ᠵᠠᠩ ᠪᠠᠢ ᠴᠧᠩ᠄ ᠪᠠᠷᠢᠯᠭ᠎ᠠ ᠶᠢᠨ ᠠᠬᠢᠴᠠ ᠶᠢ ᠤᠷᠢᠳᠴᠢᠯᠠᠭᠤᠯᠵᠤ ᠪᠤᠭᠤᠮᠳᠠ ᠰᠢᠪᠳᠤᠯᠬᠤ ᠡᠷᠴᠢᠮ ᠢᠶᠠᠨ ᠴᠢᠩᠭᠠᠷᠠᠭᠤᠯᠵᠤ ᠡᠯ᠎ᠡ ᠵᠦᠢᠯ ᠤᠨ ᠠᠵᠢᠯ ᠤᠨ ᠡᠭᠦᠷᠭᠡ ᠪᠠᠨ ᠴᠠᠭ ᠲᠤᠬᠠᠶ ᠳᠤᠨᠢ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ
ᠨᠡᠶᠢᠲᠡᠯᠡᠭᠰᠡᠨ ᠴᠠᠭ᠄
2020-07-27
      7 ᠰᠠᠷ᠎ᠠ ᠶᠢᠨ 24 ᠤ ᠡᠳᠦᠷ᠂ ᠬᠥᠬᠡᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ ᠵᠠᠩ ᠪᠠᠢ ᠴᠧᠩ ᠪᠣᠳᠢ ᠰᠤᠪᠤᠷᠭ᠎ᠠ ᠨᠡᠶᠢᠭᠡᠮ ᠲᠣᠭᠤᠷᠢᠭ ᠤᠨ ᠪᠦᠷᠭᠡ ᠣᠷᠣᠨ ᠰᠠᠭᠤᠴᠠ ᠶᠢᠨ ᠲᠣᠭᠤᠷᠢᠭ᠂ ᠪᠠᠷᠠᠭᠤᠨ ᠡᠯ ᠳ᠋ᠤᠤ ᠾᠧ ᠲᠣᠰᠬᠤᠨ ᠵᠡᠷᠭᠡ ᠭᠠᠵᠠᠷ ᠢᠶᠠᠷ ᠭᠦᠨᠵᠡᠭᠡᠶᠢᠷᠡᠨ᠂ ᠪᠥᠬᠦ ᠬᠤᠲᠠ ᠶᠢᠨ ᠲᠥᠪᠯᠡᠷᠡᠭᠦᠯᠦᠨ ᠢᠯᠴᠢ ᠬᠠᠩᠭᠠᠬᠤ ᠥᠭᠡᠷᠡᠴᠢᠯᠡᠯᠲᠡ ᠶᠢ ᠠᠬᠢᠭᠤᠯᠤᠭᠰᠠᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠵᠤ᠂ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠬᠢᠨᠠᠮᠠᠭᠠᠶ ᠦᠢᠯᠡᠳᠦᠯᠭᠡᠵᠢᠭᠦᠯᠵᠦ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠪᠠᠷᠢᠯᠭ᠎ᠠ ᠶᠢᠨ ᠠᠬᠢᠴᠠ ᠶᠢ ᠤᠷᠢᠳᠴᠢᠯᠠᠭᠤᠯᠵᠤ᠂ ᠪᠣᠭᠤᠮᠲᠠ ᠰᠢᠪᠲᠤᠯᠬᠤ ᠡᠷᠴᠢᠮ ᠢᠶᠠᠨ ᠴᠢᠩᠭᠠᠷᠠᠭᠤᠯᠵᠤ᠂ ᠣᠷᠣᠨ ᠤ ᠲᠥᠪ ᠤᠨ ᠬᠥᠬᠡ ᠣᠭᠲᠠᠷᠭᠤᠢ ᠶᠢ ᠬᠠᠮᠠᠭᠠᠯᠠᠬᠤ ᠲᠠᠶᠢᠯᠠᠯᠳᠤᠭᠠᠨ ᠳᠤ ᠪᠦᠬᠦ ᠬᠦᠴᠦᠨ ᠢᠶᠠᠷ ᠢᠶᠠᠨ ᠢᠯᠠᠯᠲᠠ ᠣᠯᠬᠤ ᠬᠡᠷᠡᠭᠲᠡᠢ ᠭᠡᠵᠦ ᠴᠢᠬᠤᠯᠠᠴᠢᠯᠠᠪᠠ᠃      ᠪᠤᠳᠢ ᠰᠤᠪᠤᠷᠭ᠎ᠠ ᠨᠡᠶᠢᠭᠡᠮ ᠲᠣᠭᠤᠷᠢᠭ ᠤᠨ ᠪᠦᠷᠭᠡ ᠣᠷᠣᠨ ᠰᠠᠭᠤᠴᠠ ᠶᠢᠨ ᠲᠣᠭᠤᠷᠢᠭ ᠲᠤ᠂ ᠵᠠᠩ ᠪᠠᠢ ᠴᠧᠩ ᠲᠤᠰ ᠲᠤᠭᠤᠷᠢᠬ ᠤᠨ ᠨᠡᠭᠦᠷᠡᠰᠦ ᠶᠢ ᠰᠤᠯᠠ ᠰᠢᠲᠠᠭᠠᠬᠤ ᠶᠢ ᠵᠠᠰᠠᠬᠰᠠᠨ ᠪᠠ ᠲᠦᠯᠦᠪᠵᠢᠭᠦᠯᠵᠦ ᠦᠭᠡᠷᠡᠴᠢᠯᠡᠨ ᠪᠠᠶᠢᠭᠤᠯᠤᠬᠰᠠᠨ ᠪᠠᠶᠢᠳᠠᠯ ᠢ ᠨᠠᠷᠢᠨ ᠣᠶᠢᠯᠠᠭᠠᠵᠤ᠂ ᠬᠠᠮᠢᠶ᠎ᠠ ᠪᠦᠬᠦᠢ ᠭᠠᠵᠠᠷ ᠣᠷᠣᠨ ᠪᠣᠯᠤᠨ ᠰᠠᠯᠠᠭ᠎ᠠ ᠮᠥᠴᠢᠷ ᠢ ᠥᠭᠡᠷᠡᠴᠢᠯᠡᠨ ᠪᠠᠶᠢᠭᠤᠯᠬᠤ ᠬᠤᠷᠳᠤᠴᠠ ᠪᠠᠨ ᠲᠦᠷᠭᠡᠳᠬᠡᠵᠦ᠂ ᠠᠬᠢᠭᠤᠯᠬᠤ ᠡᠷᠴᠢᠮ ᠢᠶᠠᠨ ᠴᠢᠩᠭᠠᠷᠠᠭᠤᠯᠵᠤ᠂ ᠥᠭᠡᠷᠡᠴᠢᠯᠡᠡ ᠪᠠᠶᠢᠭᠤᠯᠬᠤ ᠡᠭᠦᠷᠭᠡ ᠶᠢ ᠴᠠᠭ ᠲᠤᠬᠠᠶ ᠳᠤᠨᠢ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃      ᠪᠠᠷᠠᠭᠤᠨ ᠡᠯ ᠳ᠋ᠤᠤ ᠾᠧ ᠲᠣᠰᠬᠤᠨ ᠳᠤ ᠲᠥᠪᠯᠡᠷᠡᠭᠦᠯᠦᠨ ᠢᠯᠴᠢ ᠬᠠᠩᠭᠠᠬᠤ ᠭᠤᠤᠷᠰᠤ ᠲᠡᠪᠢᠰᠭᠦ ᠪᠠᠷᠢᠯᠭ᠎ᠠ ᠶᠢᠨ ᠠᠵᠢᠯ ᠨᠢᠬᠡᠨᠲᠡ ᠡᠬᠢᠯᠡᠵᠦ᠂ ᠵᠠᠩ ᠪᠠᠢ ᠴᠧᠩ ᠪᠠᠷᠢᠯᠭ᠎ᠠ ᠶᠢᠨ ᠠᠵᠢᠯ ᠢ ᠪᠦᠬᠦ ᠲᠠᠯ᠎ᠠ ᠪᠠᠷ ᠠᠬᠢᠭᠤᠯᠤᠭᠰᠠᠨ ᠪᠠᠶᠢᠳᠠᠯ ᠤᠨ ᠲᠤᠬᠠᠶ ᠪᠠᠷᠢᠯᠭ᠎ᠠ ᠶᠢᠨ ᠨᠢᠭᠡᠴᠡ ᠶᠢᠨ ᠲᠠᠨᠢᠯᠴᠠᠭᠤᠯᠭ᠎ᠠ ᠶᠢ ᠰᠣᠨᠣᠰᠴᠤ᠂ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠤᠨ ᠠᠵᠤ ᠠᠬᠤᠶᠢᠯᠠᠯ ᠠᠯᠢ ᠴᠢᠳᠠᠬᠤ ᠪᠠᠷ ᠠᠵᠢᠯ ᠤᠨ ᠬᠤᠭᠤᠴᠠᠭ᠎ᠠ ᠪᠠᠨ ᠤᠷᠢᠳᠴᠢᠯᠠᠭᠤᠯᠵᠤ᠂ ᠲᠣᠭᠲᠠᠭᠰᠠᠨ ᠬᠤᠭᠤᠴᠠᠭᠠᠨ ᠳᠤ ᠠᠮᠤᠷ ᠲᠣᠭᠲᠠᠭᠤᠨ ᠢᠶᠠᠷ ᠳᠤᠯᠠᠭᠠᠯᠠᠭ᠎ᠠ ᠬᠠᠩᠭᠠᠬᠤ ᠶᠢ ᠪᠠᠲᠤᠯᠠᠬᠤ ᠬᠡᠷᠡᠭᠲᠡᠢ ᠭᠡᠵᠦ ᠵᠠᠬᠢᠪᠠ᠃      ᠵᠠᠯᠭᠠᠭᠠᠳ ᠬᠤᠷᠠᠯᠳᠤᠭᠤᠯᠤᠭᠰᠠᠨ ᠶᠠᠷᠢᠯᠴᠠᠬᠤ ᠬᠤᠷᠠᠯ ᠳᠡᠭᠡᠷ᠎ᠡ᠂ ᠵᠠᠩ ᠪᠠᠢ ᠴᠧᠩ ᠬᠤᠲᠠ ᠶᠢᠨ ᠳᠥᠷᠪᠡᠨ ᠲᠣᠭᠤᠷᠢᠭ ᠤᠨ ᠨᠡᠭᠦᠷᠡᠰᠦ ᠶᠢ ᠰᠤᠯᠠ ᠰᠢᠲᠠᠭᠠᠬᠤ ᠶᠢ ᠵᠠᠰᠠᠬᠤ ᠠᠵᠢᠯ ᠢ ᠶᠡᠷᠦᠩᠭᠡᠢ ᠳᠤᠨᠢ ᠠᠬᠢᠭᠤᠯᠤᠬᠰᠠᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠬᠠᠮᠲᠤ ᠲᠥᠷᠥᠯ ᠵᠦᠢᠯ ᠨᠢᠭᠡ ᠪᠦᠷᠢ ᠶᠢᠨ ᠠᠵᠢᠯ ᠡᠬᠢᠯᠡᠭᠰᠡᠨ ᠡᠳᠦᠷ ᠬᠤᠭᠤᠴᠠᠭ᠎ᠠ᠂ ᠠᠬᠢᠴᠡ᠂ ᠣᠷᠣᠰᠢᠵᠤ ᠪᠠᠶᠢᠭ᠎ᠠ ᠠᠰᠠᠭᠤᠳᠠᠯ ᠵᠡᠷᠭᠡ ᠶᠢ ᠨᠠᠷᠢᠨ ᠬᠠᠷᠭᠤᠭᠤᠯᠵᠤ᠂ ᠠᠰᠠᠭᠤᠳᠠᠯ ᠢ ᠰᠢᠢᠳᠪᠦᠷᠢᠯᠡᠬᠦ ᠠᠷᠭ᠎ᠠ ᠶᠢ ᠲᠤᠬᠠᠢ ᠶᠢᠨ ᠲᠠᠯᠠᠪᠠᠢ ᠳᠤ ᠰᠤᠳᠤᠯᠵᠤ᠂ ᠬᠠᠮᠢᠶ᠎ᠠ ᠪᠦᠬᠦᠢ ᠠᠵᠢᠯ ᠤᠨ ᠬᠠᠷᠢᠭᠤᠴᠠᠯᠭ᠎ᠠ ᠶᠢ ᠴᠢᠩᠭᠠᠷᠠᠭᠤᠯᠤᠨ ᠪᠣᠳᠠᠲᠠᠶᠢᠵᠢᠭᠤᠯᠪᠠ᠃      ᠵᠠᠩ ᠪᠠᠢ ᠴᠧᠩ᠄᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠤᠯᠬᠤ ᠪᠣᠯ ᠡᠷᠬᠡᠪᠰᠢ ᠪᠡᠶᠡᠯᠡᠭᠦᠯᠬᠦ ᠬᠡᠷᠡᠭᠲᠡᠢ ᠪᠦᠭᠡᠳ ᠤᠬᠤᠷᠢᠬᠤ ᠵᠠᠮ ᠥᠬᠡᠶ ᠤᠯᠤᠰ ᠲᠥᠷᠥ ᠶᠢᠨ ᠡᠭᠦᠷᠭᠡ ᠪᠣᠯᠤᠨ᠎ᠠ᠃ ᠨᠡᠭᠦᠷᠡᠰᠦ ᠶᠢ ᠰᠤᠯᠠ ᠰᠢᠲᠠᠭᠠᠬᠤ ᠶᠢ ᠵᠠᠰᠠᠬᠤ ᠠᠵᠢᠯ ᠢ ᠥᠷᠨᠢᠭᠦᠯᠬᠦ ᠪᠣᠯ ᠮᠠᠨ ᠤ ᠬᠤᠲᠠ ᠶᠢᠨ ᠲᠤᠯᠠᠭᠠᠯᠠᠭ᠎ᠠ ᠬᠠᠩᠭᠠᠬᠤ ᠤᠯᠠᠷᠢᠯ ᠳᠠᠬᠢ ᠠᠭᠠᠷ ᠮᠠᠨᠳᠠᠯ ᠤᠨ ᠪᠣᠬᠢᠷᠲᠤᠯ ᠤᠨ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠵᠦ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠡᠯ᠎ᠡ ᠭᠠᠵᠠᠷ ᠣᠷᠣᠨ ᠡᠯ᠎ᠡ ᠬᠤᠯᠪᠤᠬᠳᠠᠯ ᠪᠦᠬᠦᠢ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠬᠠᠷᠢᠭᠤᠴᠠᠯᠭ᠎ᠠ ᠪᠠᠨ ᠦᠨᠡᠨᠬᠦ ᠡᠭᠦᠷᠭᠡᠯᠡᠵᠦ᠂ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠨᠢᠭᠡᠳᠬᠡᠵᠦ᠂ ᠲᠠᠨᠢᠯᠲᠠ ᠪᠠᠨ ᠳᠡᠭᠡᠭᠰᠢᠯᠡᠭᠦᠯᠵᠦ᠂ ᠠᠵᠢᠯ ᠤᠨ ᠦᠯᠡᠳᠡᠵᠦ ᠪᠠᠶᠢᠬᠤ ᠬᠤᠭᠤᠴᠠᠭ᠎ᠠ ᠶᠢ ᠵᠢᠭᠰᠠᠭᠠᠵᠤ᠂ ᠴᠠᠭ ᠮᠥᠴᠡ ᠲᠠᠢ ᠤᠷᠤᠯᠳᠤᠨ᠂ ᠠᠵᠢᠯ ᠤᠨ ᠠᠬᠢᠴᠠ ᠪᠠᠨ ᠪᠦᠬᠦ ᠬᠦᠴᠦᠨ ᠢᠶᠠᠷ ᠢᠶᠠᠨ ᠲᠦᠷᠭᠡᠳᠬᠡᠵᠦ᠂ ᠡᠯ᠎ᠡ ᠵᠦᠢᠯ ᠤᠨ ᠪᠠᠷᠢᠯᠭ᠎ᠠ ᠶᠢᠨ ᠡᠭᠦᠷᠭᠡ ᠶᠢ ᠴᠠᠭ ᠬᠤᠭᠤᠴᠠᠭ᠎ᠠ ᠶᠣᠰᠣᠭᠠᠷ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ ᠭᠡᠵᠦ ᠵᠢᠭᠠᠵᠤ ᠭᠠᠷᠭᠠᠪᠠ᠃      ᠵᠠᠩ ᠪᠠᠢ ᠴᠧᠡᠭ᠄ ᠨᠡᠭᠦᠷᠡᠰᠦ ᠶᠢ ᠰᠤᠯᠠ ᠰᠢᠲᠠᠭᠠᠬᠤ ᠶᠢ ᠵᠠᠰᠠᠬᠤ ᠢᠨᠵᠧᠨᠧᠷᠢᠩ ᠤᠨ ᠴᠠᠭ ᠪᠠᠴᠢᠮ ᠡᠭᠦᠷᠭᠡ ᠬᠦᠨᠳᠦ ᠪᠠᠶᠢᠨ᠎ᠠ᠂ ᠡᠯ᠎ᠡ ᠭᠠᠵᠠᠷ ᠣᠷᠣᠨ ᠵᠢᠴᠢ ᠬᠤᠯᠪᠤᠬᠳᠠᠯ ᠪᠦᠬᠦᠢ ᠰᠠᠯᠠᠭ᠎ᠠ ᠮᠥᠴᠢᠷ ᠤᠨ ᠨᠠᠮ ᠵᠠᠰᠠᠭ ᠤᠨ ᠭᠤᠤᠯ ᠤᠳᠤᠷᠢᠳᠤᠯᠭ᠎ᠠ ᠥᠪᠡᠷ ᠤᠨ ᠪᠡᠶ᠎ᠡ ᠪᠠᠷ ᠢᠶᠠᠨ ᠲᠠᠭᠠᠭᠤᠯᠤᠨ ᠬᠢᠵᠤ᠂ ᠭᠠᠴᠠᠭ᠎ᠠ ᠲᠣᠰᠬᠤᠨ ᠢ ᠳᠠᠭᠠᠭᠠᠴᠢᠯᠠᠬᠤ ᠪᠠ ᠡᠷᠦᠬᠡ ᠶᠢ ᠳᠠᠭᠠᠭᠠᠴᠢᠯᠠᠬᠤ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠬᠠᠷᠢᠭᠤᠴᠠᠯᠭ᠎ᠠ ᠶᠢ ᠪᠤᠳᠠᠳᠠᠢ ᠬᠥᠮᠦᠨ ᠳᠤ ᠬᠦᠷᠲᠡᠯ᠎ᠡ ᠨᠠᠶᠢᠳᠠᠪᠤᠷᠢᠵᠢᠭᠤᠯᠵᠤ ᠪᠥᠬᠦ ᠬᠦᠴᠦᠨ ᠢᠶᠠᠷ ᠢᠶᠠᠨ ᠪᠣᠭᠤᠮᠲᠠ ᠰᠢᠪᠲᠤᠯᠬᠤ ᠬᠡᠷᠡᠭᠲᠡᠶ᠃ ᠡᠳᠦᠷ ᠪᠦᠷᠢ ᠲᠣᠬᠢᠷᠠᠭᠤᠯᠵᠤ ᠤᠴᠢᠷ ᠶᠠᠪᠤᠳᠠᠯ ᠢ ᠥᠨᠵᠢᠭᠡᠬᠦ ᠦᠭᠡᠢ  ᠪᠠᠶᠢᠬᠤ ᠬᠡᠷᠡᠭᠲᠡᠶ᠃ ᠠᠮᠤᠷ ᠲᠦᠪᠰᠢᠨ ᠪᠠ ᠶᠠᠰᠤ ᠴᠢᠨᠠᠷ ᠢ ᠦᠨᠡᠨᠬᠦ ᠪᠠᠲᠤᠯᠠᠭᠰᠠᠨ ᠤᠷᠢᠲᠠᠯ ᠳᠣᠣᠷ᠎ᠠ᠂ ᠪᠠᠷᠢᠯᠭ᠎ᠠ ᠶᠢᠨ ᠠᠬᠢᠴᠠ ᠪᠣᠯᠤᠨ ᠬᠤᠷᠳᠤᠴᠠ ᠶᠢ ᠤᠯᠠᠮ ᠲᠦᠷᠭᠡᠳᠬᠡᠵᠦ᠂ ᠪᠦᠷᠭᠡ ᠣᠷᠣᠨ ᠰᠠᠭᠤᠴᠠ ᠶᠢᠨ ᠲᠣᠭᠤᠷᠢᠭ ᠪᠣᠯᠤᠨ ᠬᠤᠲᠠ ᠲᠤᠳᠤᠷᠠᠭᠢ ᠲᠣᠰᠬᠤᠨ ᠤ ᠣᠯᠠᠨ ᠲᠦᠮᠡᠨ ᠤ ᠣᠷᠣᠨ ᠰᠠᠭᠤᠴᠠ ᠪᠣᠯᠤᠨ ᠠᠮᠢᠳᠤᠷᠠᠯ ᠤᠨ ᠨᠥᠬᠦᠴᠡᠯ ᠢ ᠲᠠᠰᠤᠷᠠᠯᠲᠠ ᠤᠢᠭᠡᠢ ᠰᠠᠶᠢᠵᠢᠷᠠᠭᠤᠯᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠬᠤ ᠳᠤ ᠰᠠᠶᠢᠨ ᠰᠠᠭᠤᠷᠢ ᠶᠢ ᠲᠠᠯᠪᠢᠵᠤ ᠥᠭᠬᠦ ᠬᠡᠷᠡᠭᠲᠡᠶ ᠭᠡᠵᠦ ᠴᠢᠬᠤᠯᠠᠴᠢᠯᠠᠪᠠ᠃ ︵ᠬᠥᠬᠡᠬᠤᠲᠠ ᠶᠢᠨ ᠡᠳᠦᠷ ᠤᠨ ᠰᠣᠨᠢᠨ ᠤ ᠲᠦᠷᠦᠭᠦᠴᠢ ᠰᠤᠷᠪᠤᠯᠵᠢᠯᠠᠭᠴᠢ ᠯᠢ ᠬᠠᠶ ᠵᠧᠨ︶
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号