ᠵᠠᠩ ᠪᠠᠢ ᠴᠧᠩ ᠬᠥᠬᠡᠬᠤᠲᠠ ᠶᠢᠨ ᠰᠡᠷᠭᠡᠶᠢᠯᠡᠯᠲᠡ ᠶᠢᠨ ᠲᠣᠭᠤᠷᠢᠭ ᠤᠨ ᠳᠠᠷᠤᠭ᠎ᠠ ᠪᠠᠶᠢᠯᠳᠤᠭᠴᠢᠳ ᠪᠠ ᠴᠡᠷᠢᠭ ᠠᠴᠠ ᠬᠠᠯᠠᠭᠳᠠᠭᠰᠠᠨ ᠠᠬᠠᠮᠠᠳ ᠴᠡᠷᠢᠭ ᠢ ᠲᠣᠬᠤᠨᠢᠭᠤᠯᠪᠠ
ᠨᠡᠶᠢᠲᠡᠯᠡᠭᠰᠡᠨ ᠴᠠᠭ᠄
2020-07-28
     ᠬᠦᠬᠡᠬᠤᠲᠠ ᠶᠢᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠯᠢ ᠬᠠᠢ ᠵᠧᠨ︶ ︽ᠨᠠᠢᠮᠠᠨ ᠰᠠᠷ᠎ᠠ ᠶᠢᠨ ᠨᠢᠭᠡᠨ︾ ᠤ ᠴᠡᠷᠢᠭ ᠪᠠᠶᠢᠭᠤᠯᠤᠭᠳᠠᠭᠰᠠᠨ ᠪᠠᠶᠠᠷ ᠬᠦᠷᠴᠦ ᠢᠷᠡᠬᠦ ᠲᠠᠰᠢᠷᠠᠮ ᠳᠤ᠂ 7 ᠳ᠋ᠤᠭᠠᠷ ᠰᠠᠷ᠎ᠠ ᠶᠢᠨ 27 ᠤ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ ᠵᠠᠩ ᠪᠠᠶ ᠴᠧᠩ ᠬᠥᠬᠡᠬᠤᠲᠠ ᠶᠢᠨ ᠰᠡᠷᠭᠡᠶᠢᠯᠡᠯᠲᠡ ᠶᠢᠨ ᠲᠣᠭᠤᠷᠢᠭ ᠪᠣᠯᠤᠨ ᠴᠡᠷᠢᠭ ᠠᠴᠠ ᠬᠠᠯᠠᠭᠳᠠᠭᠰᠠᠨ ᠬᠡᠰᠡᠭ ᠠᠬᠠᠮᠠᠳ ᠴᠡᠷᠢᠭ ᠤᠨ ᠭᠡᠷ ᠲᠤ ᠬᠦᠷᠴᠦ ᠥᠷᠭᠡᠨ ᠣᠯᠠᠨ ᠳᠠᠷᠤᠭ᠎ᠠ ᠪᠠᠶᠢᠯᠳᠤᠭᠴᠢ ᠪᠣᠯᠤᠨ ᠴᠡᠷᠢᠭ ᠠᠴᠠ ᠬᠠᠯᠠᠭᠳᠠᠭᠰᠠᠳ ᠢ ᠪᠣᠯᠭᠤᠭᠠᠨ ᠲᠤᠬᠤᠨᠢᠭᠤᠯᠵᠤ᠂ ᠣᠯᠠᠨ ᠳᠤ ᠪᠠᠶᠠᠷ ᠤᠨ ᠡᠳᠦᠷ ᠤᠨ ᠵᠥᠩᠨᠡᠯ ᠪᠠ ᠴᠢᠩ ᠰᠡᠳᠬᠢᠯ ᠤᠨ ᠮᠡᠨᠳᠦᠴᠢᠯᠡᠯ ᠢᠶᠠᠨ ᠲᠡᠪᠰᠢᠭᠦᠯᠵᠡᠢ᠃      ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠥᠬᠡᠬᠤᠲᠠ ᠶᠢᠨ ᠰᠡᠷᠭᠡᠶᠢᠯᠡᠯᠲᠡ ᠶᠢᠨ ᠲᠣᠭᠤᠷᠢᠭ ᠤᠨ ᠤᠯᠤᠰ ᠲᠥᠷᠥ ᠶᠢᠨ ᠬᠡᠰᠢᠭᠦᠨ ᠰᠦᠨ ᠪᠢᠩ ᠸᠧᠨ᠂ ᠬᠥᠬᠡᠬᠤᠲᠠ ᠶᠢᠨ ᠰᠡᠷᠭᠡᠶᠢᠯᠡᠯᠲᠡ ᠶᠢᠨ ᠲᠣᠭᠤᠷᠢᠭ ᠤᠨ ᠺᠤᠮᠠᠨᠳᠠᠯᠠᠭᠴᠢ ᠰᠧ ᠰᠢᠶᠤᠤ ᠶᠠᠩ ᠲᠣᠬᠤᠨᠢᠭᠤᠯᠬᠤ ᠳᠤ ᠣᠷᠣᠯᠴᠠᠪᠠ᠃      ᠬᠦᠬᠡᠬᠤᠲᠠ ᠶᠢᠨ ᠰᠡᠷᠭᠡᠶᠢᠯᠡᠯᠲᠡ ᠶᠢᠨ ᠲᠣᠭᠤᠷᠢᠭ ᠲᠤ᠂ ᠵᠠᠩ ᠪᠠᠢ ᠴᠧᠩ ᠳᠠᠷᠤᠭ᠎ᠠ ᠪᠠᠶᠢᠯᠳᠤᠭᠴᠢᠳ ᠲᠠᠢ ᠨᠢᠭᠡᠳ ᠨᠢᠭᠡ ᠪᠠᠷ ᠭᠠᠷ ᠠᠳᠬᠤᠨ ᠮᠡᠨᠳᠦᠴᠢᠯᠡᠯ ᠬᠦᠷᠭᠡᠵᠦ᠂ ᠰᠠᠶ᠋ᠢᠬᠠᠨ ᠪᠠᠶᠢᠭᠤᠯᠤᠭᠰᠠᠨ ᠳᠠᠶᠢᠨ ᠤ ᠪᠡᠯᠡᠳᠬᠡᠯ ᠤᠨ ᠪᠠᠴᠢᠮ ᠪᠠᠶᠢᠳᠠᠯ ᠢ ᠠᠷᠭᠠᠴᠠᠭᠠᠬᠤ ᠬᠥᠮᠥᠷᠭᠡ ᠶᠢ ᠪᠠᠶᠢᠴᠠᠭᠠᠨ ᠦᠵᠡᠵᠦ᠂ ᠡᠳ᠋ ᠪᠣᠳᠠᠰ ᠤᠨ ᠨᠥᠭᠡᠴᠡ᠂ ᠳᠠᠷᠤᠭ᠎ᠠ ᠪᠠᠶᠢᠯᠳᠤᠭᠴᠢ ᠶᠢᠨ ᠪᠣᠯᠪᠠᠰᠤᠷᠠᠯ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠵᠠᠩ ᠪᠠᠢ ᠴᠧᠩ ᠬᠡᠯᠡᠬᠦ ᠳᠡᠭᠡᠨ᠂ ᠬᠥᠬᠡᠬᠤᠲᠠ ᠶᠢᠨ ᠰᠡᠷᠭᠡᠶᠢᠯᠡᠯᠲᠡ ᠶᠢᠨ ᠲᠣᠭᠤᠷᠢᠭ ᠶᠡᠷᠦᠨᠢ ᠡᠭᠦᠷᠭᠡ ᠬᠠᠷᠢᠭᠤᠴᠠᠯᠭ᠎ᠠ ᠪᠠᠨ ᠢᠳᠡᠪᠬᠢᠲᠡᠶ ᠬᠦᠢᠴᠡᠳᠭᠡᠨ᠂ ᠣᠷᠣᠨ ᠨᠤᠲᠤᠭ ᠲᠤ ᠦᠢᠯᠡᠴᠢᠯᠡᠨ᠂ ᠪᠦᠬᠦ ᠬᠤᠲᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠵᠢᠴᠢ ᠠᠶᠤᠯ ᠭᠠᠮᠰᠢᠭ ᠠᠴᠠ ᠠᠪᠤᠷᠠᠬᠤ ᠵᠡᠷᠭᠡ ᠲᠠᠯ᠎ᠠ ᠳᠤ ᠴᠢᠬᠤᠯᠠ  ᠦᠢᠯᠡᠳᠦᠯ ᠦᠵᠡᠭᠦᠯᠵᠡᠶ᠂ ᠢᠯᠠᠩᠭᠤᠶ᠎ᠠ ᠡᠨᠡ ᠵᠢᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤᠮᠳᠠ ᠲᠣᠪᠤᠶᠢᠮ᠎ᠠ ᠬᠤᠪᠢ ᠨᠡᠮᠡᠷᠢ ᠦᠵᠡᠬᠦᠯᠪᠡ᠂ ᠥᠷᠭᠡᠨ ᠣᠯᠠᠨ ᠳᠠᠷᠤᠭ᠎ᠠ ᠪᠠᠶᠢᠯᠳᠤᠭᠴᠢ ᠶᠢᠨ ᠲᠥᠪ ᠬᠤᠲᠠ ᠶᠢᠨ ᠠᠵᠢᠯ ᠢ ᠪᠦᠬᠦ ᠬᠦᠴᠦᠨ ᠢᠶᠠᠷ ᠢᠶᠠᠨ ᠲᠡᠮᠵᠢᠵᠦ ᠪᠠᠶᠢᠭ᠎ᠠ ᠳᠤ ᠮᠠᠰᠢ ᠲᠠᠯᠠᠷᠬᠠᠵᠤ ᠪᠠᠶᠢᠨ᠎ᠠ᠃ ᠬᠥᠬᠡᠬᠤᠲᠠ ᠶᠢᠨ ᠰᠡᠷᠭᠡᠶᠢᠯᠡᠯᠲᠡ ᠶᠢᠨ ᠲᠣᠭᠤᠷᠢᠭ ᠤᠨ ᠬᠢᠨ ᠰᠢᠯᠢᠳᠡᠭ ᠤᠯᠠᠮᠵᠢᠯᠠᠯ ᠢᠶᠠᠨ ᠦᠷᠭᠦᠯᠵᠢᠯᠡᠨ ᠪᠠᠳᠠᠷᠠᠭᠤᠯᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠡᠯᠡᠳᠬᠡᠯ ᠬᠦᠴᠦᠨ ᠤ ᠪᠠᠶᠢᠭᠤᠯᠤᠯᠲᠠ ᠶᠢ ᠠᠬᠢᠭᠤᠯᠬᠤ ᠪᠠ ᠲᠥᠪ ᠬᠤᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠳᠤᠮᠳᠠ ᠳᠠᠬᠢᠨᠲᠠ ᠰᠢᠯᠢᠳᠡᠭ ᠠᠮᠵᠢᠯᠲᠠ ᠤᠯᠬᠤ ᠶᠢ ᠬᠦᠰᠡᠵᠦ ᠪᠠᠶᠢᠨ᠎ᠠ ᠭᠡᠵᠡᠢ᠃      ᠳᠠᠷᠠᠭ᠎ᠠ ᠨᠢ᠂ ᠵᠠᠩ ᠪᠠᠢ ᠴᠧᠩ ᠶᠠᠫᠣᠨ ᠢ ᠡᠰᠡᠷᠭᠦᠴᠡᠬᠦ ᠲᠠᠶᠢᠨ ᠤ ᠦᠶ᠎ᠡ ᠶᠢᠨ ᠵᠡᠮᠳᠡᠭ ᠴᠡᠷᠢᠭ ᠵᠤᠤ ᠳ᠋ᠢᠩ ᠶᠢᠦ᠂ ᠵᠡᠮᠳᠡᠭ ᠴᠡᠷᠢᠭ ᠳ᠋ᠦ᠋ ᠶᠢᠩ ᠷᠦᠢ᠂ ᠠᠮᠧᠷᠢᠺᠠ ᠶᠢ ᠡᠰᠡᠷᠭᠦᠴᠡᠨ ᠰᠣᠯᠣᠩᠭᠤᠰ ᠢ ᠲᠤᠰᠠᠯᠠᠭᠰᠠᠨ ᠠᠬᠠᠮᠠᠳ ᠪᠠᠶᠢᠯᠳᠤᠭᠴᠢ ᠼᠦᠢ ᠮᠤᠤ ᠬᠤᠸᠠ ᠶᠢ ᠪᠣᠯᠭᠤᠭᠠᠨ ᠲᠣᠬᠤᠨᠢᠭᠤᠯᠵᠤ᠂ ᠴᠡᠷᠢᠭ ᠠᠴᠠ ᠬᠠᠯᠠᠭᠳᠠᠭᠰᠠᠨ ᠠᠬᠠᠮᠠᠳ ᠴᠡᠷᠢᠭ ᠲᠤ ᠲᠤᠬᠤᠨᠢᠭᠤᠯᠭ᠎ᠠ ᠶᠢᠨ ᠮᠥᠩᠭᠦ  ᠭᠠᠷᠳᠠᠭᠤᠯᠵᠤ᠂ ᠲᠡᠳᠡᠨ ᠤ ᠠᠮᠢᠳᠤᠷᠠᠯ ᠤᠨ ᠪᠠᠶᠢᠳᠠᠯ ᠪᠠ ᠪᠡᠶ᠎ᠡ ᠲᠡᠩᠭᠡᠭᠡ ᠶᠢ ᠬᠠᠯᠠᠮᠵᠢᠯᠠᠨ ᠠᠰᠠᠭᠤᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠵᠡᠭᠡᠯᠢ ᠭᠤᠳᠤᠮᠵᠢ ᠶᠢᠨ ᠨᠡᠶᠢᠭᠡᠮ ᠲᠣᠭᠤᠷᠢᠭ ᠲᠤ ᠵᠡᠮᠳᠡᠭ ᠴᠡᠷᠢᠭ ᠪᠣᠯᠤᠨ ᠴᠡᠷᠢᠭ ᠠᠴᠠ ᠬᠠᠯᠠᠭᠳᠠᠭᠰᠠᠨ ᠠᠬᠠᠮᠠᠳ ᠴᠡᠷᠢᠭ ᠢ ᠵᠠᠪᠠᠯ ᠰᠠᠶᠢᠲᠤᠷ ᠬᠠᠷᠠᠭᠠᠯᠵᠠᠵᠤ᠂ ᠲᠡᠳᠡᠨ ᠢ ᠬᠠᠪᠰᠤᠷᠤᠨ ᠠᠮᠢᠳᠤᠷᠠᠯ ᠳᠤᠮᠳᠠ ᠨᠢ ᠣᠷᠣᠰᠢᠵᠤ ᠪᠠᠶᠢᠭ᠎ᠠ ᠬᠦᠴᠢᠷᠳᠡᠯ ᠢ ᠨᠢ ᠰᠢᠢᠳᠪᠦᠷᠢᠯᠡᠵᠦ᠂ ᠲᠡᠳᠡᠨ ᠢ ᠪᠠᠶᠠᠷ ᠬᠥᠷ ᠲᠠᠢ ᠠᠮᠢᠳᠤᠷᠠᠭᠤᠯᠵᠤ᠂ ᠪᠠᠶᠠᠷ ᠬᠥᠷ ᠲᠠᠢ ᠥᠲᠡᠯᠦᠭᠡ ᠨᠠᠰᠤ ᠶᠢ ᠨᠢ ᠦᠩᠭᠡᠷᠡᠭᠦᠯᠬᠦ ᠭᠡᠷᠡᠭᠳᠡᠢ ᠭᠡᠵᠦ ᠵᠠᠬᠢᠪᠠ᠃      ᠬᠤᠲᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠵᠠᠩ ᠵᠥᠩ ᠳ᠋ᠦᠩ ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠲᠣᠬᠤᠨᠢᠭᠤᠯᠬᠤ ᠳᠤ ᠣᠷᠣᠯᠴᠠᠪᠠ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号