ᠦᠨᠳᠦᠰᠦᠲᠡᠨ ᠤ ᠭᠠᠷ ᠤᠷᠠᠯᠠᠯ ᠪᠠ ᠰᠣᠶᠣᠯ ᠤᠨ ᠪᠦᠲᠦᠭᠡᠯᠴᠢ ᠵᠢᠭᠤᠯᠴᠢᠯᠠᠯ ᠤᠨ ᠰᠣᠳᠣᠨ ᠪᠦᠲᠦᠭᠡᠯ ᠢ ᠳᠡᠯᠭᠡᠨ ᠦᠵᠡᠭᠦᠯᠪᠡ
ᠨᠡᠶᠢᠲᠡᠯᠡᠭᠰᠡᠨ ᠴᠠᠭ᠄
2020-07-27
      ︽2020 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠭᠠᠷ ᠤᠷᠠᠯᠠᠯ ᠪᠠ ᠰᠣᠶᠣᠯ ᠤᠨ ᠪᠦᠲᠦᠭᠡᠯᠴᠢ ᠵᠢᠭᠤᠯᠴᠢᠯᠠᠯ ᠤᠨ ᠰᠣᠳᠣᠨ ᠪᠦᠲᠦᠭᠡᠯ ᠢ ᠳᠡᠯᠭᠡᠨ ᠦᠵᠡᠭᠦᠯᠬᠦ ᠠᠵᠢᠯᠯᠠᠭ᠎ᠠ︾ ᠲᠦᠷᠦᠭᠦᠬᠡᠨ ᠥᠪᠥᠷ ᠮᠣᠩᠭᠤᠯ ᠤᠨ ᠦᠵᠡᠰᠬᠦᠯᠡᠩ ᠤᠨ ᠣᠷᠳᠣᠨ ᠳᠤ ᠡᠬᠢᠯᠡᠵᠦ᠂ ᠪᠦᠬᠦ ᠣᠷᠣᠨ ᠤ 12 ᠠᠶᠢᠮᠠᠭ ᠬᠤᠲᠠ ᠪᠠ 2 ᠲᠤᠰᠠᠭᠠᠷ ᠲᠥᠯᠥᠪᠯᠡᠭᠡᠲᠦ ᠬᠤᠲᠠ ᠶᠢᠨ 5000 ᠭᠠᠷᠤᠢ ᠵᠦᠢᠯ ᠤᠨ ᠲᠠᠸᠠᠷ ᠢ ᠰᠢᠯᠢᠨ ᠰᠣᠩᠭᠤᠵᠤ ᠲᠥᠪᠯᠡᠷᠡᠭᠦᠯᠦᠨ ᠳᠡᠯᠭᠡᠨ ᠦᠵᠡᠭᠦᠯᠪᠡ᠃ ᠲᠤᠰ ᠤᠳᠠᠭᠠᠨ ᠤ ᠠᠵᠢᠯᠯᠠᠭ᠎ᠠ ᠶᠢ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠠᠴᠠ ᠭᠤᠣᠯᠯᠠᠨ ᠡᠷᠬᠢᠯᠡᠵᠦ᠂ ︽ᠰᠣᠶᠣᠯ ᠵᠢᠭᠤᠯᠴᠢᠯᠠᠯ ᠤᠨ ᠠᠭᠤᠰᠤᠯᠴᠠᠯ ᠢ ᠠᠬᠢᠭᠤᠯᠵᠤ᠂ ᠰᠠᠶᠢᠨ ᠰᠠᠶᠢᠬᠠᠨ ᠠᠮᠢᠳᠤᠷᠠᠯ ᠢ ᠴᠣᠭᠴᠠᠯᠠᠬᠤ︾ ᠪᠠᠷ ᠰᠡᠳᠦᠪᠯᠡᠨ᠂ ᠪᠦᠬᠦ ᠣᠷᠣᠨ ᠤ ᠦᠨᠳᠦᠰᠦᠲᠡᠨ ᠤ ᠭᠠᠷ ᠤᠷᠠᠯᠠᠯ ᠤᠨ ᠪᠦᠲᠦᠭᠡᠭᠳᠡᠬᠦᠨ᠂ ᠰᠣᠶᠣᠯ ᠤᠨ ᠪᠦᠲᠦᠭᠡᠯᠴᠢ ᠵᠢᠭᠤᠯᠴᠢᠯᠠᠯ ᠤᠨ ᠲᠠᠸᠠᠷ ᠲᠤ ᠰᠢᠨ᠎ᠡ ᠶᠢ ᠡᠭᠦᠳᠬᠦ ᠶᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠰᠣᠶᠣᠯ ᠢ ᠤᠯᠠᠮᠵᠢᠯᠠᠨ ᠪᠠᠳᠠᠷᠠᠭᠤᠯᠵᠤ᠂ ᠰᠣᠶᠣᠯ ᠪᠠ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠨᠢᠭᠡ ᠪᠦᠯᠦᠭ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠱᠠᠭᠠᠷᠳᠠᠯᠭ᠎ᠠ ᠶᠢ ᠬᠠᠩᠭᠠᠭᠰᠠᠨ ᠦᠨᠳᠦᠰᠦᠲᠡᠨ ᠤ ᠭᠠᠷ ᠤᠷᠠᠯᠠᠯ ᠪᠠ ᠰᠣᠶᠣᠯ ᠤᠨ ᠪᠦᠲᠦᠭᠡᠯᠴᠢ ᠵᠢᠭᠤᠯᠴᠢᠯᠠᠯ ᠤᠨ ᠰᠣᠳᠣᠨ ᠪᠦᠲᠦᠭᠡᠯ ᠢ ᠡᠭᠦᠳᠴᠦ᠂ ᠦᠨᠳᠦᠰᠦᠲᠡᠨ ᠤ ᠰᠣᠶᠣᠯ ᠪᠠ ᠵᠢᠭᠤᠯᠴᠢᠯᠠᠯ ᠤᠨ ᠲᠥᠷᠥᠯ ᠲᠡᠮᠳᠡᠭᠲᠦ ᠶᠢ ᠪᠣᠶᠢᠵᠢᠭᠤᠯᠤᠨ᠂ ᠰᠣᠶᠣᠯ ᠪᠠ ᠵᠢᠭᠤᠯᠴᠢᠯᠠᠯ ᠤᠨ ᠥᠪᠡᠷ ᠤᠨ ᠣᠨᠴᠠᠯᠢᠭᠲᠤ ᠲᠠᠲᠠᠬᠤ ᠬᠦᠴᠦᠨ ᠪᠠ ᠭᠤᠣᠯᠯᠠᠬᠤ ᠥᠷᠢᠰᠦᠯᠳᠦᠬᠦ ᠬᠦᠴᠦᠨ ᠢ ᠦᠨᠡᠨᠬᠦ ᠳᠡᠭᠡᠭᠰᠢᠯᠡᠭᠦᠯᠬᠦ ᠶᠢ ᠵᠣᠷᠢᠵᠠᠢ ᠃ ᠵᠢᠷᠤᠭ ᠪᠣᠯ ︽ᠭᠤᠷᠪᠠᠨ ᠴᠥᠭᠡᠨ ᠲᠤᠭᠠᠳᠤ ᠦᠨᠳᠦᠰᠦᠲᠡᠨ︾ ᠤ ᠵᠠᠰᠠᠯ ᠤᠨ ᠦᠵᠡᠭᠦᠯᠭᠡ᠃ ᠰᠤᠷᠪᠤᠯᠵᠢᠯᠠᠭᠴᠢ ᠸᠠᠩ ᠵᠦᠩ ᠵᠸᠦ ᠰᠡᠭᠦᠳᠡᠷᠯᠡᠪᠡ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号