ᠣᠶᠢᠷ᠎ᠠ ᠳᠤ᠂ ᠬᠥᠬᠡᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ | ᠬᠠᠮᠢᠶ᠎ᠠ ᠪᠥᠬᠦᠶ ᠬᠠᠷᠢᠭᠤᠴᠠᠯᠭᠠᠲᠠᠨ ᠤ ᠳᠠᠭᠠᠭᠤᠯᠤᠭᠰᠠᠨ 8 ᠲᠤᠰᠬᠠᠶ ᠴᠡᠭᠴᠡᠯᠡᠨ ᠵᠠᠰᠠᠬᠤ ᠠᠵᠢᠯ ᠤᠨ ᠳᠤᠭᠤᠶᠢᠯᠠᠩ | ᠲᠣᠰ ᠲᠣᠰ ᠪᠥᠬᠦ ᠬᠤᠲᠠ ᠶᠢᠨ 36 ᠤᠯᠤᠰ ᠤᠨ ᠥᠮᠴᠢᠯᠡᠯ ᠤᠨ ᠠᠵᠤ ᠠᠬᠤᠶᠢᠯᠠᠯ ᠳᠤ ᠣᠴᠢᠵᠤ᠂ ᠤᠯᠤᠰ ᠤᠨ | ᠥᠮᠴᠢᠯᠡᠯ ᠤᠨ ᠠᠵᠤ ᠠᠬᠤᠶᠢᠯᠠᠯ ᠵᠢᠴᠢ ᠬᠢᠨᠠᠨ ᠬᠠᠮᠢᠶᠠᠷᠬᠤ ᠰᠠᠯᠠᠭ᠎ᠠ ᠮᠥᠴᠢᠷ ᠤᠨ ᠭᠤᠤᠯ ᠤᠳᠤᠷᠢᠳᠤᠯᠭ᠎ᠠ ᠳᠤ | ᠲᠤᠰᠬᠠᠢ ᠲᠦᠷᠦᠯ ᠤᠨ ᠴᠡᠭᠴᠡᠯᠡᠯᠲᠡ ᠵᠠᠰᠠᠯᠲᠠ ᠬᠢᠭᠡᠳ ᠲᠤᠭᠤᠷᠢᠨ ᠪᠠᠶᠢᠴᠠᠭᠠᠵᠤ ︽ ᠡᠷᠬᠢᠵᠦ ᠬᠠᠷᠠᠬᠤ︾ | ᠳᠤ ᠢᠯᠡᠷᠡᠭᠦᠯᠦᠭᠰᠡᠨ ᠠᠵᠤ ᠠᠬᠤᠶᠢᠯᠠᠯ ᠤᠨ ᠡᠵᠡᠩᠨᠡᠯᠲᠡ ᠬᠠᠮᠢᠶᠠᠷᠤᠯᠲᠠ᠂ ᠨᠠᠮ ᠤᠨ ᠵᠣᠬᠢᠶᠠᠨ ᠪᠠᠶᠢᠭᠤᠯᠤᠯᠲᠠ ᠶᠢᠨ | ᠴᠤᠬᠴᠠᠯᠠᠯᠲᠠ ᠂ ᠭᠤᠤᠯ ᠴᠣᠭᠴᠠ ᠶᠢᠨ ᠬᠠᠷᠢᠭᠤᠴᠠᠯᠭ᠎ᠠ ᠪᠠ ᠬᠢᠨᠠᠯᠲᠠ ᠲᠠᠯᠪᠢᠬᠤ ᠬᠠᠷᠢᠭᠤᠴᠠᠯᠭ᠎ᠠ ᠪᠠᠨ | ᠭᠦᠶ᠋ᠴᠡᠳᠬᠡᠬᠦ᠂ ᠺᠣᠮᠫᠠᠨᠢ ᠶᠢᠨ ᠬᠠᠤᠯᠢ ᠶᠢᠨ ᠡᠷᠭᠡᠳᠡᠨ ᠤ ᠵᠠᠰᠠᠯᠲᠠ᠂ ᠬᠥᠮᠦᠨ ᠰᠣᠩᠭᠤᠵᠤ ᠬᠥᠮᠦᠨ ᠬᠡᠷᠡᠭᠯᠡᠬᠦ ᠵᠡᠷᠭᠡ | ᠲᠠᠯ᠎ᠠ ᠶᠢᠨ ᠠᠰᠠᠭᠤᠳᠠᠯ ᠢ ᠬᠠᠷᠢᠭᠤ ᠲᠤᠰᠬᠠᠪᠠ᠃ | 2019 ᠣᠨ ᠤ 10 ᠰᠠᠷ᠎ᠠ ᠠᠴᠠ ᠡᠬᠢᠯᠡᠨ᠂ ᠬᠥᠬᠡᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ | ᠬᠢᠨᠠᠨ ᠪᠠᠶᠢᠴᠠᠭᠠᠬᠤ ᠵᠥᠪᠯᠡᠯ ᠲᠦᠷᠦᠭᠦᠯᠡᠨ᠂ ᠲᠤᠰ ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ | ᠬᠡᠯᠲᠡᠰ᠂ ᠨᠠᠮ ᠤᠨ ᠬᠤᠷᠢᠶᠠᠨ ᠤ ᠴᠠᠭᠳᠠᠨ ᠪᠠᠶᠢᠴᠠᠭᠠᠬᠤ ᠠᠯᠪᠠᠨ ᠭᠡᠷ᠂ ᠤᠯᠤᠰ ᠤᠨ ᠥᠮᠴᠢᠯᠡᠯᠲᠦ ᠡᠳ᠋ | ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠬᠢᠨᠠᠨ ᠪᠣᠳᠣᠬᠤ ᠲᠣᠪᠴᠢᠶ᠎ᠠ ᠲᠠᠢ ᠨᠢᠭᠲᠠ ᠬᠠᠮᠵᠢᠯᠴᠠᠵᠤ | ᠂ ᠡᠳ᠋ ᠬᠥᠷᠥᠩᠭᠡ ᠶᠢᠨ ᠬᠥᠷᠥᠩᠭᠡ ᠶᠢᠨ ᠰᠠᠭᠤᠷᠢ ᠨᠢ ᠲᠣᠳᠣᠷᠬᠠᠢ ᠂ ᠡᠵᠡᠩᠨᠡᠯᠲᠡ ᠶᠢᠨ ᠪᠠᠶᠢᠳᠠᠯ ᠨᠢ ᠲᠣᠳᠣᠷᠬᠠᠢ᠂ | ᠠᠰᠠᠭᠤᠳᠠᠯ ᠣᠷᠣᠰᠢᠵᠤ ᠪᠠᠶᠢᠭ᠎ᠠ ᠪᠠᠶᠢᠳᠠᠯ ᠨᠢ ᠲᠣᠳᠣᠷᠬᠠᠢ᠂ ᠴᠡᠭᠴᠡᠯᠡᠨ ᠰᠠᠶᠢᠵᠢᠷᠠᠭᠤᠯᠬᠤ ᠰᠡᠳᠬᠢᠮᠵᠢ ᠨᠢ | ᠲᠣᠳᠣᠷᠬᠠᠢ ᠪᠠᠶᠢᠬᠤ ᠪᠠᠷ ᠬᠠᠷᠠᠯᠲᠠ ᠪᠣᠯᠭᠠᠵᠣ᠂ ᠪᠦᠬᠦ ᠬᠤᠲᠠ ᠶᠢᠨ 36 ᠤᠯᠤᠰ ᠤᠨ ᠥᠮᠴᠢᠯᠡᠯᠲᠦ ᠠᠵᠤ | ᠠᠬᠤᠶᠢᠯᠠᠯ ᠤᠨ ︽ᠬᠥᠮᠥᠷᠭᠡ ᠶᠢ ᠴᠡᠪᠡᠷᠯᠡᠭᠰᠡᠨ ᠪᠠᠶᠢᠳᠠᠯ ᠢ ᠣᠶᠢᠯᠠᠭᠠᠬᠤ︾ ᠬᠡᠯᠪᠡᠷᠢ ᠪᠠᠷ ᠪᠠᠶᠢᠳᠠᠯ ᠢ ᠣᠶᠢᠯᠭᠠᠨ | ᠲᠣᠳᠣᠷᠬᠠᠢ ᠪᠠᠶᠢᠴᠠᠭᠠᠬᠤ ᠪᠠ ᠪᠦᠬᠦ ᠲᠠᠯ᠎ᠠ ᠪᠠᠷ ᠴᠡᠭᠴᠡᠯᠡᠨ ᠵᠠᠰᠠᠬᠤ ᠠᠵᠢᠯ ᠥᠷᠨᠢᠭᠦᠯᠵᠡᠶ᠃ ᠡᠭᠦᠨ ᠤ ᠬᠠᠮᠲᠤ | ᠲᠣᠭᠤᠷᠢᠨ ᠴᠠᠭᠳᠠᠬᠤ ︽ᠡᠷᠭᠢᠵᠦ ᠬᠠᠷᠠᠬᠤ︾ ᠶᠢ ᠵᠡᠷᠭᠡᠪᠡᠷ ᠥᠷᠨᠢᠭᠦᠯᠵᠦ᠂ ᠠᠵᠤ ᠠᠬᠤᠶᠢᠯᠠᠯ ᠤᠨ | ᠬᠠᠮᠢᠶᠠᠷᠤᠯᠲᠠ ᠶᠢᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠪᠦᠬᠦ ᠲᠠᠯ᠎ᠠ ᠪᠠᠷ ᠡᠮᠬᠢᠯᠡᠵᠣ᠂ ᠠᠵᠤ | ᠠᠬᠤᠶᠢᠯᠠᠯ ᠤᠨ ᠡᠵᠡᠩᠨᠡᠯᠲᠡ ᠶᠢᠨ ᠪᠠᠶᠢᠲᠠᠯ ᠳᠤ ᠪᠦᠬᠦ ᠲᠠᠯ᠎ᠠ ᠶᠢᠨ ᠬᠢᠨᠠᠨ ᠪᠣᠳᠣᠯᠲᠠ ᠬᠢᠵᠦ᠂ 36 ᠬᠤᠪᠢ | ᠲᠤᠰᠬᠠᠶ ᠴᠡᠭᠴᠡᠯᠡᠨ ᠵᠠᠰᠠᠭᠰᠠᠨ ᠮᠡᠳᠡᠭᠦᠯᠦᠯᠲᠡ ᠪᠠ ᠲᠤᠰᠬᠠᠶ ᠬᠢᠨᠠᠨ ᠪᠤᠳᠤᠯᠲᠠ ᠶᠢᠨ ᠮᠡᠳᠡᠭᠦᠯᠦᠯᠲᠡ ᠶᠢ ᠭᠠᠷᠭᠠᠵᠤ᠂ | ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠴᠡᠭᠴᠡᠯᠡᠨ ᠵᠠᠰᠠᠯᠲᠠ ᠶᠢ ᠨᠡᠶᠢᠳᠡᠮ ᠪᠥᠷᠬᠦᠭᠦᠯᠬᠦ ᠶᠢ | ᠪᠡᠶᠡᠯᠡᠭᠦᠯᠪᠡ᠃ | ︽ᠲᠤᠰᠬᠠᠶ ᠴᠡᠭᠴᠡᠯᠡᠨ ᠵᠠᠰᠠᠬᠤ ᠳᠤᠮᠳᠠ᠂ ᠪᠢᠳᠡ ᠠᠵᠤ ᠠᠬᠤᠶᠢᠯᠠᠯ ᠤᠨ ᠨᠠᠮ ᠤᠨ ᠪᠠᠶᠢᠭᠤᠯᠤᠯᠲᠠ ᠶᠢᠨ | ᠲᠠᠯ᠎ᠠ ᠪᠠᠷ ᠨᠠᠮ ᠤᠨ ᠬᠤᠷᠢᠶᠠᠨ ᠤ ᠤᠳᠤᠷᠢᠳᠬᠤ ᠪᠠᠭ ᠲᠡᠭᠦᠯᠳᠡᠷᠵᠢᠭᠡᠳᠦᠶ ᠪᠠᠶᠢᠬᠤ ᠡᠰᠡᠬᠦ ᠂ ︿ᠭᠤᠷᠪᠠᠨ | ᠴᠢᠬᠤᠯᠨ ᠨᠢᠭᠡ ᠶᠡᠭᠡ﹀ ᠶᠢᠨ ᠳᠦᠷᠢᠮ ᠤᠨ ᠨᠠᠶᠢᠳᠠᠪᠤᠷᠢᠵᠢᠭᠤᠯᠤᠯᠲᠠ ᠴᠢᠩᠭ᠎ᠠ ᠪᠢᠰᠢ ᠂ ᠠᠵᠤ ᠠᠬᠤᠶᠢᠯᠠᠯ ᠤᠨ ︿ | ᠭᠤᠷᠪᠠᠨ ᠶᠠᠪᠣᠳᠠᠯ﹀ ᠢ ᠢᠯᠡ ᠪᠣᠯᠭᠠᠬᠤ ᠨᠢ ᠲᠦᠢᠯᠪᠤᠷᠢᠲᠠᠶ ᠪᠢᠰᠢ ᠂ ᠠᠯᠪᠠᠨ ᠤ ᠲᠡᠷᠭᠡ ᠶᠢ ᠬᠤᠪᠢ | ᠪᠠᠢ ᠢᠶᠠᠨ ᠬᠡᠷᠡᠭᠯᠡᠬᠦ᠂ ᠤᠷᠲᠤ ᠬᠤᠭᠤᠴᠠᠭ᠎ᠠ ᠪᠠᠷ ᠵᠢᠭᠡᠯᠡᠵᠣ ᠬᠡᠷᠡᠭᠯᠡᠬᠦ ᠵᠡᠷᠭᠡ ᠪᠠ ᠠᠵᠤ ᠠᠬᠤᠶᠢᠯᠠᠯ ᠤᠨ ᠡᠵᠡᠩᠨᠡᠯᠲᠡ | ᠬᠠᠮᠢᠶᠠᠷᠤᠯᠲᠠ ᠶᠢᠨ ᠲᠠᠯ᠎ᠠ ᠪᠠᠷ ᠳᠠᠩᠰᠠᠨ ᠬᠠᠷ᠎ᠠ ᠶᠢᠨ ᠬᠠᠮᠢᠶᠠᠷᠤᠯᠲᠠ ᠵᠢᠷᠤᠮᠵᠢᠯ ᠦᠭᠡᠢ ᠪᠠᠶᠢᠬᠤ ᠂ ᠲᠦᠷᠢᠮ ᠢ | ᠴᠢᠩᠭ᠎ᠠ ᠬᠡᠷᠡᠭᠵᠢᠭᠦᠯᠦᠭᠰᠡᠨ ᠦᠭᠡᠢ ᠂ ᠲᠣᠮᠢᠯᠠᠨ ᠰᠠᠭᠤᠯᠭᠠᠵᠤ ᠬᠢᠨᠠᠯᠲᠠ ᠲᠠᠯᠪᠢᠬᠤ ᠣᠶᠢᠯᠡᠳᠣᠯ ᠢ | ᠪᠠᠳᠠᠷᠠᠭᠤᠯᠤᠭᠰᠠᠨ ᠨᠢ ᠭᠦᠢᠴᠡᠳ ᠪᠤᠰᠤ ᠵᠡᠷᠭᠡ ᠠᠰᠠᠭᠤᠳᠠᠯ ᠢ ᠭᠤᠤᠯᠳᠠᠯᠭ᠎ᠠ ᠲᠠᠢ ᠣᠶᠢᠯᠠᠭᠠᠵᠠᠢ᠃︾ | ᠲᠤᠰᠬᠠᠶ ᠵᠦᠢᠯ ᠤᠨ ᠴᠡᠭᠴᠡᠯᠡᠨ ᠵᠠᠰᠠᠬᠤ ᠠᠵᠢᠯ ᠤᠨ ᠭᠤᠷᠪᠠᠳᠤᠭᠠᠷ ᠳᠤᠭᠤᠶᠢᠯᠠᠩ ᠤᠨ ᠬᠠᠷᠢᠭᠤᠴᠠᠯᠭᠠᠲᠠᠨ | ᠲᠠᠨᠢᠯᠴᠠᠭᠤᠯᠣᠭᠰᠠᠨ ᠢᠶᠠᠷ ᠂ ᠠᠵᠢᠯᠯᠠᠬᠤ ᠳᠤᠭᠤᠶᠢᠯᠠᠩ ᠠᠵᠤ ᠠᠬᠤᠶᠢᠯᠠᠯ ᠤᠨ ᠳᠣᠲᠣᠭᠠᠳᠤ ᠳᠤ ᠭᠦᠨᠵᠡᠭᠡᠶᠢᠷᠡᠨ | ᠠᠵᠣ ᠠᠬᠤᠶᠢᠯᠡᠯ ᠤᠨ ᠬᠠᠷᠢᠭᠤᠴᠠᠯᠭᠠᠳᠠᠨ ᠂ ᠨᠡᠩ ᠢᠯᠠᠩᠭᠤᠶ᠎ᠡ ᠨᠢᠭᠡᠳᠤᠬᠡᠷ ᠹᠷᠣᠨᠲ ᠳᠤ ᠠᠵᠢᠯᠯᠠᠵᠣ ᠪᠠᠶᠢᠭ᠎ᠠ | ᠣᠯᠠᠨ ᠲᠦᠮᠡᠨ ᠤ ᠰᠠᠨᠠᠯ ᠢ ᠰᠣᠨᠣᠰᠴᠤ᠂ ᠬᠠᠮᠢᠶ᠎ᠠ ᠪᠦᠬᠦᠢ ᠮᠠᠲ᠋ᠧᠷᠢᠶᠠᠯ ᠢ ᠭᠠᠷᠭᠠᠨ ᠠᠪᠴᠤ ᠪᠠᠶᠢᠴᠠᠭᠠᠯᠳᠠ ᠶᠢᠨ | ᠬᠠᠭᠤᠳᠠᠰᠤ ᠲᠠᠷᠬᠠᠭᠠᠨ᠂ ᠲᠤᠬᠠᠶ ᠶᠢᠨ ᠭᠠᠵᠠᠷ ᠲᠤ ᠢᠯᠡ ᠪᠠᠷ ᠪᠠᠶᠢᠴᠠᠭᠠᠬᠤ ᠪᠠ ᠳᠠᠯᠳᠠᠭᠤᠷ ᠰᠣᠷᠪᠣᠯᠵᠢᠯᠠᠬᠤ | ᠵᠡᠷᠭᠡ ᠠᠵᠢᠯᠯᠠᠭ᠎ᠠ ᠥᠷᠨᠢᠭᠦᠯᠵᠡᠶ᠃ ᠡᠭᠦᠨ ᠤ ᠵᠣᠷᠢᠯᠭ᠎ᠠ ᠨᠢ ᠳᠠᠷᠤᠶ ᠠᠵᠤ ᠠᠬᠤᠶᠢᠯᠠᠯ ᠳᠤ ᠨᠠᠷᠢᠯᠢᠭ ᠣᠨᠣᠴᠠᠲᠠᠶ | ᠬᠢᠨᠠᠯᠲᠠ ᠲᠠᠯᠪᠢᠬᠤ ᠶᠢᠨ ᠲᠥᠯᠥᠭᠡ ᠶᠤᠮ ᠬᠡᠵᠠᠢ᠃ | ᠲᠤᠰᠬᠠᠶ ᠴᠡᠭᠴᠡᠯᠡᠨ ᠵᠠᠰᠠᠬᠤ ᠶᠠᠪᠤᠴᠠ ᠳᠤ ᠴᠠᠭᠳᠠᠨ ᠪᠠᠶᠢᠴᠠᠭᠠᠵᠤ ᠬᠢᠨᠠᠯᠲᠠ ᠲᠠᠯᠪᠢᠬᠤ ᠠᠵᠢᠯ ᠤᠨ | ᠦᠢᠯᠡᠳᠦᠯ ᠢ ᠭᠦᠢᠴᠡᠳ ᠪᠠᠳᠠᠷᠠᠭᠤᠯᠬᠤ ᠠᠴᠠ ᠭᠠᠳᠠᠨ᠎ᠠ᠂ ᠬᠥᠬᠡᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ | ᠬᠢᠨᠠᠨ ᠪᠠᠶᠢᠴᠠᠭᠠᠬᠤ ᠵᠥᠪᠯᠡᠯ ᠪᠠᠰᠠ ᠤᠯᠤᠰ ᠲᠦᠷᠤ ᠶᠢᠨ ᠬᠢᠨᠠᠯᠲᠠ ᠲᠠᠯᠪᠢᠬᠤ ᠶᠢ ᠳᠣᠪᠤᠶᠢᠯᠭᠠᠵᠤ᠂ ᠠᠵᠤ | ᠠᠬᠤᠶᠢᠯᠠᠯ ᠤᠨ ᠨᠠᠮ ᠤᠨ ᠵᠣᠬᠢᠶᠠᠨ ᠪᠠᠶᠢᠭᠤᠯᠤᠯᠲᠠ ᠶᠢ ᠱᠠᠯᠠᠪᠲᠠᠭᠤᠯᠵᠤ ᠪᠠᠷᠢᠮᠲᠠ ᠶᠣᠰᠣᠭᠠᠷ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠬᠦ ᠶᠢ ᠠᠬᠢᠭᠤᠯᠵᠤ᠂ ᠪᠠᠷᠢᠮᠲᠠ ᠶᠣᠰᠣᠭᠠᠷ ᠦᠷ᠎ᠡ ᠪᠦᠲᠦᠮᠵᠢ ᠶᠢ ᠠᠰᠠᠭᠤᠬᠤ ᠶᠢ | ᠪᠠᠷᠢᠮᠳᠠᠯᠠᠵᠣ᠂ ᠡᠳᠦᠷ ᠲᠤᠲᠤᠮ ᠤᠨ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠢᠯᠡ ᠪᠠᠷ ᠪᠠᠶᠢᠴᠠᠭᠠᠵᠤ | ᠳᠠᠯᠳᠠᠭᠤᠷ ᠰᠤᠷᠪᠤᠯᠵᠢᠯᠠᠬᠤ᠂ ᠲᠤᠰᠬᠠᠶ ᠬᠢᠨᠠᠯᠲᠠ ᠲᠠᠯᠪᠢᠬᠤ᠂ ᠠᠵᠤ ᠠᠬᠤᠶᠢᠯᠡᠯ ᠳᠤ ᠰᠠᠭᠤᠵᠣ ᠪᠠᠶᠢᠴᠠᠭᠠᠨ | ᠰᠤᠳᠤᠯᠤᠯᠲᠠ ᠬᠢᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠰᠠᠭᠤᠳᠠᠯ ᠢ ᠴᠠᠭ ᠲᠣᠬᠠᠢ ᠢ ᠳᠤᠨᠢ | ᠢᠯᠡᠷᠡᠭᠦᠯᠵᠦ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠠᠬᠢᠭᠤᠯᠵᠣ︔ ᠲᠣᠮᠢᠯᠠᠨ ᠰᠠᠭᠤᠯᠭᠠᠬᠤ ᠳᠤ | ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠠᠵᠤ ᠠᠬᠤᠶᠢᠯᠠᠯ ᠤᠨ ᠲᠣᠮᠢᠯᠠᠨ ᠰᠠᠭᠤᠯᠭᠠᠭᠰᠠᠨ ᠬᠥᠮᠦᠰ ᠢ | ᠨᠢᠭᠡᠳᠦᠯᠲᠡᠶ ᠲᠥᠯᠥᠪᠯᠡᠵᠦ᠂ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠠᠩᠬᠠᠷᠴᠤ᠂ ︽ᠵᠠᠩᠭᠢᠯᠠᠭ᠎ᠠ ᠶᠢᠨ | ᠴᠥᠭᠡᠨ ᠲᠣᠭᠠᠲᠠᠨ︾ ᠳᠤ ᠠᠩᠬᠠᠷᠤᠯ ᠢᠶᠠᠨ ᠲᠥᠪᠯᠡᠷᠡᠭᠦᠯᠵᠦ᠂ ᠭᠤᠤᠯᠳᠠᠯᠭ᠎ᠠ ᠶᠢ ᠳᠣᠪᠤᠶᠢᠯᠭᠠᠨ᠂ ᠬᠢᠨᠠᠯᠲᠠ | ᠲᠠᠯᠪᠢᠬᠤ ᠨᠠᠷᠢᠨ ᠬᠠᠭᠤᠳᠠᠰᠤ ᠪᠠ ᠠᠰᠠᠭᠤᠳᠠᠯ ᠤᠨ ᠨᠠᠷᠢᠨ ᠬᠠᠭᠤᠳᠠᠰᠤ ᠶᠢ ᠴᠠᠭ ᠲᠤᠬᠠᠶ ᠳᠤᠨᠢ ᠪᠠᠭᠤᠯᠭᠠᠵᠤ᠂ | ᠰᠠᠨᠠᠭᠤᠯᠬᠤ ᠵᠠᠬᠢᠳᠠᠯ᠂ ᠰᠠᠨᠠᠭᠤᠯᠭ᠎ᠠ ᠶᠢᠨ ᠪᠢᠴᠢᠭ᠂ ᠱᠠᠯᠠᠪᠲᠠᠭᠤᠯᠤᠨ ᠭᠦᠶ᠋ᠴᠡᠳᠬᠡᠬᠦ ᠬᠠᠭᠤᠳᠠᠰᠤ ᠶᠢ ᠲᠣᠭᠲᠠᠭᠠᠨ | ᠲᠠᠷᠬᠠᠭᠠᠬᠤ ᠪᠠᠷ ᠳᠠᠮᠵᠢᠭᠤᠯᠤᠨ᠂ ᠪᠥᠬᠦ ᠲᠠᠯ᠎ᠠ ᠪᠠᠷ ᠬᠢᠨᠠᠯᠲᠠ ᠲᠠᠯᠪᠢᠬᠤ ᠶᠢ ᠬᠡᠷᠡᠭᠵᠢᠭᠦᠯᠦᠨ᠎ᠡ᠃ | ᠣᠳᠣᠬᠠᠨ ᠪᠣᠯᠲᠠᠯ᠎ᠠ᠂ ᠡᠯ᠎ᠡ ᠲᠤᠰᠬᠠᠶ ᠴᠡᠭᠴᠡᠯᠡᠨ ᠵᠠᠰᠠᠬᠤ ᠠᠵᠢᠯ ᠤᠨ ᠳᠤᠭᠤᠶᠢᠯᠠᠩ ᠨᠡᠶᠢᠲᠡ 37 ᠤᠳᠠᠭ᠎ᠠ | ᠮᠡᠳᠡᠭᠦᠯᠦᠯᠲᠡ ᠰᠣᠨᠣᠰᠴᠤ᠂ ᠠᠵᠤ ᠠᠬᠤᠶᠢᠯᠠᠯ ᠤᠨ ᠬᠠᠮᠢᠶ᠎ᠠ ᠪᠦᠬᠦᠢ ᠬᠤᠷᠠᠯ ᠳᠤ 9 ᠤᠳᠠᠭ᠎ᠠ ᠰᠤᠯᠠ ᠣᠷᠣᠯᠴᠠᠵᠤ᠂ | ᠬᠤᠷᠠᠯ ᠤᠨ ᠲᠡᠮᠳᠡᠭᠯᠡᠯ᠂ ᠠᠵᠤ ᠠᠬᠤᠶᠢᠯᠠᠯ ᠤᠨ ᠳᠠᠩᠰᠠ᠂ ᠡᠳ᠋ ᠤᠨ ᠶᠠᠪᠤᠳᠠᠯ ᠤᠨ ᠭᠡᠷᠡᠴᠢ ᠪᠠᠷᠢᠮᠲᠠ ᠵᠡᠷᠭᠡ ᠡᠯ᠎ᠡ | ᠲᠥᠷᠥᠯ ᠤᠨ ᠮᠠᠲ᠋ᠧᠷᠢᠶᠠᠯ ᠢ 74652 ᠬᠤᠪᠢ ᠰᠢᠯᠵᠢᠭᠦᠯᠦᠨ ᠠᠪᠴᠤ ᠪᠠᠶᠢᠴᠠᠭᠠᠨ ᠦᠵᠡᠵᠦ᠂ 3352 ᠬᠤᠪᠢ | ᠪᠠᠶᠢᠴᠠᠭᠠᠯᠲᠠ ᠶᠢᠨ ᠠᠰᠠᠭᠤᠯᠲᠠ ᠶᠢᠨ ᠬᠠᠭᠤᠳᠠᠰᠤ ᠲᠠᠷᠬᠠᠭᠠᠵᠤ᠂ 582 ᠠᠵᠤ ᠠᠬᠤᠶᠢᠯᠠᠯ ᠤᠨ | ᠬᠠᠷᠢᠭᠤᠴᠠᠯᠭᠠᠳᠠᠨ ᠪᠣᠯᠤᠨ ᠨᠢᠭᠡᠳᠦᠭᠡᠷ ᠹᠷᠣᠨᠲ ᠤᠨ ᠠᠵᠢᠯᠲᠠᠨ ᠠᠵᠢᠯᠲᠠ ᠲᠠᠢ ᠶᠠᠷᠢᠯᠴᠠᠨ᠂ 54 ᠤᠳᠠᠭ᠎ᠠ | ᠲᠤᠬᠠᠶ ᠶᠢᠨ ᠭᠠᠵᠠᠷ ᠲᠤᠨᠢ ᠰᠤᠷᠪᠤᠯᠵᠢᠯᠠᠵᠠᠶ᠃ ᠨᠡᠶᠢᠳᠡ 662 ᠠᠰᠠᠭᠤᠳᠠᠯ ᠢ ᠢᠯᠡᠷᠡᠭᠦᠯᠵᠦ᠂ 200 ᠵᠤᠷᠪᠤᠰ | ᠪᠢᠴᠢᠭ ᠤᠨ ᠰᠠᠨᠠᠭᠤᠯᠭ᠎ᠠ ᠳᠤᠷᠠᠳᠴᠤ᠂ 104 ᠠᠰᠠᠭᠤᠳᠠᠯ ᠢ ᠲᠡᠷᠡ ᠳᠠᠷᠤᠶ ᠳᠤᠨᠢ ᠬᠡᠷᠡᠭᠵᠢᠭᠦᠯᠦᠨ | ᠥᠭᠡᠷᠡᠴᠢᠯᠡᠬᠦ ᠶᠢ ᠠᠬᠢᠭᠤᠯᠪᠠ᠃ ︵ ᠦᠪᠦᠷ ᠮᠤᠩᠭᠤᠯ ᠤᠨ ᠡᠳᠦᠷ ᠤᠨ ᠰᠣᠨᠢᠨ ᠤ ᠬᠥᠬᠡᠬᠤᠲᠠ ᠳᠤ ᠰᠠᠭᠤᠭ᠎ᠠ | ᠰᠤᠷᠪᠤᠯᠵᠢᠯᠠᠬᠴᠢ ᠶᠢᠨ ᠦᠷᠲᠡᠭᠡ ᠶᠢᠨ ᠰᠤᠷᠪᠤᠯᠵᠢᠯᠠᠭᠴᠢ ᠵᠧᠩ ᠰᠢᠤᠸᠠᠢ ᠯᠢᠶᠠᠩ︶ |