ᠬᠥᠬᠡᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠳᠡᠳ᠋ ᠳᠠᠷᠤᠭ᠎ᠠ ᠶᠦᠨ ᠯᠢ ᠴᠢᠨ ᠨᠠᠷ ᠳ᠋ᠦᠩ ᠹᠧᠩ ᠵᠠᠮ ᠤᠨ ᠵᠡᠭᠡᠯᠢ ᠭᠤᠳᠤᠮᠵᠢ ᠶᠢᠨ ᠯᠢ ᠶᠤᠸᠠᠨ ᠨᠡᠶᠢᠭᠡᠮ ᠲᠣᠭᠤᠷᠢᠭ ᠲᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2020-07-27
      7 ᠳ᠋ᠤᠭᠠᠷ ᠰᠠᠷ᠎ᠠ ᠶᠢᠨ 25 ᠤ ᠡᠳᠦᠷ᠂ ᠬᠥᠬᠡᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠳᠡᠳ᠋ ᠳᠠᠷᠤᠭ᠎ᠠ ᠶᠦᠨ ᠯᠢ ᠴᠢᠨ ᠨᠡᠷ ᠳ᠋ᠦᠩ ᠹᠧᠩ ᠵᠠᠮ ᠤᠨ ᠵᠡᠭᠡᠯᠢ ᠭᠤᠳᠤᠮᠵᠢ ᠶᠢᠨ ᠯᠢ ᠶᠤᠸᠠᠨ ᠨᠡᠶᠢᠭᠡᠮ ᠲᠣᠭᠤᠷᠢᠭ ᠲᠤ ᠬᠦᠷᠴᠦ᠂ ᠤᠬᠠᠭᠤᠯᠭ᠎ᠠ ᠦᠵᠡᠯ ᠰᠠᠨᠠᠭᠠᠨ ᠤ ᠠᠵᠢᠯ ᠳᠤ ᠪᠠᠶᠢᠴᠠᠭᠠᠨ ᠰᠤᠳᠤᠯᠤᠯᠲᠠ ᠬᠢᠵᠦ ᠰᠢᠮᠳᠠᠭᠤᠯᠤᠨ ᠵᠢᠯᠣᠭᠤᠳᠪᠠ᠃      ᠰᠢᠨ᠎ᠡ ᠬᠤᠲᠠ ᠲᠣᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠳᠠᠷᠤᠭ᠎ᠠ ᠴᠢᠨ ᠭᠦᠸᠧ ᠵᠢᠶᠦ᠋ᠨ ᠵᠢᠴᠢ ᠳ᠋ᠦᠩ ᠹᠧᠩ ᠵᠠᠮ ᠤᠨ ᠵᠡᠭᠡᠯᠢ ᠭᠤᠳᠤᠮᠵᠢ ᠶᠢᠨ ᠤᠬᠠᠭᠤᠯᠬᠤ ᠭᠡᠰᠢᠭᠦᠨ᠂ ᠯᠢ ᠶᠤᠸᠠᠨ ᠨᠡᠶᠢᠭᠡᠮ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠶᠢᠨ ᠪᠠᠷ᠎ᠠ ᠪᠣᠯᠣᠯᠭ᠎ᠠ ᠲᠠᠢ ᠪᠠᠷ ᠶᠦᠨ ᠯᠢ ᠴᠢᠨ ᠳᠠᠷᠤᠭ᠎ᠠ ᠯᠢ ᠶᠤᠸᠠᠨ ᠨᠡᠶᠢᠭᠡᠮ ᠲᠣᠭᠤᠷᠢᠭ ᠤᠨ ᠤᠬᠠᠭᠤᠯᠭ᠎ᠠ ᠶᠢᠨ ᠪᠠᠶᠢᠳᠠᠯ ᠪᠣᠯᠤᠨ ᠰᠣᠶᠣᠯ ᠤᠨ ᠵᠢᠭᠰᠠᠭᠠᠯ ᠤᠨ ᠭᠠᠵᠠᠷ ᠤᠨ ᠬᠡᠷᠡᠭᠯᠡᠯᠲᠡ ᠶᠢᠨ ᠪᠠᠶᠢᠳᠠᠯ ᠢ ᠪᠠᠶᠢᠴᠠᠭᠠᠨ ᠦᠵᠡᠵᠦ᠂ ᠤᠬᠠᠭᠤᠯᠭ᠎ᠠ ᠶᠢᠨ ᠡᠩᠨᠡᠭᠡᠨ ᠤ ᠤᠯᠠᠭᠠᠨ ᠬᠤᠯᠪᠤᠭᠠᠰᠤ ᠤᠷᠠᠯᠢᠭ ᠤᠨ ᠪᠦᠯᠬᠦᠮ ᠤᠨ ᠥᠪᠡᠷ ᠢᠶᠠᠷ ᠨᠠᠶᠢᠷᠠᠭᠤᠯᠤᠨ ᠥᠪᠡᠷ ᠢᠶᠠᠷ ᠲᠣᠭᠯᠠᠭᠰᠠᠨ ᠲᠣᠭᠯᠠᠯᠲᠠ ᠶᠢ ᠬᠢᠨᠠᠨ ᠪᠠᠶᠢᠴᠠᠭᠠᠪᠠ᠃ ᠲᠡᠷᠡ ᠵᠡᠭᠡᠯᠢ ᠭᠤᠳᠤᠮᠵᠢ᠂ ᠨᠡᠶᠢᠭᠡᠮ ᠲᠣᠭᠤᠷᠢᠭ ᠤᠨ ᠤᠬᠠᠭᠤᠯᠭ᠎ᠠ ᠶᠢᠨ ᠦᠵᠡᠯ ᠰᠠᠨᠠᠭᠠᠨ ᠤ ᠠᠵᠢᠯ ᠢ ᠨᠤᠲᠠᠯᠠᠵᠤ᠂ ᠤᠬᠠᠭᠤᠯᠭ᠎ᠠ ᠶᠢᠨ ᠵᠢᠭᠰᠠᠭᠠᠯ ᠤᠨ ᠭᠠᠵᠠᠷ ᠤᠨ ᠬᠠᠮᠢᠶᠠᠷᠤᠯᠲᠠ ᠶᠢ ᠪᠣᠳᠠᠲᠠᠶᠢᠵᠢᠭᠤᠯᠵᠤ᠂ ᠰᠣᠶᠣᠯ ᠤᠨ ᠠᠵᠢᠯᠯᠠᠭ᠎ᠠ ᠶᠢ ᠪᠣᠳᠠᠲᠠᠶᠢᠵᠢᠭᠤᠯᠵᠤ᠂ ᠤᠬᠠᠭᠤᠯᠭ᠎ᠠ ᠶᠢᠨ ᠡᠩᠨᠡᠭᠡᠨ ᠤ ᠪᠠᠶᠢᠭᠤᠯᠤᠯᠲᠠ ᠶᠢ ᠪᠣᠳᠠᠲᠠᠶᠢᠵᠢᠭᠤᠯᠬᠤ ᠶᠢ ᠦᠷᠭᠦᠯᠵᠢᠯᠡᠨ ᠪᠠᠷᠢᠮᠲᠠᠯᠠᠬᠤ ᠬᠡᠷᠡᠭᠲᠡᠶ ᠭᠡᠵᠦ ᠱᠠᠭᠠᠷᠳᠠᠪᠠ᠃      ᠡᠭᠦᠨ ᠤ ᠬᠠᠮᠲᠤ᠂ ᠶᠦᠨ ᠯᠢ ᠴᠢᠨ ᠳᠠᠷᠤᠭ᠎ᠠ ᠭᠤᠷᠪᠠᠨ ᠲᠠᠯ᠎ᠠ ᠶᠢᠨ ᠰᠢᠮᠳᠠᠭᠤᠯᠤᠨ ᠵᠢᠯᠣᠭᠤᠳᠬᠤ ᠰᠠᠨᠠᠯ ᠳᠤᠷᠠᠳᠪᠠ᠄ ᠨᠢᠭᠡ ᠳᠤ ᠭᠤᠣᠯᠯᠠᠭᠴᠢ ᠤᠬᠠᠮᠰᠠᠷ ᠢᠶᠠᠨ ᠴᠢᠩᠭᠠᠳᠬᠠᠵᠤ᠂ ᠤᠬᠠᠭᠤᠯᠭ᠎ᠠ ᠶᠢᠨ ᠠᠭᠤᠯᠭ᠎ᠠ ᠶᠢ ᠪᠠᠶᠠᠯᠢᠭᠵᠢᠭᠤᠯᠬᠤ ᠬᠡᠷᠡᠭᠲᠡᠢ᠃ ᠲᠥᠪ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠱᠠᠲᠤᠨ ᠤ ᠭᠤᠤᠯᠳᠠᠯᠭ᠎ᠠ ᠲᠠᠢ ᠬᠤᠷᠠᠯ ᠤᠨ ᠭᠤᠣᠯ ᠦᠵᠡᠯ ᠰᠠᠨᠠᠭ᠎ᠠ ᠶᠢ ᠤᠬᠠᠭᠤᠯᠬᠤ ᠠᠭᠤᠯᠭ᠎ᠠ ᠳᠠᠭᠠᠨ ᠣᠷᠣᠭᠤᠯᠬᠤ ᠬᠡᠷᠡᠭᠲᠡᠶ᠃ ᠬᠤᠶᠠᠷ ᠲᠤ ᠶᠠᠷᠢᠶ᠎ᠠ ᠬᠡᠯᠡᠯᠴᠡᠭᠡ ᠪᠠᠷ ᠬᠥᠲᠥᠯᠥᠨ ᠵᠢᠯᠣᠭᠤᠳᠬᠤ ᠶᠢ ᠴᠢᠩᠭᠠᠳᠬᠠᠵᠤ᠂ ᠤᠬᠠᠭᠤᠯᠭ᠎ᠠ ᠶᠢᠨ ᠡᠬᠢ ᠪᠠᠶᠠᠯᠢᠭ ᠢ ᠭᠦᠢᠴᠡᠳ ᠠᠰᠢᠭᠯᠠᠬᠤ ᠬᠡᠷᠡᠭᠲᠡᠶ᠃ ᠨᠡᠶᠢᠭᠡᠮ ᠲᠣᠭᠤᠷᠢᠭ ᠤᠨ ᠷᠠᠳᠢᠣ᠋ ᠨᠡᠪᠲᠡᠷᠡᠭᠦᠯᠭᠡ ᠵᠡᠷᠭᠡ ᠤᠬᠠᠭᠤᠯᠭ᠎ᠠ ᠶᠢᠨ ᠲᠠᠪᠴᠠᠩ ᠢ ᠠᠰᠢᠭᠯᠠᠵᠤ᠂ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠵᠡᠷᠭᠡ ᠭᠤᠤᠯᠳᠠᠯᠠᠭ᠎ᠠ ᠲᠠᠢ ᠠᠵᠢᠯ ᠲᠠᠢ ᠤᠶᠠᠯᠳᠤᠭᠤᠯᠤᠨ ᠤᠬᠠᠭᠤᠯᠭ᠎ᠠ ᠥᠷᠨᠢᠭᠦᠯᠵᠦ᠂ ᠵᠥᠪ ᠡᠨᠧᠷᠭᠢ ᠶᠢ ᠣᠯᠠᠮᠵᠢᠯᠠᠬᠤ ᠬᠡᠷᠡᠭᠲᠡᠢ᠃ ᠭᠤᠷᠪᠠ ᠳᠤ ᠵᠠᠷᠤᠳᠠᠯ ᠤᠨ ᠣᠷᠣᠭᠤᠯᠤᠯᠲᠠ ᠪᠠᠨ ᠨᠡᠮᠡᠭᠳᠡᠭᠦᠯᠵᠦ᠂ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠬᠡᠷᠡᠭᠲᠡᠢ᠃ ᠨᠣᠮ ᠪᠢᠴᠢᠭ ᠤᠨ ᠲᠤᠭ᠎ᠠ ᠬᠡᠮᠵᠢᠶ᠎ᠡ᠂ ᠲᠦᠷᠦᠯ ᠬᠡᠯᠪᠡᠷᠢ ᠶᠢ ᠥᠷᠭᠡᠳᠬᠡᠵᠦ᠂ ᠨᠡᠶᠢᠭᠡᠮ ᠲᠣᠭᠤᠷᠢᠭ ᠤᠨ ᠨᠣᠮ ᠤᠨ ᠰᠠᠩ ᠤᠨ ᠦᠢᠯᠡᠳᠦᠯ ᠢ ᠦᠨᠡᠨ ᠬᠦ ᠪᠠᠳᠠᠷᠠᠭᠤᠯᠬᠤ ᠬᠡᠷᠡᠭᠲᠡᠶ︔ ᠤᠬᠠᠭᠤᠯᠭ᠎ᠠ ᠶᠢᠨ ᠡᠩᠨᠡᠭᠡᠨ ᠤ ᠲᠣᠭᠯᠠᠯᠲᠠ ᠭᠠᠷᠭᠠᠬᠤ ᠵᠠᠷᠤᠳᠠᠯ ᠢ ᠪᠠᠲᠤᠯᠠᠵᠤ᠂ ᠵᠣᠬᠢᠰᠲᠠᠶ ᠵᠠᠷᠤᠳᠠᠯ ᠤᠨ ᠳᠡᠮᠵᠢᠯᠭᠡ ᠦᠵᠡᠭᠦᠯᠬᠦ ᠬᠡᠷᠡᠭᠲᠡᠶ ᠭᠡᠪᠡ᠃      ᠳᠠᠷᠠᠭ᠎ᠠ ᠠᠯᠬᠤᠮ ᠳᠤ᠂ ᠳ᠋ᠦᠩ ᠹᠧᠩ ᠵᠠᠮ ᠤᠨ ᠵᠡᠭᠡᠯᠢ ᠭᠤᠳᠤᠮᠵᠢ ᠰᠢᠮᠳᠠᠭᠤᠯᠤᠨ ᠵᠢᠯᠤᠭᠤᠳᠤᠯᠭ᠎ᠠ ᠶᠢᠨ ᠰᠠᠨᠠᠯ ᠶᠣᠰᠣᠭᠠᠷ ᠴᠠᠭ ᠲᠤᠬᠠᠶ ᠳᠤᠨᠢ ᠴᠡᠭᠴᠡᠯᠡᠨ ᠰᠠᠶᠢᠵᠢᠷᠠᠭᠤᠯᠵᠤ᠂ ᠤᠬᠠᠭᠤᠯᠭ᠎ᠠ ᠦᠵᠡᠯ ᠰᠠᠨᠠᠭᠠᠨ ᠤ ᠠᠵᠢᠯ ᠢ ᠤᠯᠠᠮ ᠰᠠᠶᠢᠲᠤᠷ ᠬᠢᠵᠦ᠂ ᠭᠠᠵᠠᠷ ᠣᠷᠣᠨ ᠤ ᠬᠥᠭᠵᠢᠯᠲᠡ ᠶᠢ ᠪᠦᠬᠦ ᠲᠠᠯ᠎ᠠ ᠪᠠᠷ ᠲᠦᠯᠬᠢᠨ ᠠᠬᠢᠭᠤᠯᠬᠤ ᠳᠤ ᠦᠵᠡᠯ ᠰᠠᠨᠠᠭᠠᠨ ᠤ ᠰᠠᠭᠤᠷᠢ ᠶᠢ ᠪᠠᠲᠤᠳᠬᠠᠨ᠎ᠠ᠃
 
ᠢᠷᠡᠯᠲᠡ᠄ ᠰᠢᠨ᠎ᠡ ᠬᠤᠲᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号