ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠬᠴᠢ ᠬᠠᠢ ᠴᠢᠤᠧᠠᠨ︶ ᠡᠨᠡ ᠵᠢᠯ ᠤᠨ | ᠳᠡᠭᠡᠷ᠎ᠡ ᠬᠠᠭᠠᠰ ᠵᠢᠯ ᠳᠤ᠂ ᠬᠦᠬᠡᠬᠤᠳᠠ ᠶᠢᠨ ᠢᠳᠡᠭᠡᠨ ᠢ ᠡᠳ᠋ᠰᠢᠬᠦᠯᠤᠨ ᠪᠤᠯᠪᠠᠰᠤᠷᠠᠭᠤᠯᠬᠤ᠂ ᠴᠠᠬᠢᠯᠭᠠᠨ ᠬᠦᠴᠦᠨ ᠤ | ᠡᠨᠧᠷᠬᠢ᠂ ᠴᠢᠯᠠᠭᠤᠨ ᠲᠤᠰᠤᠨ ᠤ ᠬᠢᠮᠢ ᠶᠢᠨ ᠠᠵᠤ ᠦᠢᠯᠡᠳᠪᠦᠷᠢ᠂ ᠠᠮᠢᠳᠤ ᠪᠤᠳᠠᠰ ᠤᠨ ᠡᠮ᠂ ᠭᠡᠷᠡᠯᠴᠢ ᠴᠡᠨᠡᠭ ᠤᠨ | ᠮᠠᠲ᠋ᠧᠷᠢᠶᠠᠯ᠂ ᠡᠯᠧᠺᠲᠷᠤᠨ ᠮᠡᠳᠡᠭᠡ ᠵᠠᠩᠬᠢ ᠵᠢᠷᠭᠤᠭᠠᠨ ᠲᠤᠮᠤ ᠲᠠᠪᠠᠭᠤᠯᠢᠬ ᠠᠵᠦ ᠦᠢᠯᠡᠰ ᠤᠨ ᠦᠢᠯᠡᠳᠬᠦᠨ ᠤ | ᠦᠷᠳᠡᠭ ᠨᠢ 588.2 ᠳ᠋ᠦᠩᠰᠢᠭᠤᠷ ᠲᠦᠬᠦᠷᠢᠭ ᠲᠤ ᠬᠦᠷᠴᠤ᠂ ᠨᠢᠳᠤᠨᠤᠨ ᠤ ᠠᠳᠠᠯᠢ ᠬᠤᠭᠤᠴᠠᠭ᠎ᠠ ᠶᠢᠨ ᠬᠢ ᠠᠴᠠ | 0.8% ᠪᠠᠷ ᠪᠠᠭᠤᠷᠠᠵᠦ᠂ ᠪᠦᠬᠦ ᠬᠤᠲᠠ ᠶᠢᠨ ᠠᠵᠤ ᠦᠢᠯᠡᠳᠪᠦᠷᠢ ᠶᠢᠨ ᠶᠡᠷᠦᠩᠬᠡᠢ ᠬᠡᠮᠵᠢᠶ᠎ᠡ ᠶᠢᠨ 81.7% ᠶᠢ | ᠡᠵᠡᠯᠡᠭᠰᠡᠨ ᠪᠠᠶᠢᠨ᠎ᠠ᠃ | ᠳᠡᠭᠡᠷ᠎ᠡ ᠬᠠᠭᠠᠰ ᠵᠢᠯ ᠳᠤ᠂ ᠬᠥᠬᠡᠬᠤᠲᠠ ᠶᠢᠨ ᠢᠳᠡᠭᠡᠨ ᠢ ᠡᠳ᠋ᠰᠢᠭᠦᠯᠦᠨ ᠪᠤᠯᠪᠠᠰᠤᠷᠠᠭᠤᠯᠬᠤ ᠠᠵᠦ | ᠦᠢᠯᠡᠰ ᠤᠨ ᠦᠢᠯᠡᠳᠬᠦᠨ ᠤ ᠦᠷᠳᠡᠭ ᠨᠢ 131 ᠳ᠋ᠦᠩᠰᠢᠭᠤᠷ ᠲᠦᠬᠦᠷᠢᠭ ᠲᠤ ᠬᠦᠷᠴᠤ᠂ ᠨᠢᠳᠤᠨᠤᠨ ᠤ ᠠᠳᠠᠯᠢ | ᠬᠤᠭᠤᠴᠠᠭ᠎ᠠ ᠶᠢᠨ ᠬᠢ ᠠᠴᠠ 20.4% ᠪᠠᠷ ᠨᠡᠮᠡᠭᠳᠡᠵᠦ᠂ ᠪᠦᠬᠦ ᠬᠤᠳᠠ ᠶᠢᠨ ᠠᠵᠦ ᠦᠢᠯᠡᠳᠪᠦᠷᠢ ᠶᠢᠨ ᠶᠡᠷᠦᠩᠬᠡᠢ | ᠬᠡᠮᠵᠢᠶ᠎ᠡ ᠳᠠᠬᠢ ᠡᠵᠡᠯᠡᠬᠦ ᠬᠤᠪᠢ ᠶᠢᠨ ᠵᠢᠩ ᠨᠢ 18.2% ᠲᠤ ᠬᠦᠷᠴᠡᠢ᠂ ᠡᠬᠦᠨ ᠳᠤ ᠰᠦ ᠶᠢᠨ ᠦᠢᠯᠡᠳᠬᠦᠨ ᠤ | ᠦᠷᠳᠡᠭ ᠨᠢ 94.4 ᠳ᠋ᠦᠩᠰᠢᠭᠤᠷ ᠲᠦᠬᠦᠷᠢᠭ ᠲᠤ ᠬᠦᠷᠴᠤ᠂ ᠨᠢᠳᠤᠨᠤᠨ ᠤ ᠠᠳᠠᠯᠢ ᠬᠤᠭᠤᠴᠠᠭ᠎ᠠ ᠶᠢᠨ ᠬᠢ ᠠᠴᠠ | 28.7% ᠪᠠᠷ ᠨᠡᠮᠡᠭᠳᠡᠵᠦ᠂ ᠪᠦᠬᠦ ᠬᠤᠲᠠ ᠶᠢᠨ ᠠᠵᠤ ᠦᠢᠯᠡᠳᠪᠦᠷᠢ ᠶᠢᠨ ᠶᠡᠷᠦᠩᠬᠡᠢ ᠬᠡᠮᠵᠢᠶ᠎ᠡ ᠳᠠᠬᠢ ᠡᠵᠡᠯᠡᠬᠦ | ᠬᠤᠪᠢ ᠶᠢᠨ ᠵᠢᠩ ᠨᠢ 13.1% ᠳᠤ ᠬᠦᠷᠴᠦ᠂ ᠰᠦ ᠶᠢᠨ ᠦᠢᠯᠡᠳᠬᠦᠨ ᠢ 80.4 ᠲᠦᠮᠡᠨ ᠲᠤᠨ | ᠦᠢᠯᠡᠳᠪᠦᠷᠢᠯᠡᠵᠦ᠂ ᠨᠢᠳᠤᠨᠤᠨ ᠤ ᠠᠳᠠᠯᠢ ᠬᠤᠭᠤᠴᠠᠭ᠎ᠠ ᠶᠢᠨ ᠬᠢ ᠠᠴᠠ 36.4% ᠪᠠᠷ ᠨᠡᠮᠡᠭᠳᠡᠭᠰᠡᠨ ᠪᠠᠶᠢᠨ᠎ᠠ᠃ | ᠴᠠᠬᠢᠯᠭᠠᠨ ᠬᠦᠴᠦᠨ ᠤ ᠡᠨᠧᠷᠬᠢ ᠶᠢᠨ ᠠᠵᠦ ᠦᠢᠯᠡᠰ ᠤᠨ ᠲᠠᠯ᠎ᠠ ᠪᠠᠷ᠂ ᠬᠢᠵᠢᠭ ᠤᠨ ᠪᠠᠶᠢᠳᠠᠯ ᠤᠨ ᠨᠦᠯᠦᠭᠡᠯᠡᠯ ᠠᠴᠠ | ᠪᠤᠯᠵᠦ᠂ ᠳ᠋ᠠ ᠲᠠᠩ ᠪᠦᠯᠦᠭᠯᠡᠯ ᠺᠤᠮᠫᠠᠨᠢ ᠶᠢᠨ ᠲᠤᠬᠳᠠᠬᠤ ᠴᠠᠬᠢᠯᠭᠠᠨ ᠭᠠᠷᠭᠠᠬᠤ ᠦᠢᠯᠡᠳᠪᠦᠷᠢ ᠵᠢᠴᠢ ᠬᠡᠰᠡᠭ | ᠴᠠᠬᠢᠯᠭᠠᠨ ᠬᠠᠩᠭᠠᠬᠤ ᠠᠵᠦ ᠠᠬᠤᠶᠢᠯᠠᠯ ᠤᠨ ᠴᠠᠬᠢᠯᠭᠠᠨ ᠬᠦᠴᠤᠨ ᠤ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ | ᠪᠠᠭᠠᠰᠤᠭᠰᠠᠨ ᠠᠴᠠ ᠪᠤᠯᠵᠦ᠂ ᠬᠥᠬᠡᠬᠤᠲᠠ ᠶᠢᠨ ᠴᠠᠬᠢᠯᠭᠠᠨ ᠬᠦᠴᠦᠨ ᠤ ᠡᠨᠧᠷᠬᠢ ᠶᠢᠨ ᠠᠵᠦ ᠦᠢᠯᠡᠰ ᠤᠨ | ᠦᠢᠯᠡᠳᠬᠦᠨ ᠤ ᠦᠷᠳᠡᠭ ᠨᠢ ᠠᠳᠠᠯᠢ ᠪᠤᠰᠤ ᠬᠡᠮᠵᠢᠶ᠎ᠡ ᠪᠠᠷ ᠪᠠᠭᠤᠷᠠᠵᠦ᠂ ᠳᠡᠭᠡᠷ᠎ᠡ ᠬᠠᠭᠠᠰ ᠵᠢᠯ ᠳᠤ᠂ | ᠬᠦᠬᠡᠬᠤᠳᠠ ᠶᠢᠨ ᠴᠠᠬᠢᠯᠭᠠᠨ ᠬᠦᠴᠦᠨ ᠤ ᠡᠨᠧᠷᠬᠢ ᠶᠢᠨ ᠠᠵᠦ ᠦᠢᠯᠡᠰ ᠤᠨ ᠦᠢᠯᠡᠳᠬᠦᠨ ᠤ ᠦᠷᠳᠡᠭ ᠨᠢ 192.6 | ᠳ᠋ᠦᠩᠰᠢᠭᠤᠷ ᠲᠦᠬᠦᠷᠢᠭ ᠲᠤ ᠬᠦᠷᠴᠤ᠂ ᠨᠢᠳᠤᠨᠤᠨ ᠤ ᠠᠳᠠᠯᠢ ᠬᠤᠭᠤᠴᠠᠭ᠎ᠠ ᠶᠢᠨ ᠬᠢ ᠠᠴᠠ 3.9% ᠪᠠᠷ | ᠪᠠᠭᠤᠷᠠᠵᠦ᠂ ᠪᠦᠬᠦ ᠬᠤᠳᠠ ᠶᠢᠨ ᠠᠵᠦ ᠦᠢᠯᠡᠳᠪᠦᠷᠢ ᠶᠢᠨ ᠶᠡᠷᠦᠩᠬᠡᠢ ᠬᠡᠮᠵᠢᠶ᠎ᠡ ᠳᠠᠬᠢ ᠡᠵᠡᠯᠡᠬᠦ ᠬᠤᠪᠢ ᠶᠢᠨ ᠵᠢᠩ ᠨᠢ | 26.8% ᠳᠤ ᠬᠦᠷᠴᠤ᠂ 274.4 ᠳ᠋ᠦᠩᠰᠢᠭᠤᠷ ᠺᠢᠯᠤᠸᠠᠲ ᠴᠠᠬᠢᠯᠭᠠᠨ ᠭᠠᠷᠭᠠᠵᠦ᠂ ᠨᠢᠳᠤᠨᠤᠨ ᠤ ᠠᠳᠠᠯᠢ | ᠬᠤᠭᠤᠴᠠᠭ᠎ᠠ ᠶᠢᠨ ᠬᠢ ᠠᠴᠠ 0.5% ᠪᠠᠷ ᠪᠠᠭᠤᠷᠠᠬᠰᠠᠨ ᠪᠠᠶᠢᠨ᠎ᠠ᠃ ᠴᠢᠯᠠᠭᠤᠨ ᠲᠤᠰᠤᠨ ᠤ ᠬᠢᠮᠢ ᠶᠢᠨ ᠠᠵᠤ | ᠦᠢᠯᠡᠳᠪᠦᠷᠢ ᠶᠢᠨ ᠠᠵᠤ ᠦᠢᠯᠡᠰ ᠤᠨ ᠲᠠᠯ᠎ᠠ ᠪᠠᠷ᠂ ᠳᠡᠭᠡᠷ᠎ᠡ ᠬᠠᠭᠠᠰ ᠵᠢᠯ ᠳᠤ᠂ ᠬᠥᠬᠡᠬᠤᠲᠠ ᠶᠢᠨ ᠴᠢᠯᠠᠭᠤᠨ | ᠲᠤᠰᠤ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠦᠢᠯᠡᠳᠬᠦᠨ ᠤ ᠥᠷᠲᠡᠭ ᠨᠢ 124.5 | ᠳ᠋ᠦᠩᠰᠢᠭᠤᠷ ᠲᠦᠬᠦᠷᠢᠭ ᠲᠤ ᠬᠦᠷᠴᠦ᠂ ᠨᠢᠳᠤᠨᠤᠨ ᠤ ᠠᠳᠠᠯᠢ ᠬᠤᠭᠤᠴᠠᠭ᠎ᠠ ᠶᠢᠨ ᠬᠢ ᠠᠴᠠ 14.2% ᠢᠶᠠᠷ | ᠪᠠᠭᠤᠷᠠᠵᠦ᠂ ᠪᠦᠬᠦ ᠬᠤᠲᠠ ᠶᠢᠨ ᠠᠵᠤ ᠦᠢᠯᠡᠳᠪᠦᠷᠢ ᠶᠢᠨ ᠶᠡᠷᠦᠩᠬᠡᠢ ᠬᠡᠮᠵᠢᠶ᠎ᠡ ᠳᠠᠬᠢ ᠡᠵᠡᠯᠡᠬᠦ ᠬᠤᠪᠢ ᠶᠢᠨ ᠵᠢᠩ | ᠨᠢ 17.3% ᠳᠤ ᠬᠦᠷᠴᠦ᠂ 14.8 ᠲᠦᠮᠡᠨ ᠲᠤᠨ ᠬᠢᠮᠢ ᠶᠢᠨ ᠪᠣᠷᠳᠣᠭᠤᠷ ᠦᠢᠯᠡᠳᠪᠦᠷᠢᠯᠡᠵᠦ᠂ ᠨᠢᠳᠤᠨᠤᠨ ᠤ | ᠠᠳᠠᠯᠢ ᠬᠤᠭᠤᠴᠠᠭ᠎ᠠ ᠶᠢᠨ ᠬᠢ ᠠᠴᠠ 36.2% ᠢᠶᠠᠷ ᠨᠡᠮᠡᠭᠳᠡᠵᠡᠢ᠃ ᠠᠮᠢᠳᠤ ᠪᠤᠳᠠᠰ ᠤᠨ ᠡᠮ ᠤᠨ ᠠᠵᠦ | ᠦᠢᠯᠡᠰ ᠤᠨ ᠲᠠᠯ᠎ᠠ ᠪᠠᠷ᠂ ᠳᠡᠭᠡᠷ᠎ᠡ ᠬᠠᠭᠠᠰ ᠵᠢᠯ ᠳᠤ᠂ ᠬᠦᠬᠡᠬᠤᠳᠠ ᠶᠢᠨ ᠠᠮᠢᠳᠤ ᠪᠤᠳᠠᠰ ᠤᠨ ᠡᠮ ᠤᠨ ᠠᠵᠦ | ᠦᠢᠯᠡᠰ ᠤᠨ ᠦᠢᠯᠡᠳᠬᠦᠨ ᠤ ᠦᠷᠳᠡᠭ ᠨᠢ 67.9 ᠳ᠋ᠦᠩᠰᠢᠭᠤᠷ ᠲᠦᠬᠦᠷᠢᠭ ᠲᠤ ᠬᠦᠷᠴᠤ᠂ ᠨᠢᠳᠤᠨᠤᠨ ᠤ ᠠᠳᠠᠯᠢ | ᠬᠤᠭᠤᠴᠠᠭ᠎ᠠ ᠶᠢᠨ ᠬᠢ ᠠᠴᠠ 9.6% ᠪᠠᠷ ᠨᠡᠮᠡᠭᠳᠡᠵᠦ᠂ ᠪᠦᠬᠦ ᠬᠤᠲᠠ ᠶᠢᠨ ᠠᠵᠦ ᠦᠢᠯᠡᠳᠪᠦᠷᠢ ᠶᠢᠨ ᠶᠡᠷᠦᠩᠬᠡᠢ | ᠬᠡᠮᠵᠢᠶ᠎ᠡ ᠳᠠᠬᠢ ᠡᠵᠡᠯᠡᠬᠦ ᠬᠤᠪᠢ ᠶᠢᠨ ᠵᠢᠩ ᠨᠢ 9.4% ᠳᠤ ᠬᠦᠷᠴᠡᠢ᠃ ᠭᠡᠷᠡᠯᠴᠢ ᠴᠡᠨᠡᠭ ᠢᠶᠠᠷ ᠲᠠᠭᠠᠭᠤᠯᠤᠬᠴᠢ | ᠪᠤᠯᠭᠠᠬᠰᠠᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠲᠠᠯ᠎ᠠ ᠪᠠᠷ᠂ ᠳᠡᠭᠡᠷ᠎ᠡ ᠬᠠᠭᠠᠰ ᠵᠢᠯ ᠳᠤ᠂ ᠵᠦᠩ ᠬᠤᠧᠠᠨ | ᠬᠡᠷᠡᠯᠴᠢ ᠴᠡᠨᠡᠭ ᠤᠨ ᠮᠠᠲ᠋ᠧᠷᠢᠶᠠᠯ ᠤᠨ ᠺᠤᠮᠫᠠᠨᠢ ᠪᠠᠷ ᠲᠠᠭᠠᠭᠤᠯᠤᠬᠴᠢ ᠪᠤᠯᠭᠠᠬᠰᠠᠨ ᠬᠦᠬᠡᠬᠤᠳᠠ ᠶᠢᠨ ᠰᠢᠨ᠎ᠡ | ᠮᠠᠲ᠋ᠧᠷᠢᠶᠠᠯ ᠤᠨ 14 ᠠᠵᠦ ᠠᠬᠤᠶᠢᠯᠠᠯ ᠤᠨ ᠦᠢᠯᠡᠳᠬᠦᠨ ᠤ ᠥᠷᠲᠡᠭ ᠨᠢ 64.4 ᠳ᠋ᠦᠩᠰᠢᠭᠤᠷ ᠲᠦᠬᠦᠷᠢᠭ ᠲᠤ | ᠬᠦᠷᠴᠦ᠂ ᠨᠢᠳᠤᠨᠤᠨ ᠤ ᠠᠳᠠᠯᠢ ᠬᠤᠭᠤᠴᠠᠭ᠎ᠠ ᠶᠢᠨ ᠬᠢ ᠠᠴᠠ 7.9% ᠪᠠᠷ ᠪᠠᠭᠤᠷᠠᠵᠦ᠂ ᠪᠦᠬᠦ ᠬᠤᠳᠠ ᠶᠢᠨ ᠠᠵᠦ | ᠦᠢᠯᠡᠳᠪᠦᠷᠢ ᠶᠢᠨ ᠶᠡᠷᠦᠩᠬᠡᠢ ᠬᠡᠮᠵᠢᠶ᠎ᠡ ᠳᠠᠬᠢ ᠡᠵᠡᠯᠡᠬᠦ ᠬᠤᠪᠢ ᠶᠢᠨ ᠵᠢᠩ ᠨᠢ 8.9% ᠳᠤ ᠬᠦᠷᠴᠡᠢ᠃ | ᠡᠯᠧᠺᠲᠷᠣᠨ ᠮᠡᠳᠡᠭᠡ ᠵᠠᠩᠬᠢ ᠶᠢᠨ ᠠᠵᠦ ᠦᠢᠯᠡᠰ ᠤᠨ ᠲᠠᠯ᠎ᠠ ᠪᠠᠷ᠂ ᠳᠡᠭᠡᠷ᠎ᠡ ᠬᠠᠭᠠᠰ ᠵᠢᠯ ᠳᠤ᠂ ᠬᠥᠬᠡᠬᠤᠲᠠ ᠶᠢᠨ | ᠡᠯᠧᠺᠲᠷᠣᠨ ᠮᠡᠳᠡᠭᠡ ᠵᠠᠩᠬᠢ ᠶᠢᠨ ᠠᠵᠦ ᠦᠢᠯᠡᠰ ᠤᠨ ᠦᠢᠯᠡᠳᠬᠦᠨ ᠤ ᠥᠷᠲᠡᠭ ᠨᠢ 7.8 ᠳ᠋ᠦᠩᠰᠢᠭᠤᠷ | ᠲᠦᠬᠦᠷᠢᠭ ᠲᠤ ᠬᠦᠷᠴᠤ᠂ ᠨᠢᠳᠤᠨᠤᠨ ᠤ ᠠᠳᠠᠯᠢ ᠬᠤᠭᠤᠴᠠᠭ᠎ᠠ ᠶᠢᠨ ᠬᠢ ᠠᠴᠠ 20.6% ᠪᠠᠷ ᠨᠡᠮᠡᠭᠳᠡᠵᠦ᠂ 64. | 6 ᠲᠦᠮᠡᠨ ᠰᠢᠩᠬᠡᠨ ᠲᠠᠯᠠᠰᠳᠤ ᠲᠧᠯᠧᠢᠰ ᠦᠢᠯᠡᠳᠪᠦᠷᠢᠯᠡᠵᠦ᠂ ᠨᠢᠳᠤᠨᠤᠨ ᠤ ᠠᠳᠠᠯᠢ ᠬᠤᠭᠤᠴᠠᠭ᠎ᠠ ᠶᠢᠨ ᠬᠢ ᠠᠴᠠ | 4.5% ᠪᠠᠷ ᠨᠡᠮᠡᠭᠳᠡᠭᠰᠡᠨ ᠪᠠᠶᠢᠨ᠎ᠠ᠃ |