ᠃ |