ᠰᠤᠷᠭᠠᠨ ᠬᠥᠮᠦᠵᠢᠯ ᠢᠶᠠᠷ ᠶᠠᠳᠠᠭᠤ ᠶᠢ ᠲᠡᠳᠬᠦᠵᠦ ᠬᠥᠳᠡᠭᠡ ᠲᠣᠰᠬᠤᠨ ᠤ ᠰᠤᠷᠭᠠᠨ ᠬᠥᠮᠦᠵᠢᠯ ᠤᠨ ︽ᠳᠤᠲᠠᠭᠤᠳᠠᠯ︾ ᠢ ᠨᠥᠬᠦᠪᠥᠷᠢᠯᠡᠨ᠎ᠡ
ᠨᠡᠶᠢᠲᠡᠯᠡᠭᠰᠡᠨ ᠴᠠᠭ᠄
2020-07-28
     
     ᠬᠥᠬᠡᠬᠤᠲᠠ ᠰᠤᠷᠭᠠᠨ ᠬᠥᠮᠦᠵᠢᠯ ᠢᠶᠠᠷ ᠶᠠᠳᠠᠭᠤ ᠶᠢ ᠲᠡᠳᠬᠦᠬᠦ ᠪᠠᠷ ᠳᠠᠮᠵᠢᠨ᠂ ᠬᠥᠳᠡᠭᠡ ᠲᠣᠰᠬᠤᠨ ᠤ ᠰᠤᠷᠭᠠᠨ ᠬᠦᠮᠦᠵᠢᠯ ᠤᠨ ︽ᠳᠤᠲᠠᠭᠤᠳᠠᠯ︾ ᠢ ᠲᠠᠰᠤᠷᠠᠯᠲᠠ ᠦᠭᠡᠢ ᠨᠥᠬᠦᠪᠥᠷᠢᠯᠡᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠡᠷᠬᠢᠯᠡᠬᠦ ᠨᠥᠬᠦᠴᠡᠯ ᠢ ᠬᠦᠴᠦᠯᠡᠨ ᠰᠠᠶᠢᠵᠢᠷᠠᠭᠤᠯᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠤᠷᠠᠶ ᠰᠤᠷᠭᠠᠭᠤᠯᠢ ᠶᠢ ᠥᠭᠡᠷᠡᠴᠢᠯᠡᠨ ᠰᠠᠶᠢᠵᠢᠷᠠᠭᠤᠯᠤᠭᠰᠠᠨ ᠰᠠᠭᠤᠷᠢᠨ ᠳᠡᠭᠡᠷ᠎ᠡ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠤᠷᠠᠶ ᠭᠤᠭᠴᠤᠭ᠎ᠠ ᠶᠢ ᠰᠠᠶᠢᠵᠢᠷᠠᠭᠤᠯᠬᠤ ᠪᠠ ᠴᠢᠳᠠᠪᠤᠷᠢ ᠶᠢ ᠳᠡᠭᠡᠭᠰᠢᠯᠡᠭᠦᠯᠬᠦ ᠢᠨᠵᠧᠨᠧᠷᠢᠩ ᠢ ᠪᠦᠬᠦ ᠲᠠᠯ᠎ᠠ ᠪᠠᠷ ᠬᠡᠷᠡᠭᠵᠢᠭᠦᠯᠵᠦ᠂ ︽ᠬᠤᠶᠠᠷ ᠲᠥᠷᠥᠯ ᠤᠨ ᠰᠤᠷᠭᠠᠭᠤᠯᠢ︾ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠤᠲᠠ ᠬᠥᠳᠡᠭᠡ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ ᠨᠢᠭᠡᠳᠦᠯᠲᠡᠶ ᠲᠥᠯᠥᠪᠯᠡᠨ ᠠᠬᠢᠭᠤᠯᠪᠠ᠃ ᠡᠨᠡ ᠵᠢᠯ ᠤᠨ ᠳᠡᠭᠡᠷ᠎ᠡ ᠬᠠᠭᠠᠰ ᠵᠢᠯ ᠳᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠤᠷᠠᠶ ᠭᠤᠭᠴᠤᠭ᠎ᠠ ᠶᠢ ᠰᠠᠶᠢᠵᠢᠷᠠᠭᠤᠯᠬᠤ ᠪᠠ ᠴᠢᠳᠠᠪᠤᠷᠢ ᠶᠢ ᠳᠡᠭᠡᠭᠰᠢᠯᠡᠭᠦᠯᠬᠦ ᠢᠨᠵᠧᠨᠧᠷᠢᠩ ᠤᠨ ᠲᠤᠰᠬᠠᠶ ᠪᠡᠯᠡ ᠮᠥᠩᠭᠦ ᠶᠢ 10208 ᠲᠦᠮᠡᠨ ᠲᠥᠭᠦᠷᠢᠭ ᠪᠠᠭᠤᠯᠭᠠᠨ᠂ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠵᠠᠯᠭᠠᠪᠠᠷ ᠠᠵᠢᠯ ᠡᠬᠢᠯᠡᠭᠦᠯᠵᠦ᠂  ᠬᠥᠳᠡᠭᠡ ᠲᠣᠰᠬᠤᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠨᠦᠬᠦᠴᠡᠯ ᠢ ᠪᠦᠲᠦᠮᠵᠢᠲᠡᠶ ᠰᠠᠶᠢᠵᠢᠷᠠᠭᠤᠯᠪᠠ᠃      ᠵᠢᠷᠤᠭ ᠪᠣᠯ ᠲᠦᠮᠡᠳ ᠵᠡᠭᠦᠨ ᠬᠤᠰᠢᠭᠤᠨ ᠤ ᠮᠣᠩᠭᠤᠯ ᠦᠨᠳᠦᠰᠦᠲᠡᠨ ᠤ ᠰᠤᠷᠭᠠᠭᠤᠯᠢ ᠶᠢᠨ ᠬᠡᠦᠬᠡᠳ ᠤᠳ ᠭᠡᠭᠡᠨ ᠰᠠᠷᠠᠭᠤᠯ ᠬᠢᠴᠢᠶᠡᠯ ᠤᠨ ᠭᠡᠷ ᠲᠤ ᠬᠢᠴᠢᠶᠡᠯ ᠣᠷᠣᠵᠤ ᠪᠠᠶᠢᠭ᠎ᠠ ᠨᠢ᠃ ᠰᠣᠷᠪᠤᠯᠵᠢᠯᠠᠭᠴᠢ ᠶᠠᠩ ᠼᠠᠢ ᠰᠢᠶᠠ ᠰᠡᠭᠦᠳᠡᠷᠯᠡᠪᠡ
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号