ᠰᠢᠨ᠎ᠡ ᠬᠤᠲᠠ ᠲᠣᠭᠤᠷᠢᠭ ᠪᠦᠬᠦ ᠬᠤᠲᠠ ᠶᠢᠨ ᠬᠦᠴᠦᠷᠬᠡᠭ ᠶᠡᠭᠡ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠰᠢᠰᠲ᠋ᠧᠮ ᠢ ᠪᠠᠶᠢᠭᠤᠯᠬᠤ ᠲᠤᠰᠬᠠᠶ ᠰᠡᠳᠦᠪᠲᠦ ᠲᠠᠶᠢᠯᠤᠮᠵᠢ ᠳᠤ ᠣᠷᠣᠯᠴᠠᠪᠠ
ᠨᠡᠶᠢᠲᠡᠯᠡᠭᠰᠡᠨ ᠴᠠᠭ᠄
2020-07-29
 
   ᠶᠡᠷᠦᠩᠬᠡᠶ ᠱᠦᠵᠢ ᠰᠢ ᠶᠢᠨ ᠫᠢᠩ ᠤᠨ ᠬᠦᠴᠦᠷᠬᠡᠭ ᠶᠡᠭᠡ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠰᠢᠰᠲ᠋ᠧᠮ ᠢ ᠪᠠᠶᠢᠭᠤᠯᠬᠤ ᠲᠤᠬᠠᠶ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠬᠤᠷᠢᠭ᠎ᠠ ᠱᠤᠭᠤᠮ ᠤᠨ ᠰᠡᠳᠬᠢᠬᠦᠢ ᠪᠠᠨ ᠴᠢᠩᠭᠠᠳᠬᠠᠵᠤ᠂ ᠰᠠᠨᠠᠭᠠᠰᠢᠷᠠᠨ ᠵᠣᠪᠠᠨᠢᠬᠤ ᠤᠬᠠᠮᠰᠠᠷ ᠢᠶᠠᠨ ᠴᠢᠩᠭᠠᠳᠬᠠᠵᠤ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠦᠨᠳᠦ ᠶᠡᠭᠡ ᠬᠡᠷᠡᠭ ᠢ ᠠᠷᠭᠠᠴᠠᠭᠠᠬᠤ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠶᠢᠨ ᠲᠦᠯᠦᠭᠡ᠂ 7 ᠳ᠋ᠤᠭᠠᠷ ᠰᠠᠷ᠎ᠠ ᠶᠢᠨ 25 ᠤ ᠡᠳᠦᠷ᠂ ᠬᠥᠬᠡᠬᠤᠲᠠ ᠬᠦᠴᠦᠷᠬᠡᠭ ᠶᠡᠭᠡ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠰᠢᠰᠲ᠋ᠧᠮ ᠢ ᠪᠠᠶᠢᠭᠤᠯᠬᠤ ᠲᠤᠰᠬᠠᠶ ᠰᠡᠳᠦᠪᠲᠦ ᠲᠠᠶᠢᠯᠤᠮᠵᠢ ᠡᠷᠭᠢᠯᠡᠵᠦ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠪᠠᠶᠢᠭᠤᠯᠤᠯ ᠤᠨ ᠥᠭᠡᠷᠡᠴᠢᠯᠡᠯᠲᠡ ᠶᠢᠨ ᠵᠤᠷᠭᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢ ᠬᠢᠨᠠᠨ ᠪᠠᠶᠢᠴᠠᠭᠠᠬᠤ ᠲᠤᠰᠬᠠᠶ ᠲᠤᠰᠢᠶᠠᠯᠲᠠᠨ ᠶᠣᠣ ᠵᠢᠶᠠᠨ ᠬᠤᠩ ᠢ ᠤᠷᠢᠵᠤ ᠲᠤᠰᠬᠠᠶ ᠰᠡᠳᠦᠪᠲᠦ ᠬᠠᠪᠰᠤᠷᠤᠨ ᠵᠢᠯᠣᠭᠤᠳᠣᠯᠭ᠎ᠠ ᠬᠢᠯᠭᠡᠪᠡ᠃      ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ ᠵᠠᠩ ᠪᠠᠢ ᠴᠧᠩ ᠲᠠᠶᠢᠯᠤᠮᠵᠢ ᠶᠢ ᠡᠷᠬᠢᠯᠡᠵᠦ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠷᠬᠢᠯᠡᠭᠴᠢ ᠰᠢᠤᠢ ᠬᠤᠩ ᡁᠢ᠂ ᠬᠤᠲᠠ ᠶᠢᠨ ᠤᠳᠤᠷᠢᠳᠤᠯᠭ᠎ᠠ ᠶᠦᠨ ᠵᠢᠶᠠᠨ ᠳ᠋ᠦᠩ᠂ ᠰᠦᠨ ᠵᠢᠶᠠᠨ ᠬᠤᠸᠠ ᠨᠠᠷ ᠲᠠᠶᠢᠯᠤᠮᠵᠢ ᠳᠤ ᠣᠷᠣᠯᠴᠠᠪᠠ᠃
     ᠶᠣᠣ ᠵᠢᠶᠠᠨ ᠬᠤᠩ ᠪᠣᠯ ᠠᠨᠠᠭᠠᠬᠤ ᠤᠬᠠᠭᠠᠨ ᠤ ᠳ᠋ᠣᠺᠲ᠋ᠣᠷ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠲᠤᠰᠬᠠᠶ ᠮᠡᠷᠭᠡᠵᠢᠯᠲᠡᠨ ᠤ ᠳᠤᠭᠤᠶᠢᠯᠠᠩ ᠤᠨ ᠠᠵᠢᠯ ᠳᠤ ᠣᠷᠣᠯᠴᠠᠵᠤ᠂ ᠬᠢᠵᠢᠭ ᠢ ᠰᠡᠷᠭᠡᠶᠢᠯᠡᠨ ᠬᠢᠵᠠᠭᠠᠷᠯᠠᠬᠤ ᠲᠠᠯ᠎ᠠ ᠶᠢᠨ ᠡᠷᠬᠡ ᠬᠦᠨᠳᠦ ᠲᠠᠢ ᠲᠤᠰᠬᠠᠶ ᠮᠡᠷᠭᠡᠵᠢᠯᠲᠡᠨ ᠪᠣᠯᠤᠨ᠎ᠠ᠃ ᠲᠡᠷᠡ ︽ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠰᠢᠰᠲ᠋ᠧᠮ ᠢ ᠲᠡᠭᠦᠯᠳᠡᠷᠵᠢᠭᠦᠯᠵᠦ᠂ ᠠᠷᠠᠳ ᠲᠦᠮᠡᠨ ᠤ ᠡᠷᠡᠭᠦᠯ ᠮᠡᠨᠳᠦ ᠶᠢ ᠦᠨᠡᠨ ᠬᠦ ᠬᠠᠮᠠᠭᠠᠯᠠᠶ᠎ᠠ︾ ᠭᠡᠬᠦ ᠭᠤᠤᠯ ᠰᠡᠳᠦᠪ ᠢ ᠲᠤᠭᠤᠷᠢᠨ ᠮᠠᠨ ᠤ ᠤᠯᠤᠰ ᠤᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠰᠢᠰᠲ᠋ᠧᠮ ᠤᠨ ᠣᠳᠣᠬᠢ ᠪᠠᠶᠢᠳᠠᠯ ᠪᠣᠯᠤᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠳᠤ ᠲᠤᠯᠭᠠᠷᠠᠵᠤ ᠪᠠᠶᠢᠭ᠎ᠠ ᠪᠠᠶᠢᠳᠠᠯ ᠢ ᠭᠦᠨᠵᠡᠭᠡᠶ ᠲᠣᠳᠣᠷᠬᠠᠶᠢᠯᠠᠨ ᠦᠭᠦᠯᠡᠵᠦ᠂ ᠣᠷᠣᠰᠢᠵᠤ ᠪᠠᠶᠢᠭ᠎ᠠ ᠠᠰᠠᠭᠤᠳᠠᠯ ᠢ ᠵᠠᠳᠠᠯᠵᠤ᠂ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠰᠢᠰᠲ᠋ᠧᠮ ᠢ ᠥᠭᠡᠷᠡᠴᠢᠯᠡᠨ ᠲᠡᠭᠦᠯᠳᠡᠷᠵᠢᠭᠦᠯᠬᠦ᠂ ᠬᠦᠨᠳᠦ ᠶᠡᠭᠡ ᠬᠢᠵᠢᠭ ᠤᠨ ᠪᠠᠶᠢᠳᠠᠯ ᠢ ᠠᠪᠤᠷᠠᠨ ᠵᠠᠰᠠᠬᠤ ᠰᠢᠰᠲ᠋ᠧᠮ ᠢ ᠰᠢᠯᠢᠳᠡᠭᠵᠢᠭᠦᠯᠬᠦ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ  ᠠᠷᠭᠠᠴᠠᠭᠠᠬᠤ ᠬᠠᠮᠢᠶᠠᠷᠤᠯᠲᠠ ᠶᠢ ᠲᠡᠭᠦᠯᠳᠡᠷᠵᠢᠭᠦᠯᠬᠦ᠂ ᠦᠨᠳᠦᠰᠦᠨ ᠱᠠᠲᠤᠨ ᠤ ᠰᠡᠷᠭᠡᠶᠢᠯᠡᠨ ᠡᠵᠡᠮᠳᠡᠬᠦ ᠴᠢᠳᠠᠪᠤᠷᠢ ᠶᠢ ᠳᠡᠭᠡᠭᠰᠢᠯᠡᠭᠦᠯᠬᠦ᠂ ᠴᠢᠳᠠᠪᠤᠷᠢᠲᠠᠨ ᠢ ᠬᠥᠮᠦᠵᠢᠭᠦᠯᠬᠦ ᠪᠠ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠴᠢᠩᠭᠠᠳᠬᠠᠬᠤ᠂ ᠬᠠᠤᠯᠢ ᠪᠠᠷ ᠵᠠᠰᠠᠬᠤ ᠪᠠᠲᠤᠯᠠᠭ᠎ᠠ ᠶᠢ ᠴᠢᠩᠭᠠᠳᠬᠠᠬᠤ᠂ ᠲᠦᠷᠦ ᠶᠢᠨ ᠪᠤᠳᠤᠯᠭ᠎ᠠ ᠶᠢᠨ ᠪᠠᠲᠤᠯᠠᠭ᠎ᠠ ᠶᠢ ᠴᠢᠩᠭᠠᠳᠬᠠᠬᠤ ᠵᠡᠷᠭᠡ ᠲᠤᠯᠤᠭᠠᠨ ᠲᠠᠯ᠎ᠠ ᠠᠴᠠ ᠰᠢᠰᠲ᠋ᠧᠮ ᠲᠠᠢ ᠪᠦᠬᠦ ᠲᠠᠯ᠎ᠠ ᠪᠠᠷ ᠲᠠᠶᠢᠯᠪᠤᠷᠢᠯᠠᠯᠲᠠ ᠬᠢᠪᠡ᠃      ᠵᠠᠩ ᠪᠠᠢ ᠴᠧᠩ ᠴᠢᠬᠤᠯᠠᠴᠢᠯᠠᠭᠰᠠᠨ ᠨᠢ᠂ ᠲᠤᠰᠬᠠᠶ ᠰᠡᠳᠦᠪᠲᠦ ᠲᠠᠶᠢᠯᠤᠮᠵᠢ ᠬᠢᠭᠰᠡᠨ ᠤ ᠳᠠᠷᠠᠭ᠎ᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠬᠠᠪᠰᠤᠷᠤᠨ ᠵᠢᠯᠤᠭᠤᠳᠤᠭᠰᠠᠨ ᠠᠭᠤᠯᠭ᠎ᠠ ᠶᠢ ᠨᠠᠷᠢᠨ ᠬᠢᠨᠠᠮᠠᠭᠠᠶ ᠰᠤᠷᠤᠯᠴᠠᠵᠤ ᠭᠦᠢᠴᠡᠳ ᠰᠢᠩᠭᠡᠭᠡᠨ ᠠᠪᠴᠤ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠬᠦ ᠪᠣᠳᠠᠲᠠᠶ ᠦᠢᠯᠡᠳᠦᠯᠭᠡ ᠳᠤᠮᠳᠠ ᠪᠦᠲᠦᠮᠵᠢᠲᠡᠶ ᠪᠠᠷ ᠬᠡᠷᠡᠭᠯᠡᠵᠦ᠂ ᠲᠥᠪ ᠬᠤᠲᠠ ᠶᠢᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠰᠡᠷᠭᠡᠶᠢᠯᠡᠨ ᠬᠢᠵᠠᠭᠠᠷᠯᠠᠬᠤ ᠠᠪᠤᠷᠠᠨ ᠵᠠᠰᠠᠬᠤ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠲᠥᠪ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠥᠷᠭᠡᠨ ᠣᠯᠠᠨ ᠲᠦᠮᠡᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠢ ᠬᠠᠮᠠᠭᠠᠯᠠᠬᠤ ᠳᠤ ᠪᠠᠲᠤ ᠪᠠᠬᠢ ᠪᠠᠲᠤᠯᠠᠭ᠎ᠠ ᠬᠠᠩᠭᠠᠬᠤ ᠬᠡᠷᠡᠭᠲᠡᠢ ᠭᠡᠪᠡ᠃      ᠰᠢᠨ᠎ᠡ ᠬᠤᠲᠠ ᠲᠣᠭᠤᠷᠢᠭ ᠬᠤᠪᠢᠶᠠᠷᠢ ᠬᠤᠷᠠᠯ ᠤᠨ ᠲᠠᠯᠠᠪᠠᠶ ᠪᠠᠶᠢᠭᠤᠯᠵᠤ᠂ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ ᠎ᠠ᠂ ᠲᠣᠭᠤᠷᠢᠭ ᠤᠨ ᠵᠠᠰᠠᠭ ᠤᠨ ᠣᠷᠳᠣᠨ᠂ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠭᠠᠵᠠᠷ ᠤᠨ ᠲᠠᠰ ᠠᠴᠠ ᠳᠡᠭᠡᠭᠰᠢᠬᠢ ᠺᠠᠳ᠋ᠷ︔ ᠲᠤᠭᠤᠷᠢᠭ ᠤᠨ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠤᠷᠰᠢᠯᠲᠠ ᠶᠢᠨ ᠳᠤᠮᠳᠠᠳᠤ ᠰᠤᠷᠭᠠᠭᠤᠯᠢ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠭᠤᠤᠯ ᠬᠠᠷᠢᠭᠤᠴᠠᠯᠭᠠᠲᠠᠨ ᠨᠥᠬᠦᠳ︔ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠲᠤᠭᠤᠷᠢᠭ ᠤᠨ ᠵᠠᠰᠠᠭ ᠤᠨ ᠣᠷᠳᠣᠨ᠂ ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠠᠯᠪᠠᠨ ᠬᠡᠷ ᠤᠨ ᠭᠤᠤᠯ ᠬᠠᠷᠢᠭᠤᠴᠠᠯᠭᠠᠲᠠᠨ︔ ᠲᠤᠭᠤᠷᠢᠭ ᠤᠨ ᠡᠯ᠎ᠡ ᠬᠡᠯᠲᠡᠰ ᠵᠥᠪᠯᠡᠯ ᠠᠯᠪᠠᠨ ᠭᠡᠷ ᠲᠣᠪᠴᠢᠶ᠎ᠠ᠂ ᠪᠤᠷᠤᠨᠬᠤᠰᠢᠭᠤ ᠪᠠᠯᠭᠠᠰᠤ᠂ ᠡᠯ᠎ᠡ ᠵᠡᠭᠡᠯᠢ ᠭᠤᠳᠤᠮᠵᠢ ᠵᠢᠴᠢ ᠡᠯ᠎ᠡ ᠠᠷᠠᠳ ᠤᠨ ᠪᠦᠯᠬᠦᠮ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠭᠤᠣᠯ ᠬᠠᠷᠢᠭᠤᠴᠠᠯᠭᠠᠲᠠᠨ ᠨᠥᠬᠦᠳ︔ ᠲᠤᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠪᠠᠭ ᠤᠨ ᠪᠦᠷᠢᠯᠳᠦᠬᠦᠨ ᠵᠢᠴᠢ ᠬᠠᠷᠢᠶ᠎ᠠ ᠬᠤᠶᠠᠳᠤᠭᠠᠷ ᠳᠡᠰ ᠤᠨ ᠨᠢᠭᠡᠴᠡ ᠶᠢᠨ ᠭᠤᠤᠯ ᠬᠠᠷᠢᠭᠤᠴᠠᠯᠭᠠᠲᠠᠨ ᠨᠥᠬᠦᠳ ᠲᠠᠶᠢᠯᠤᠮᠵᠢ ᠳᠤ ᠣᠷᠣᠯᠴᠠᠪᠠ᠃
 
ᠢᠷᠡᠯᠲᠡ᠄ ᠰᠢᠨ᠎ᠡ ᠬᠤᠲᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号