| | | ᠲᠦᠷᠦᠭᠦᠬᠡᠨ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠨᠠᠮ ᠤᠨ | ᠬᠤᠷᠢᠶᠠᠨ ᠤ ᠱᠦᠵᠢ ᠶᠦᠨ ᠬᠠᠶ ︽ᠭᠤᠷᠪᠠᠨ ᠬᠤᠲᠠ ᠶᠢ ᠬᠠᠮᠲᠤ ᠪᠠᠷ ᠴᠣᠭᠴᠠᠯᠠᠬᠤ︾ ᠪᠠ ᠬᠤᠲᠠ ᠶᠢᠨ | ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠠᠵᠢᠯ ᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ᠃ | ᠬᠤᠷᠠᠯ ᠠᠴᠠ ᠮᠠᠨ ᠤ ᠰᠢᠶᠠᠨ ᠤ ᠭᠤᠷᠪᠠᠨ ᠬᠤᠲᠠ ᠶᠢ ᠬᠠᠮᠲᠤᠪᠠᠷ ᠴᠣᠭᠴᠠᠯᠠᠭᠰᠠᠨ ᠠᠵᠢᠯ ᠤᠨ ᠠᠬᠢᠴᠠ ᠶᠢᠨ | ᠬᠠᠷᠢᠭᠤ ᠮᠡᠳᠡᠭᠦᠯᠦᠯᠲᠡ᠂ ᠮᠠᠨ ᠤ ᠰᠢᠶᠠᠨ ᠤ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠠᠵᠢᠯ ᠤᠨ | ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠤᠰᠪᠠ︔ ᠬᠥᠬᠡ ᠡᠷᠭᠢ ᠪᠠᠯᠭᠠᠰᠤ ᠵᠢᠴᠢ ᠬᠤᠯᠪᠣᠭᠳᠠᠯ | ᠪᠥᠬᠦᠶ ᠰᠠᠯᠠᠭ᠎ᠠ ᠮᠥᠴᠢᠷ ᠤᠨ ︽ᠭᠤᠷᠪᠠᠨ ᠬᠤᠲᠠ ᠶᠢ ᠬᠠᠮᠲᠤ ᠪᠠᠷ ᠴᠣᠭᠴᠠᠯᠠᠬᠤ︾ ᠪᠠ ᠬᠤᠲᠠ ᠶᠢᠨ | ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠠᠵᠢᠯ ᠳᠤ ᠣᠷᠣᠰᠢᠵᠤ ᠪᠠᠶᠢᠭ᠎ᠠ ᠠᠰᠠᠭᠤᠳᠠᠯ ᠵᠢᠴᠢ ᠲᠠᠷᠠᠭᠠᠴᠢ ᠶᠢᠨ | ᠠᠯᠬᠤᠮ ᠤᠨ ᠠᠵᠢᠯ ᠤᠨ ᠲᠣᠬᠢᠷᠠᠭᠤᠯᠤᠯᠲᠠ ᠶᠢ ᠰᠣᠨᠣᠰᠪᠠ᠃ | ᠶᠦᠨ ᠬᠠᠢ ᠵᠢᠭᠠᠵᠤ ᠭᠠᠷᠭᠠᠭᠰᠠᠨ ᠨᠢ᠂ ᠪᠦᠬᠦ ᠰᠢᠶᠠᠨ ᠢᠶᠠᠷ ᠢᠶᠠᠨ ᠲᠠᠨᠢᠯᠲᠠ ᠪᠠᠨ ᠤᠯᠠᠮ ᠨᠢᠭᠡ ᠠᠯᠬᠤᠮ | ᠭᠦᠨᠵᠡᠭᠡᠶᠢᠷᠡᠭᠦᠯᠵᠤ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ︽ᠭᠤᠷᠪᠠᠨ ᠬᠤᠲᠠ ᠶᠢ | ᠬᠠᠮᠲᠤ ᠪᠠᠷ ᠴᠣᠭᠴᠠᠯᠠᠬᠤ︾ ᠠᠵᠢᠯ ᠢ ᠡᠷᠡᠰ ᠭᠤᠶᠢᠪᠢᠰᠢ ᠦᠭᠡᠢ ᠠᠬᠢᠭᠤᠯᠵᠤ᠂ ᠤᠳᠤᠷᠢᠳᠤᠯᠭ᠎ᠠ ᠪᠠᠨ ᠴᠢᠩᠭᠠᠳᠬᠠᠵᠤ | ᠂ ᠬᠠᠷᠢᠯᠴᠠᠨ ᠬᠠᠮᠵᠢᠯᠴᠠᠵᠤ᠂ ᠤᠬᠠᠭᠤᠯᠭ᠎ᠠ ᠬᠥᠮᠦᠵᠢᠯ ᠬᠢᠵᠦ ᠬᠥᠲᠥᠯᠥᠨ ᠵᠢᠯᠤᠭᠤᠳᠬᠤ ᠡᠷᠴᠢᠮ ᠢᠶᠠᠨ | ᠴᠢᠩᠭᠠᠷᠠᠭᠤᠯᠵᠤ᠂ ︽ᠬᠥᠮᠦᠨ ᠪᠦᠬᠦᠨ ᠭᠤᠷᠪᠠ ᠶᠢ ᠡᠭᠦᠳᠦᠨ ᠴᠣᠭᠴᠠᠯᠠᠬᠤ ᠳᠤ ᠣᠷᠣᠯᠴᠠᠵᠤ᠂ ᠰᠠᠶᠢᠨ ᠰᠠᠶᠢᠬᠠᠨ | ᠬᠡᠷ ᠣᠷᠣᠨ ᠢᠶᠠᠨ ᠬᠠᠮᠲᠤ ᠪᠠᠷ ᠪᠥᠲᠥᠭᠡᠨ ᠪᠠᠶᠢᠭᠤᠯᠬᠤ︾ ᠥᠳᠬᠡᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠬᠤ | ᠬᠡᠷᠡᠭᠲᠡᠶ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠬᠠᠷᠢᠭᠤᠴᠠᠯᠭ᠎ᠠ ᠶᠢᠨ ᠲᠥᠷᠥᠯ ᠵᠦᠢᠯ ᠢ ᠲᠣᠳᠣᠷᠬᠠᠶᠢᠯᠠᠵᠤ᠂ | ᠡᠯ᠎ᠡ ᠵᠦᠢᠯ ᠤᠨ ᠠᠵᠢᠯ ᠢ ᠨᠠᠶᠢᠳᠠᠪᠤᠷᠢᠵᠢᠭᠤᠯᠵᠤ᠂ ᠪᠡᠯᠡ ᠮᠥᠩᠭᠦ ᠶᠢᠨ ᠣᠷᠣᠭᠤᠯᠤᠯᠲᠠ ᠶᠢᠨ ᠡᠷᠴᠢᠮ ᠢᠶᠠᠨ | ᠴᠢᠩᠭᠠᠷᠠᠭᠤᠯᠵᠤ᠂ ︽ᠭᠤᠷᠪᠠᠨ ᠬᠤᠲᠠ ᠶᠢ ᠬᠠᠮᠲᠤ ᠪᠠᠷ ᠴᠣᠭᠴᠠᠯᠠᠬᠤ︾ ᠠᠵᠢᠯ ᠤᠨ ᠡᠮᠬᠢ ᠵᠢᠷᠤᠮ ᠲᠠᠢ | ᠥᠷᠨᠢᠬᠦ ᠶᠢ ᠪᠠᠲᠤᠯᠠᠵᠤ᠂ ᠰᠢᠮᠳᠠᠭᠤᠯᠤᠨ ᠪᠠᠶᠢᠴᠠᠭᠠᠬᠤ᠂ ᠰᠢᠮᠳᠠᠭᠤᠯᠤᠨ ᠵᠢᠯᠣᠭᠤᠳᠬᠤ ᠡᠷᠴᠢᠮ ᠢᠶᠠᠨ ᠤᠯᠠᠮ ᠨᠢᠭᠡ | ᠠᠯᠬᠤᠮ ᠴᠢᠩᠭᠠᠷᠠᠭᠤᠯᠵᠤ᠂ ︽ᠭᠤᠷᠪᠠᠨ ᠬᠤᠲᠠ ᠶᠢ ᠬᠠᠮᠲᠤ ᠪᠠᠷ ᠴᠣᠭᠴᠠᠯᠠᠬᠤ︾ ᠪᠠ ᠬᠤᠲᠠ ᠶᠢᠨ | ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠠᠵᠢᠯ ᠢ ᠨᠠᠶᠢᠳᠠᠪᠤᠷᠢᠵᠢᠭᠤᠯᠵᠤ᠂ ᠥᠨᠴᠥᠭ ᠪᠤᠯᠤᠩ ᠦᠯᠡᠳᠡᠭᠡᠬᠦ ᠥᠬᠡᠶ | ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠴᠡᠭᠴᠡᠯᠡᠨ ᠵᠠᠰᠠᠬᠤ ᠶᠢᠨ ᠳᠠᠭᠠᠤ ᠲᠣᠭᠲᠠᠴᠠ ᠲᠣᠭᠲᠠᠭᠠᠬᠤ ᠠᠷᠭ᠎ᠠ | ᠮᠠᠶ᠋ᠢᠭ ᠢ ᠬᠡᠷᠡᠭᠵᠢᠭᠦᠯᠵᠦ᠂ ᠲᠤᠬᠠᠶ ᠶᠢᠨ ᠭᠠᠵᠠᠷ ᠲᠤᠨᠢ ᠳᠣᠭᠢᠷᠠᠭᠤᠯᠤᠨ᠂ ᠮᠠᠨ ᠤ ᠰᠢᠶᠠᠨ ᠤ ︽ᠭᠤᠷᠪᠠᠨ ᠬᠤᠲᠠ ᠶᠢ | ᠬᠠᠮᠲᠤ ᠪᠠᠷ ᠴᠣᠭᠴᠠᠯᠠᠬᠤ︾ ᠪᠠ ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠠᠵᠢᠯ ᠢ ᠨᠠᠩ ᠥᠨᠳᠥᠷ | ᠳᠡᠭᠲᠡᠷ ᠲᠤ ᠭᠠᠷᠭᠠᠬᠤ ᠬᠡᠷᠡᠭᠲᠡᠶ ᠭᠡᠪᠡ᠃ ︵ᠯᠢᠦᠶ ᠫᠢᠩ ᠫᠢᠩ᠂ ᠯᠢᠦ ᠰᠢᠶᠤᠤ ᠰᠢᠤᠢ︶ |