ᠰᠢᠨᠵᠢᠯᠡᠬᠦ ᠤᠬᠠᠭᠠᠨ ᠮᠡᠷᠭᠡᠵᠢᠯ ᠢᠶᠠᠷ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠨ᠎ᠡ
ᠨᠡᠶᠢᠲᠡᠯᠡᠭᠰᠡᠨ ᠴᠠᠭ᠄
2020-07-28
      ᠲᠡᠯᠭᠡᠷᠡᠭᠦ ᠵᠤᠨ ᠤ ᠤᠯᠠᠷᠢᠯ ᠳᠤ 300 ᠮᠦ ᠲᠣᠣᠷᠯᠢᠭ ᠠᠷ ᠲᠠᠢ ᠲᠠᠷᠪᠤᠰ ᠲᠠᠷᠢᠬᠰᠠᠨ ᠲᠤᠮᠤ ᠫᠧᠡᠭ  ᠬᠦᠳᠡᠭᠡ ᠲᠠᠯ᠎ᠠ ᠳᠤ ᠤᠯᠠᠮᠵᠢᠯᠠᠯᠲᠤ ᠲᠠᠷᠢᠶᠠᠨ ᠤ ᠲᠠᠷᠢᠮᠠᠯ ᠳᠤ ᠬᠦᠷᠢᠶᠡᠯᠡᠭᠳᠡᠵᠦ ᠦᠡᠭᠭᠡ ᠢᠯᠭᠠᠷᠠᠨ ᠬᠠᠷᠠᠬᠳᠠᠨ᠎ᠠ᠃      ᠥᠪᠥᠷ ᠮᠣᠩᠭᠤᠯ ᠤᠨ ᠬᠠᠮᠤᠭ ᠤᠨ ᠲᠣᠮᠣ ᠲᠣᠤᠷᠯᠢᠭ ᠠᠷ ᠲᠠᠢ ᠲᠠᠷᠪᠤᠰ ᠳᠠᠷᠢᠳᠠᠬ ᠡ᠊ᠨᠡᠭᠦ ᠰᠠᠭᠤᠷᠢᠨ ᠭᠠᠵᠠᠷ ᠨᠢ ᠬᠥᠬᠡᠬᠤᠲᠠ ᠶᠢᠨ ᠰᠠᠶᠢᠨᠪᠤᠯᠠᠭ ᠲᠣᠰᠬᠤᠨ ᠳᠤ ᠪᠠᠶᠢᠷᠢᠯᠠᠵᠤ ᠪᠤᠢ᠃ ᠲᠣᠣᠷᠯᠢᠬ ᠠᠷ ᠲᠠᠢ ᠲᠠᠷᠪᠤᠰ ᠢ 2013 ᠣᠨ ᠳᠤ ᠶᠠᠫᠣᠨ ᠠᠴᠠ ᠤᠷᠤᠭᠤᠯᠤᠨ ᠠᠪᠴᠢᠷᠠᠵᠤ᠂ 6 ᠵᠢᠯ ᠭᠠᠷᠤᠶ ᠶᠢᠨ ᠡᠭᠦᠯᠳᠡᠷ ᠪᠠ ᠮᠡᠷᠭᠡᠵᠢᠯ ᠤᠨ ᠬᠤᠷᠠᠮᠳᠤᠭᠤᠯᠭ᠎ᠠ ᠪᠠᠷ ᠳᠠᠮᠵᠢᠨ ᠨᠡᠶᠢᠲᠡ 300 ᠭᠠᠷᠤᠶ ᠲᠠᠷᠢᠶᠠᠯᠠᠬᠤ ᠡᠷᠦᠬᠡ ᠶᠢ ᠳᠠᠶᠢᠴᠢᠯᠠᠵᠤ᠂ ᠲᠠᠷᠢᠶᠠᠯᠠᠩ ᠤᠨ ᠰᠢᠨ᠎ᠠ ᠬᠡᠯᠪᠡᠷᠢ ᠶᠢᠨ ᠲᠤᠰᠬᠠᠢ ᠮᠡᠷᠭᠡᠵᠢᠯ ᠤᠨ 40 ᠭᠠᠷᠤᠶ ᠠᠵᠢᠯᠴᠢᠨ ᠢ ᠬᠥᠮᠦᠵᠢᠭᠦᠯᠵᠦ᠂ 270 ᠭᠠᠷᠤᠶ ᠬᠥᠮᠦᠨ ᠢ ᠣᠨᠴᠠ ᠲᠣᠭᠲᠠᠭᠰᠠᠨ ᠬᠤᠭᠤᠴᠠᠭᠠᠨ ᠳᠤ ᠠᠵᠢᠯ ᠣᠯᠵᠤ ᠬᠢᠵᠤ ᠴᠢᠳᠠᠬᠤ ᠪᠤᠯᠭᠠᠵᠠᠢ᠃      ᠰᠢᠨᠵᠢᠯᠡᠬᠦ ᠤᠬᠠᠭᠠᠨ ᠮᠡᠷᠭᠡᠵᠢᠯ ᠤᠨ ᠲᠡᠮᠵᠢᠯᠭᠡ ᠪᠠᠷ ᠳᠤᠮᠳᠠᠳᠤ ᠶᠢᠨ ᠤᠯᠠᠮᠵᠢᠯᠠᠯᠲᠤ ᠲᠠᠷᠢᠶᠠᠯᠠᠭ᠎ᠠ ᠨᠢ ᠡᠨᠡᠭᠦ ᠨᠤᠳᠤᠬ ᠲᠤ ᠰᠢᠨ᠎ᠠ ᠬᠤᠪᠢᠷᠠᠯᠳᠠ ᠶᠢ ᠪᠡᠶᠡᠯᠡᠭᠦᠯᠪᠡ᠃ ᠡᠭᠦᠨ ᠤ ᠬᠠᠮᠲᠤ ᠲᠤᠤᠷᠯᠢᠬ ᠠᠷ ᠲᠠᠢ ᠲᠠᠷᠪᠤᠰ ᠳᠠᠷᠢᠬᠤ ᠪᠣᠯ ᠬᠥᠬᠡᠬᠤᠲᠠ ᠶᠢᠨ ᠰᠠᠶᠢᠬᠠᠨ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠢᠶᠠᠷ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠳᠤ ᠬᠦᠴᠦᠨ ᠨᠡᠮᠡᠷᠢᠯᠡᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠦᠢᠯᠡᠴᠢᠯᠡᠬᠦ᠂ ᠲᠠᠷᠢᠶᠠᠯᠠᠩ ᠤᠨ ᠣᠳᠣᠬᠢᠴᠢᠯᠠᠯᠲᠠ ᠳᠤ ᠬᠦᠴᠦᠨ ᠨᠡᠮᠡᠷᠢᠯᠡᠬᠦ ᠨᠢᠭᠡᠨ ᠬᠤᠷᠢᠶᠠᠩᠭᠤᠶ ᠳᠦᠷᠰᠦ ᠲᠡᠳᠦᠢ ᠶᠤᠮ᠃      ᠲᠣᠣᠷᠯᠢᠬ ᠠᠷ ᠲᠠᠢ ᠲᠠᠷᠪᠤᠰ ᠠᠴᠠ ᠭᠠᠳᠠᠨ᠎ᠠ᠂ ᠬᠥᠬᠡᠬᠤᠲᠠ ᠶᠢᠨ ᠪᠠᠶ ᠰᠦᠢ ᠵᠢᠮᠢᠰ ᠨᠣᠭᠤᠭ᠎ᠠ ᠲᠠᠷᠢᠬᠤ ᠬᠤᠷᠰᠢᠶᠠᠵᠢᠯ᠂ ᠬᠥᠬᠡᠬᠤᠲᠠ ᠶᠢᠨ ᠰᠢᠨ ᠹᠧᠩ ᠠᠮᠢ ᠠᠬᠤᠶ ᠶᠢᠨ ᠲᠠᠷᠢᠶᠠᠯᠠᠩ ᠮᠠᠯ ᠠᠵᠤ ᠠᠬᠤᠶ ᠶᠢᠨ ᠰᠢᠶᠤᠤ ᠫᠠᠨᠭ᠌ ᠲᠠᠷᠢᠶᠠᠯᠠᠩ ᠤᠨ ᠲᠠᠯᠠᠪᠠᠶ ᠳᠤ ᠡᠯᠭᠦᠭᠡ ᠭᠤᠸᠠ᠂ ᠦᠵᠦᠮ᠂ ᠯᠤᠤᠨ ᠵᠢᠮᠢᠰ᠂ ᠢᠩᠲᠣᠣᠷ᠂ ᠲᠣᠰᠣᠯᠢᠬ ᠲᠤᠭᠤᠷ᠂ ᠠᠮᠲᠠᠲᠤ ᠠᠯᠢᠮ᠎ᠠ ᠵᠡᠷᠭᠡ ᠵᠢᠮᠢᠰ ᠲᠠᠷᠢᠵᠤ᠂ ᠲᠠᠷᠢᠶᠠᠴᠢᠳ ᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠵᠤ᠂ ᠬᠤᠲᠠ ᠶᠢᠨ ᠠᠷᠠᠳ ᠤᠨ ᠨᠣᠭᠤᠭ᠎ᠠ ᠶᠢᠨ ᠰᠠᠭᠰᠤ ᠶᠢ ᠡᠯᠪᠡᠭᠵᠢᠭᠦᠯᠵᠠᠢ᠃      ᠬᠥᠬᠡᠬᠤᠲᠠ ᠶᠢᠨ ᠪᠠᠢ ᠰᠦᠢ ᠵᠢᠮᠢᠰ ᠨᠣᠭᠤᠭ᠎ᠠ ᠳᠠᠷᠢᠬᠤ ᠬᠤᠷᠰᠢᠶᠠᠵᠢᠯ ᠨᠢ 540 ᠮᠥ ᠭᠠᠵᠠᠷ ᠡᠵᠡᠯᠡᠵᠦ᠂ ᠶᠢᠨ ᠾᠧ ᠪᠠᠯᠭᠠᠰᠤᠨ ᠤ 120 ᠲᠠᠷᠢᠶᠠᠴᠢᠨ ᠡᠷᠦᠬᠡ ᠶᠢ ᠳᠠᠶᠢᠴᠢᠯᠠᠨ ᠵᠢᠮᠢᠰ ᠨᠤᠭᠤᠭ᠎ᠠ ᠲᠠᠷᠢᠭᠤᠯᠵᠤ᠂ ᠬᠥᠬᠡᠬᠤᠲᠠ ᠶᠢᠨ ᠤᠶᠤᠲᠠᠳ ᠤᠨ ᠲᠥᠬᠦᠭᠡᠷᠦᠮᠵᠢᠳᠤ ᠲᠠᠷᠢᠶᠠᠯᠠᠩ ᠤᠨ ᠦᠢᠯᠡᠰ ᠪᠤᠰᠬᠠᠬᠤ ᠨᠡᠪᠴᠢᠭᠦᠯᠦᠯᠲᠡ ᠶᠢᠨ ᠰᠠᠭᠤᠷᠢᠨ ᠭᠠᠵᠠᠷ ᠪᠤᠯᠤᠬᠰᠠᠨ ᠲᠤᠯᠠ 2016 ᠣᠨ ᠳᠤ ᠤᠯᠤᠰ ᠤᠨ ᠲᠡᠰ ᠤᠨ ᠤᠴᠢ ᠶᠢᠨ ᠡᠭᠦᠳᠦᠯᠲᠡ ᠶᠢᠨ ᠣᠷᠣᠨ ᠵᠠᠢ ᠪᠠᠷ ᠦᠨᠡᠯᠡᠭᠳᠡᠪᠡ᠃ ᠬᠥᠬᠡᠬᠤᠲᠠ ᠶᠢᠨ ᠰᠢᠨ ᠹᠧᠩ ᠠᠮᠢ ᠠᠬᠤᠢ ᠶᠢᠨ ᠲᠠᠷᠢᠶᠠᠯᠠᠩ ᠮᠠᠯ ᠠᠵᠤ ᠠᠬᠤᠢ ᠶᠢᠨ ᠰᠢᠶᠤᠤ ᠫᠠᠨᠭ᠌ ᠲᠠᠷᠢᠶᠠᠯᠠᠩ ᠤᠨ ᠲᠠᠯᠠᠪᠠᠢ ᠨᠢ ᠲᠠᠷᠢᠶᠠᠴᠢᠨ ᠡᠷᠦᠬᠡ + ᠠᠵᠤ ᠠᠬᠤᠶᠢᠯᠠᠯ ᠤᠨ ᠵᠠᠭᠪᠤᠷ ᠢ ᠠᠪᠴᠤ᠂ ᠦᠵᠦᠮ ᠤᠨ ᠲᠤᠮᠤ ᠫᠧᠡᠭ ᠢ ᠲᠠᠷᠢᠶᠠᠴᠢᠨ ᠡᠷᠦᠬᠡ ᠳᠤ ᠥᠭᠴᠦ ᠬᠠᠮᠢᠶᠠᠷᠤᠭᠤᠯᠵᠤ᠂ ᠰᠦᠢᠳᠬᠡᠯ ᠬᠤᠷᠢᠶᠠᠬᠤ ᠦᠭᠡᠶ ᠪᠠᠷ ᠲᠠᠷᠢᠬᠤ ᠮᠡᠷᠭᠡᠵᠢᠯ ᠤᠨ ᠪᠤᠯᠪᠠᠰᠤᠷᠠᠯ ᠬᠦᠷᠲᠡᠭᠡᠵᠦ᠂ ᠬᠡᠷ᠎ᠠ ᠳᠤ ᠪᠤᠯᠵᠤᠨ ᠲᠤᠬᠳᠠᠬᠰᠠᠨ ᠦᠨ᠎ᠠ ᠪᠠᠷ ᠪᠦᠲᠦᠭᠡᠭᠳᠡᠭᠦᠨ ᠢ ᠨᠢ ᠬᠤᠳᠠᠯᠳᠤᠨ ᠠᠪᠤᠬᠰᠠᠨ ᠵᠡᠷ ᠲᠠᠷᠢᠶᠠᠴᠢᠳ ᠤᠨ ᠲᠠᠷᠢᠬᠤ ᠲᠦᠭᠰᠢᠭᠦᠷᠢ ᠶᠢ ᠪᠠᠭᠤᠷᠠᠭᠤᠯᠵᠤ ᠤᠷᠤᠯᠭ᠎ᠠ ᠶᠢ ᠨᠢ ᠨᠡᠮᠡᠭᠳᠡᠭᠦᠯᠵᠡᠢ᠃      ᠬᠥᠬᠡᠬᠤᠲᠠ ᠶᠢᠨ ᠰᠠᠶᠢᠬᠠᠨ ᠲᠣᠭᠤᠷᠢᠭ ᠲᠠᠷᠢᠮᠠᠯ ᠤᠨ ᠦᠢᠯᠡᠰ ᠢ ᠬᠥᠭᠵᠢᠭᠦᠯᠬᠦ ᠶᠢᠨ ᠬᠠᠮᠲᠤ ᠰᠢᠭᠤᠶᠢᠲᠤ ᠣᠷᠣᠨ ᠤ ᠲᠥᠪᠡᠳ ᠭᠠᠭ᠋ᠠᠶ᠂ ᠲᠣᠭᠤᠰ᠂ ᠲᠤᠲᠤᠷᠭ᠎ᠠ ᠶᠢᠨ ᠲᠠᠷᠢᠶᠠᠨ ᠤ ᠨᠠᠢᠮᠠᠯᠵᠢ ᠵᠡᠷᠭᠡ ᠶᠢ ᠲᠡᠵᠢᠭᠡᠨ ᠦᠷᠡᠵᠢᠭᠦᠯᠬᠦ ᠦᠢᠯᠡᠰ ᠢ ᠰᠢᠨᠵᠢᠯᠡᠬᠦ ᠤᠬᠠᠭᠠᠨᠴᠢ ᠪᠠᠷ ᠣᠷᠣᠭᠤᠯᠤᠨ ᠠᠪᠴᠢᠷᠠᠪᠠ᠃ 2019 ᠣᠨ ᠳᠤ ᠴᠤᠤᠲᠠᠶ ᠲᠣᠰᠬᠤᠨ ᠤ ᠠᠷᠠᠳ ᠫᠠᠩ ᠵᠢᠶᠠᠨ ᠬᠤᠸᠠ ᠤᠯᠠᠮᠵᠢᠯᠠᠯᠲᠤ ᠲᠠᠷᠢᠶᠠᠯᠠᠬᠤ ᠠᠷᠭ᠎ᠠ ᠪᠠᠨ ᠲᠠᠶᠠᠭᠳᠠᠵᠤ᠂ ︽ᠲᠤᠲᠤᠷᠭ᠎ᠠ ᠶᠢᠨ ᠲᠠᠷᠢᠶᠠᠨ ᠤ ᠨᠠᠢᠮᠠᠯᠵᠢ︾ ᠶᠢ ᠲᠤᠷᠰᠢᠨ ᠲᠡᠵᠢᠭᠡᠵᠦ ᠦᠷᠡᠵᠢᠭᠦᠯᠪᠡ᠃ ᠣᠳᠣᠬᠠᠨ ᠳᠤ ︽ᠲᠤᠲᠤᠷᠭ᠎ᠠ ᠶᠢᠨ ᠲᠠᠷᠢᠶᠠᠨ ᠤ ᠨᠠᠢᠮᠠᠯᠵᠢ︾ ᠶᠢᠨ ᠮᠥ ᠪᠦᠷᠢ ᠶᠢᠨ ᠣᠷᠣᠯᠭ᠎ᠠ ᠶᠢ 5000 ᠲᠥᠭᠦᠷᠢᠭ ᠣᠷᠴᠢᠮ ᠳᠤ ᠲᠣᠭᠲᠠᠪᠤᠷᠢᠵᠢᠭᠤᠯᠵᠤ ᠪᠤᠢ᠃      ︽ᠪᠣᠬᠢᠷᠲᠤᠯ ᠦᠭᠡᠢ ᠲᠠᠷᠢᠶᠠᠯᠠᠩ᠂ ᠣᠶᠤᠨᠳᠤ ᠲᠠᠷᠢᠶᠠᠯᠠᠩ᠂ ᠰᠢᠨᠵᠢᠯᠡᠬᠦ ᠤᠬᠠᠭᠠᠨ ᠮᠡᠷᠭᠡᠵᠢᠯ ᠤᠨ ᠲᠠᠷᠢᠶᠠᠯᠠᠩ ᠪᠣᠯ ᠲᠠᠷᠢᠶᠠᠯᠠᠩ ᠤᠨ ᠣᠳᠣᠬᠢᠴᠢᠯᠠᠯᠲᠠ ᠶᠢᠨ ᠬᠥᠭᠵᠢᠯᠲᠡ ᠶᠢᠨ ᠴᠢᠭᠯᠡᠯ ᠪᠣᠯᠤᠨ᠎ᠠ︾ ᠭᠡᠵᠦ ᠬᠥᠬᠡᠬᠤᠲᠠ ᠶᠢᠨ ᠰᠠᠶᠢᠬᠠᠨ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶᠠᠨ ᠤ ᠳᠡᠳ᠋ ᠳᠠᠷᠤᠭ᠎ᠠ ᠴᠠᠢ ᠰᠢᠨ ᠬᠡᠯᠡᠭᠰᠡᠨ ᠢᠶᠠᠨ ᠵᠠᠯᠭᠠᠭᠠᠳ᠂ ᠰᠠᠶᠢᠬᠠᠨ ᠲᠣᠭᠤᠷᠢᠭ ᠨᠢ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠠᠮᠢᠳᠤ ᠪᠣᠳᠠᠰ ᠤᠨ ᠮᠡᠷᠭᠡᠵᠢᠯ ᠤᠨ ᠰᠤᠳᠤᠯᠭᠠᠨ ᠤ ᠬᠦᠷᠢᠶᠡᠯᠡᠩ ᠵᠡᠷᠭᠡ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ ᠲᠣᠭᠤᠷᠢᠭ ᠳᠣᠲᠣᠷᠠᠬᠢ ᠬᠤᠲᠠ ᠶᠢᠨ ᠲᠠᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ 3 ᠬᠦᠷᠢᠶᠡᠯᠡᠩ ᠲᠣᠭᠤᠷᠢᠭ᠂ 11 ᠤᠴᠢ  ᠶᠢᠨ ᠡᠭᠦᠳᠦᠯᠲᠡ ᠶᠢᠨ ᠤᠷᠤᠨ ᠵᠠᠢ᠂ ᠰᠢᠨᠵᠢᠯᠡᠬᠦ ᠤᠬᠠᠭᠠᠨ ᠮᠡᠷᠭᠡᠵᠢᠯ ᠤᠨ 148 ᠣᠨᠴᠠ ᠲᠣᠮᠢᠯᠠᠭᠳᠠᠬᠴᠢ ᠪᠠ 50 ᠭᠠᠷᠤᠶ ᠲᠠᠷᠢᠶᠠᠯᠠᠩ ᠤᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠥᠲᠥᠯᠦᠨ ᠳᠠᠭᠠᠭᠤᠯᠬᠤ ᠦᠢᠯᠡᠳᠦᠯ ᠳᠤ ᠲᠦᠰᠢᠭᠯᠡᠨ ᠬᠡᠪᠴᠢᠶᠡᠵᠢᠭᠰᠡᠨ ᠲᠠᠷᠢᠶᠠᠯᠠᠭ᠎ᠠ᠂ ᠪᠠᠷᠢᠮᠵᠢᠶᠠᠵᠢᠭᠰᠠᠨ ᠦᠢᠯᠡᠳᠪᠦᠷᠢᠯᠡᠯ᠂ ᠠᠵᠤ ᠦᠢᠯᠡᠰᠵᠢᠭᠰᠡᠨ ᠡᠵᠡᠩᠨᠡᠯᠲᠡ ᠪᠠᠷ ᠭᠤᠣᠯᠯᠠᠭᠤᠯᠤᠬᠰᠠᠨ ᠣᠳᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠰᠢᠰᠲ᠋ᠧᠮ ᠢ ᠠᠩᠬ᠎ᠠ ᠠᠯᠬᠤᠮ ᠪᠠᠶᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠡᠢ ᠭᠡᠪᠡ᠃ ︵ᠰᠢᠨᠬᠤᠸᠠ ᠰᠦᠯᠵᠢᠶᠡᠨ ᠤ ᠥᠪᠥᠷ ᠮᠣᠩᠭᠤᠯ ᠤᠨ ᠰᠤᠪᠠᠭ ᠤᠨ ᠰᠤᠷᠪᠤᠯᠵᠢᠯᠠᠭᠴᠢ ᠯᠢ ᠭᠦᠸᠧ ᠳ᠋ᠦᠩ   ᠰᠢᠤᠢ ᠮᠧᠶ
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号