ᠸᠠᠩ ᠯᠢ ᠰᠢᠶᠠ ᠬᠤᠲᠠ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠢ ᠪᠠᠶᠢᠴᠠᠭᠠᠨ ᠰᠣᠳᠤᠯᠬᠤ ᠳᠠᠭᠠᠨ ᠴᠢᠬᠤᠯᠠᠴᠢᠯᠠᠭᠰᠠᠨ ᠨᠢ ᠣᠯᠠᠨ ᠲᠦᠮᠡᠨ ᠤ ᠠᠮᠢᠳᠤᠷᠠᠯ ᠦᠢᠯᠡᠳᠪᠦᠷᠢᠯᠡᠯ  ᠲᠠᠢ ᠨᠢᠭᠲᠠ ᠬᠤᠯᠪᠣᠭ᠎ᠠ ᠲᠠᠢ ᠠᠰᠠᠭᠤᠳᠠᠯ ᠢ  ᠦᠨᠡᠨ ᠰᠡᠳᠬᠢᠯ ᠠᠴᠠ ᠪᠠᠨ ᠰᠠᠶᠢᠳᠤᠷ ᠰᠢᠢᠳᠪᠦᠷᠢᠯᠡᠬᠦ ᠬᠡᠷᠡᠭᠲᠡᠶ ᠾᠧ ᠬᠠᠢ ᠳ᠋ᠦᠩ ᠣᠷᠣᠯᠴᠠᠵᠠᠢ
ᠨᠡᠶᠢᠲᠡᠯᠡᠭᠰᠡᠨ ᠴᠠᠭ᠄
2020-07-28
     ᠬᠦᠬᠡᠬᠤᠲᠠ ᠶᠢᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠹᠧᠩ ᠶᠠᠨ ᠫᠢᠩ︶7 ᠳ᠋ᠤᠭᠠᠷ ᠰᠠᠷ᠎ᠠ ᠶᠢᠨ 27 ᠤ ᠡᠳᠦᠷ ᠤᠨ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠯᠢ ᠰᠢᠶᠠ ᠮᠠᠨ ᠤ ᠬᠤᠲᠠ ᠶᠢᠨ ᠬᠤᠲᠠ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠢ ᠪᠠᠶᠢᠴᠠᠭᠠᠨ ᠰᠤᠳᠤᠯᠬᠤ ᠳᠠᠭᠠᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠱᠢ ᠲᠠᠢ ᠹᠧᠩ ᠤᠨ ᠮᠠᠨ ᠤ ᠬᠤᠲᠠ ᠳᠤ ᠪᠠᠶᠢᠴᠠᠭᠠᠨ ᠰᠤᠳᠤᠯᠤᠯᠲᠠ ᠬᠢᠬᠦ ᠦᠶ᠎ᠡ ᠶᠢᠨ ᠠᠵᠢᠯ ᠤᠨ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠠᠷᠠᠳ ᠲᠦᠮᠡᠨ ᠤ ᠬᠤᠲᠠ ᠨᠢ ᠠᠷᠠᠳ ᠲᠦᠮᠡᠨ ᠤ ᠲᠥᠯᠥᠭᠡ ᠪᠠᠶᠢᠬᠤ ᠶᠢ ᠪᠠᠷᠢᠮᠲᠠᠯᠠᠵᠤ᠂ ᠣᠯᠠᠨ ᠲᠦᠮᠡᠨ ᠤ ᠠᠮᠢᠳᠤᠷᠠᠯ ᠦᠢᠯᠡᠳᠪᠦᠷᠢᠯᠡᠯ ᠲᠠᠢ ᠨᠢᠭᠲᠠ ᠬᠤᠯᠪᠣᠭ᠎ᠠ ᠲᠠᠢ ᠠᠰᠠᠭᠤᠳᠠᠯ ᠢ ᠦᠨᠡᠨ ᠰᠡᠳᠬᠢᠯ ᠠᠴᠠ ᠪᠠᠨ ᠰᠠᠶᠢᠲᠤᠷ ᠰᠢᠢᠳᠪᠦᠷᠢᠯᠡᠵᠦ᠂ ᠣᠯᠠᠨ ᠲᠦᠮᠡᠨ ᠤ ᠵᠣᠯ ᠵᠢᠷᠭᠠᠯᠳᠤ ᠲᠥᠷᠥᠭᠳᠡᠯ ᠢ ᠲᠠᠰᠤᠷᠠᠯᠲᠠ ᠥᠬᠡᠶ ᠨᠡᠮᠡᠭᠳᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃      ᠢᠦᠶ ᠴᠢᠤᠸᠠᠨ ᠲᠣᠭᠤᠷᠢᠭ ᠤᠨ ᠰᠢᠰᠢ ᠶᠢᠨ ᠪᠠᠶᠢᠰᠢᠩ ᠤᠨ ᠪᠣᠬᠢᠷ ᠤᠰᠤ ᠰᠢᠢᠳᠪᠦᠷᠢᠯᠡᠬᠦ  ᠦᠢᠯᠡᠳᠪᠦᠷᠢ ᠳᠤ ᠂ ᠸᠠᠩ ᠯᠢ ᠰᠢᠶᠠ ᠠᠮᠢᠳᠤᠷᠠᠯ ᠤᠨ ᠪᠣᠬᠢᠷ ᠤᠰᠤ ᠶᠢ ᠰᠢᠢᠳᠪᠦᠷᠢᠯᠡᠬᠦ ᠪᠥᠲᠥᠭᠡᠨ ᠪᠠᠶᠢᠭᠤᠯᠤᠯᠲᠠ᠂ ᠠᠵᠢᠯᠯᠠᠭᠠᠨ ᠪᠠ ᠪᠣᠬᠢᠷᠲᠤᠯ ᠢ ᠰᠡᠷᠭᠡᠶᠢᠯᠡᠨ ᠡᠵᠡᠮᠳᠡᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠪᠠ᠃ ᠳᠠᠷᠠᠭ᠎ᠠ ᠨᠢ᠂ ᠶᠢᠨ ᠾᠧ ᠤᠰᠤᠨ ᠤ ᠦᠢᠯᠡᠳᠪᠦᠷᠢ ᠳᠤ ᠬᠦᠷᠴᠦ᠂ ᠠᠵᠢᠯᠯᠠᠭᠠᠨ ᠪᠠ ᠬᠠᠮᠢᠶᠠᠷᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠵᠤ ᠪᠠᠶᠢᠴᠠᠭᠠᠪᠠ᠃ ᠸᠠᠩ ᠯᠢ ᠰᠢᠶᠠ ᠴᠢᠬᠤᠯᠠᠴᠢᠯᠠᠭᠰᠠᠨ ᠨᠢ᠂ ᠤᠰᠤ ᠪᠣᠯ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ᠂ ᠠᠷᠠᠳ ᠣᠯᠠᠨ ᠤ ᠣᠷᠣᠰᠢᠨ ᠲᠣᠭᠲᠠᠨᠢᠬᠤ ᠶᠢᠨ ᠦᠨᠳᠦᠰᠦᠨ ᠠᠮᠢᠨ ᠰᠤᠳᠠᠰᠤ ᠮᠥᠨ᠂ ᠬᠢᠨᠠᠯᠲᠠ ᠬᠠᠮᠢᠶᠠᠷᠤᠯᠲᠠ ᠶᠢᠨ ᠵᠠᠭᠪᠤᠷ ᠲᠤ ᠰᠢᠨ᠎ᠡ ᠶᠢ ᠡᠭᠦᠳᠴᠦ᠂ ᠤᠶᠤᠨᠳᠤ ᠤᠰᠤᠨ ᠤ ᠶᠠᠪᠤᠳᠠᠯ ᠤᠨ ᠪᠦᠲᠦᠭᠡᠨ ᠪᠠᠶᠢᠭᠤᠯᠤᠯᠲᠠ ᠶᠢ ᠶᠡᠬᠡᠪᠡᠷ ᠠᠬᠢᠭᠤᠯᠵᠤ᠂ ᠨᠠᠩ ᠰᠢᠨᠵᠢᠯᠡᠬᠦ ᠤᠬᠠᠭᠠᠨᠴᠢ ᠪᠥᠭᠡᠳ ᠨᠠᠷᠢᠯᠢᠭ ᠣᠨᠣᠪᠴᠢᠲᠠᠶ ᠠᠷᠭ᠎ᠠ ᠮᠠᠶ᠋ᠢᠭ ᠢᠶᠠᠷ ᠤᠰᠤᠨ ᠤ ᠶᠠᠪᠤᠳᠠᠯ ᠤᠨ ᠡᠵᠡᠩᠨᠡᠯᠲᠡ ᠶᠢᠨ ᠰᠢᠰᠲ᠋ᠧᠮ ᠢ ᠬᠠᠮᠢᠶᠠᠷᠴᠤ᠂ ᠲᠡᠭᠦᠨ ᠢ ᠨᠠᠩ ᠲᠣᠭᠠᠴᠢᠯᠠᠭᠰᠠᠨ᠂ ᠣᠶᠤᠨᠴᠢᠯᠠᠭᠰᠠᠨ᠂ ᠵᠢᠷᠤᠮᠵᠢᠭᠰᠠᠨ ᠪᠤᠯᠭᠠᠬᠤ ᠬᠡᠷᠡᠭᠲᠡᠶ ᠭᠡᠵᠡᠢ᠃      ᠰᠠᠶᠢᠬᠠᠨ ᠲᠣᠭᠤᠷᠢᠭ ᠤᠨ ᠪᠦᠦ ᠴᠢᠤᠸᠠᠨ ᠵᠤᠸᠠᠩ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠲᠤ᠂ ᠸᠠᠩ ᠯᠢ ᠰᠢᠶᠠ ᠵᠠᠬ᠎ᠠ ᠳᠡᠯᠭᠡᠭᠦᠷ ᠤᠨ ᠡᠷᠡᠭᠦᠯ ᠬᠠᠮᠠᠭᠠᠯᠠᠯ ᠤᠨ ᠣᠷᠴᠢᠨ ᠲᠣᠭᠤᠷᠢᠨ ᠤ ᠪᠠᠶᠢᠳᠠᠯ ᠢ ᠨᠠᠷᠢᠨ ᠪᠠᠶᠢᠴᠠᠭᠠᠨ ᠦᠵᠡᠵᠦ᠂ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ ᠠᠵᠢᠯᠲᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠪᠠᠶᠢᠭ᠎ᠠ ᠪᠠᠶᠢᠳᠠᠯ ᠢ ᠨᠠᠷᠢᠨ ᠠᠰᠠᠭᠤᠭᠰᠠᠨ ᠤ ᠬᠠᠮᠳᠤ ᠪᠠᠰᠠ ᠬᠤᠳᠠᠯᠳᠤᠭᠠᠴᠢᠨ ᠡᠷᠦᠬᠡ ᠲᠠᠢ ᠳᠣᠲᠣᠨᠣ ᠪᠠᠷ ᠶᠠᠷᠢᠯᠴᠠᠵᠤ᠂ ᠣᠯᠠᠨ ᠳᠤ ᠡᠷᠡᠭᠦᠯ ᠬᠠᠮᠠᠭᠠᠯᠠᠯ ᠪᠣᠯᠤᠨ ᠬᠢᠵᠢᠭ ᠢ ᠰᠡᠷᠭᠡᠶᠢᠯᠡᠬᠦ ᠦᠵᠡᠯ ᠤᠬᠠᠮᠰᠠᠷ ᠢᠶᠠᠨ ᠤᠯᠠᠮ ᠨᠢᠭᠡ ᠠᠯᠬᠤᠮ ᠳᠡᠭᠡᠭᠰᠢᠯᠡᠬᠦᠯᠵᠦ᠂ ᠠᠮᠤᠷ ᠲᠦᠪᠰᠢᠨ ᠪᠥᠭᠡᠳ ᠰᠠᠨᠠᠭ᠎ᠠ ᠠᠮᠤᠷ ᠬᠡᠷᠡᠭᠯᠡᠭᠡᠨ ᠤ ᠣᠷᠴᠢᠨ ᠲᠣᠭᠤᠷᠢᠨ ᠢ ᠪᠣᠶ ᠪᠣᠯᠭᠠᠬᠤ ᠬᠡᠷᠡᠭᠲᠡᠶ ᠭᠡᠵᠦ ᠵᠠᠬᠢᠪᠠ᠃ ᠸᠠᠩ ᠯᠢ ᠰᠢᠶᠠ ᠴᠢᠬᠤᠯᠠᠴᠢᠯᠠᠭᠰᠠᠨ ᠨᠢ᠂ ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ ᠢᠶᠠᠷ ᠬᠦᠮᠦᠨ ᠬᠠᠷ᠎ᠠ ᠤᠷᠤᠵᠤ ᠭᠠᠷᠬᠤ ᠨᠢ ᠠᠷᠪᠢᠨ᠂ ᠪᠠᠷᠠᠭ᠎ᠠ ᠣᠷᠣᠭᠤᠯᠬᠤ ᠠᠷᠭ᠎ᠠ ᠵᠠᠮ ᠥᠷᠭᠡᠨ᠂ ᠬᠤᠯᠪᠤᠭᠳᠠᠯ ᠪᠦᠬᠦᠢ ᠰᠠᠯᠠᠭ᠎ᠠ ᠮᠥᠴᠢᠷ ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ ᠢ ᠢᠮᠠᠭᠳᠠ ᠭᠤᠤᠯᠳᠠᠯᠭ᠎ᠠ ᠲᠠᠢ ᠰᠡᠷᠭᠡᠶᠢᠯᠡᠨ ᠡᠵᠡᠮᠳᠡᠬᠦ ᠬᠦᠷᠢᠶ᠎ᠡ ᠪᠣᠯᠭᠠᠨ᠂ ᠭᠤᠷᠢᠳᠠᠬᠤ ᠮᠢᠨᠴᠦᠭᠦᠷᠡᠬᠦ ᠦᠵᠡᠯ ᠰᠠᠨᠠᠭ᠎ᠠ ᠶᠢ ᠡᠷᠡᠰ ᠬᠤᠷᠢᠭᠯᠠᠵᠤ᠂ ᠬᠡᠪᠰᠢᠭᠰᠡᠨ ᠪᠠᠶᠢᠳᠠᠯ ᠲᠤᠤᠷᠠᠬᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ ᠨᠠᠷᠢᠨ ᠨᠠᠶᠢᠳᠠᠪᠤᠷᠢᠵᠢᠭᠤᠯᠵᠤ᠂ ᠳᠠᠯᠠᠶ ᠶᠢᠨ ᠢᠳᠡᠭᠡᠨ ᠵᠡᠷᠭᠡ ᠲᠠᠷᠢᠶᠠᠯᠠᠩ ᠤᠨ ᠪᠦᠲᠦᠭᠡᠭᠳᠡᠬᠦᠨ ᠢ ᠰᠢᠯᠭᠠᠨ ᠪᠠᠶᠢᠴᠠᠭᠠᠵᠤ ᠬᠢᠵᠢᠭ ᠢ ᠪᠠᠶᠢᠴᠠᠭᠠᠬᠤ ᠪᠠᠨ ᠴᠢᠩᠭᠠᠳᠬᠠᠵᠤ᠂ ᠪᠠᠷᠠᠭ᠎ᠠ ᠣᠷᠣᠭᠤᠯᠬᠤ ᠵᠠᠮ ᠮᠥᠷ᠂ ᠡᠷᠡᠭᠦᠯ ᠬᠠᠮᠠᠭᠠᠯᠠᠯ ᠤᠨ ᠬᠢᠵᠢᠭ ᠢ ᠪᠠᠶᠢᠴᠠᠭᠠᠬᠤ ᠵᠡᠷᠭᠡ ᠪᠠᠶᠢᠳᠠᠯ ᠢ ᠴᠢᠩᠭ᠎ᠠ ᠪᠠᠶᠢᠴᠠᠭᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠪᠠᠳᠤᠯᠠᠬᠤ ᠬᠡᠷᠡᠭᠳᠡᠢ᠃ ᠳᠣᠲᠣᠭᠠᠳᠤ ᠶᠢᠨ ᠬᠠᠮᠢᠶᠠᠷᠤᠯᠲᠠ ᠪᠠᠨ ᠴᠢᠩᠭᠠᠳᠬᠠᠵᠤ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠬᠠᠮᠠᠭᠠᠯᠠᠬᠤ᠂ ᠠᠷᠢᠭᠤᠳᠬᠠᠬᠤ ᠠᠵᠢᠯ ᠢ ᠲᠣᠭᠲᠠᠮᠠᠯ ᠬᠤᠭᠤᠴᠠᠭ᠎ᠠ ᠲᠠᠢ ᠪᠠᠷ ᠰᠠᠶᠢᠲᠤᠷ ᠬᠢᠵᠦ᠂ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠠᠮᠤᠷ ᠲᠦᠪᠰᠢᠨ ᠡᠮᠬᠢ ᠵᠢᠷᠤᠮ ᠲᠠᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠵᠡᠢ᠃      ᠬᠤᠲᠠ ᠶᠢᠨ ᠤᠳᠤᠷᠢᠳᠤᠯᠭ᠎ᠠ ᠾᠧ ᠬᠠᠢ ᠳ᠋ᠦᠩ᠂ ᠡᠤ ᠸᠧᠨ ᠮᠢᠩ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号