| | | ᠬᠥᠬᠡᠬᠤᠲᠠ ᠰᠤᠷᠭᠠᠨ ᠬᠥᠮᠦᠵᠢᠯ ᠢᠶᠠᠷ ᠶᠠᠳᠠᠭᠤ ᠶᠢ ᠲᠡᠳᠬᠦᠬᠦ ᠪᠠᠷ ᠳᠠᠮᠵᠢᠨ᠂ ᠬᠥᠳᠡᠭᠡ ᠲᠣᠰᠬᠤᠨ ᠤ | ᠰᠤᠷᠭᠠᠨ ᠬᠦᠮᠦᠵᠢᠯ ᠤᠨ ︽ᠳᠤᠲᠠᠭᠤᠳᠠᠯ︾ ᠢ ᠲᠠᠰᠤᠷᠠᠯᠲᠠ ᠦᠭᠡᠢ ᠨᠥᠬᠦᠪᠥᠷᠢᠯᠡᠵᠦ᠂ ᠠᠯᠪᠠᠨ ᠵᠢᠷᠤᠮ ᠤᠨ | ᠰᠤᠷᠭᠠᠨ ᠬᠥᠮᠦᠵᠢᠯ ᠤᠨ ᠰᠤᠷᠭᠠᠭᠤᠯᠢ ᠡᠷᠬᠢᠯᠡᠬᠦ ᠨᠥᠬᠦᠴᠡᠯ ᠢ ᠬᠦᠴᠦᠯᠡᠨ ᠰᠠᠶᠢᠵᠢᠷᠠᠭᠤᠯᠵᠤ᠂ ᠠᠯᠪᠠᠨ ᠵᠢᠷᠤᠮ ᠤᠨ | ᠰᠤᠷᠭᠠᠨ ᠬᠥᠮᠦᠵᠢᠯ ᠤᠨ ᠪᠠᠭᠤᠷᠠᠶ ᠰᠤᠷᠭᠠᠭᠤᠯᠢ ᠶᠢ ᠥᠭᠡᠷᠡᠴᠢᠯᠡᠨ ᠰᠠᠶᠢᠵᠢᠷᠠᠭᠤᠯᠤᠭᠰᠠᠨ ᠰᠠᠭᠤᠷᠢᠨ ᠳᠡᠭᠡᠷ᠎ᠡ᠂ | ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠤᠷᠠᠶ ᠭᠤᠭᠴᠤᠭ᠎ᠠ ᠶᠢ ᠰᠠᠶᠢᠵᠢᠷᠠᠭᠤᠯᠬᠤ ᠪᠠ ᠴᠢᠳᠠᠪᠤᠷᠢ ᠶᠢ | ᠳᠡᠭᠡᠭᠰᠢᠯᠡᠭᠦᠯᠬᠦ ᠢᠨᠵᠧᠨᠧᠷᠢᠩ ᠢ ᠪᠦᠬᠦ ᠲᠠᠯ᠎ᠠ ᠪᠠᠷ ᠬᠡᠷᠡᠭᠵᠢᠭᠦᠯᠵᠦ᠂ ︽ᠬᠤᠶᠠᠷ ᠲᠥᠷᠥᠯ ᠤᠨ ᠰᠤᠷᠭᠠᠭᠤᠯᠢ︾ ᠶᠢᠨ | ᠪᠠᠶᠢᠭᠤᠯᠤᠯᠲᠠ ᠶᠢ ᠴᠢᠩᠭᠠᠳᠬᠠᠵᠤ᠂ ᠬᠤᠲᠠ ᠬᠥᠳᠡᠭᠡ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠢ ᠨᠢᠭᠡ | ᠴᠣᠭᠴᠠᠵᠢᠭᠤᠯᠤᠨ ᠬᠥᠭᠵᠢᠭᠦᠯᠬᠦ ᠶᠢ ᠨᠢᠭᠡᠳᠦᠯᠲᠡᠶ ᠲᠥᠯᠥᠪᠯᠡᠨ ᠠᠬᠢᠭᠤᠯᠪᠠ᠃ ᠡᠨᠡ ᠵᠢᠯ ᠤᠨ ᠳᠡᠭᠡᠷ᠎ᠡ ᠬᠠᠭᠠᠰ | ᠵᠢᠯ ᠳᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠤᠷᠠᠶ ᠭᠤᠭᠴᠤᠭ᠎ᠠ ᠶᠢ ᠰᠠᠶᠢᠵᠢᠷᠠᠭᠤᠯᠬᠤ ᠪᠠ | ᠴᠢᠳᠠᠪᠤᠷᠢ ᠶᠢ ᠳᠡᠭᠡᠭᠰᠢᠯᠡᠭᠦᠯᠬᠦ ᠢᠨᠵᠧᠨᠧᠷᠢᠩ ᠤᠨ ᠲᠤᠰᠬᠠᠶ ᠪᠡᠯᠡ ᠮᠥᠩᠭᠦ ᠶᠢ 10208 ᠲᠦᠮᠡᠨ ᠲᠥᠭᠦᠷᠢᠭ | ᠪᠠᠭᠤᠯᠭᠠᠨ᠂ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠵᠠᠯᠭᠠᠪᠠᠷ ᠠᠵᠢᠯ ᠡᠬᠢᠯᠡᠭᠦᠯᠵᠦ᠂ ᠬᠥᠳᠡᠭᠡ | ᠲᠣᠰᠬᠤᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠨᠦᠬᠦᠴᠡᠯ ᠢ | ᠪᠦᠲᠦᠮᠵᠢᠲᠡᠶ ᠰᠠᠶᠢᠵᠢᠷᠠᠭᠤᠯᠪᠠ᠃ | ᠵᠢᠷᠤᠭ ᠪᠣᠯ ᠲᠦᠮᠡᠳ ᠵᠡᠭᠦᠨ ᠬᠤᠰᠢᠭᠤᠨ ᠤ ᠮᠣᠩᠭᠤᠯ ᠦᠨᠳᠦᠰᠦᠲᠡᠨ ᠤ ᠰᠤᠷᠭᠠᠭᠤᠯᠢ ᠶᠢᠨ ᠬᠡᠦᠬᠡᠳ ᠤᠳ | ᠭᠡᠭᠡᠨ ᠰᠠᠷᠠᠭᠤᠯ ᠬᠢᠴᠢᠶᠡᠯ ᠤᠨ ᠭᠡᠷ ᠲᠤ ᠬᠢᠴᠢᠶᠡᠯ ᠣᠷᠣᠵᠤ ᠪᠠᠶᠢᠭ᠎ᠠ ᠨᠢ᠃ ᠰᠣᠷᠪᠤᠯᠵᠢᠯᠠᠭᠴᠢ ᠶᠠᠩ ᠼᠠᠢ ᠰᠢᠶᠠ | ᠰᠡᠭᠦᠳᠡᠷᠯᠡᠪᠡ |