ᠸᠠᠩ ᠯᠢ ᠰᠢᠶᠠ ᠦᠶᠡᠷ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠠᠵᠢᠯ ᠢ ᠪᠠᠶᠢᠴᠠᠭᠠᠨ ᠰᠤᠳᠤᠯᠬᠤ ᠳᠠᠭᠠᠨ ᠴᠢᠬᠤᠯᠠᠴᠢᠯᠠᠭᠰᠠᠨ ᠨᠢ  ︽ᠬᠤᠲᠠ ᠶᠢᠨ ᠶᠡᠭᠡ ᠲᠠᠷᠢᠬᠢ︾ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ ᠦᠶᠡᠷ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠶᠢᠨ ᠰᠢᠨᠵᠢᠯᠡᠬᠦ ᠤᠬᠠᠭᠠᠨᠴᠢ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠢ
ᠨᠡᠶᠢᠲᠡᠯᠡᠭᠰᠡᠨ ᠴᠠᠭ᠄
2020-07-29
      ︵ᠰᠤᠷᠪᠤᠯᠵᠢᠯᠠᠭᠴᠢ ᠹᠧᠩ ᠶᠠᠨ ᠫᠢᠩ︶ 7 ᠳ᠋ᠤᠭᠠᠷ ᠰᠠᠷ᠎ᠠ ᠶᠢᠨ 28 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠸᠠᠩ ᠯᠢ ᠰᠢᠶᠠ ᠬᠥᠬᠡᠬᠤᠲᠠ ᠶᠢᠨ ᠴᠠᠭ ᠠᠭᠤᠷ ᠤᠨ ᠲᠣᠪᠴᠢᠶᠠᠨ ᠳᠤ ᠬᠦᠷᠴᠦ᠂ ᠦᠶᠡᠷ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠠᠵᠢᠯ ᠳᠤ ᠪᠠᠶᠢᠴᠠᠭᠠᠨ ᠰᠤᠳᠤᠯᠤᠯᠲᠠ ᠬᠢᠪᠡ᠃ ᠸᠠᠩ ᠯᠢ ᠰᠢᠶᠠ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠠᠵᠢᠯ ᠳᠤ ᠬᠢᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠥᠮᠥᠨ ᠪᠠᠶᠢᠭᠠᠯᠢ ᠶᠢᠨ ᠬᠠᠷᠢᠴᠠᠭ᠎ᠠ ᠶᠢ ᠤᠬᠠᠮᠰᠠᠷ ᠠᠴᠠ ᠪᠠᠨ ᠨᠡᠩ ᠰᠠᠶᠢᠬᠠᠨ ᠰᠢᠢᠳᠪᠦᠷᠢᠯᠡᠵᠦ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠢᠴᠠᠭ᠎ᠠ ᠶᠢ ᠵᠥᠪ ᠣᠨᠣᠪᠴᠢᠲᠠᠢ ᠰᠢᠢᠳᠪᠦᠷᠢᠯᠡᠵᠦ ᠂ ︽ᠬᠤᠲᠠ ᠶᠢᠨ ᠶᠡᠭᠡ ᠲᠠᠷᠢᠬᠢ︾ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠦᠶᠡᠷ ᠢ ᠰᠡᠷᠭᠡᠶᠢᠯᠡᠬᠦ ᠶᠢᠨ ᠰᠢᠨᠵᠢᠯᠡᠬᠦ ᠤᠬᠠᠭᠠᠨᠴᠢ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠢ ᠭᠡᠪᠡ᠃      ᠪᠠᠶᠢᠴᠠᠭᠠᠨ ᠰᠤᠳᠤᠯᠤᠯᠲᠠ ᠳᠤᠮᠳᠠ᠂ ᠸᠠᠩ ᠯᠢ ᠰᠢᠶᠠ ᠬᠥᠬᠡᠬᠤᠲᠠ ᠶᠢᠨ ᠴᠠᠭ ᠠᠭᠤᠷ ᠤᠨ ᠲᠣᠪᠴᠢᠶᠠᠨ ᠤ ᠭᠠᠮᠰᠢᠭ ᠢ ᠰᠡᠷᠭᠡᠶᠢᠯᠡᠬᠦ ᠵᠢᠯᠣᠭᠤᠳᠬᠤ ᠲᠥᠪ ᠲᠤ ᠬᠦᠷᠴᠦ᠂ ᠴᠠᠭ ᠠᠭᠤᠷ ᠤᠨ ᠭᠠᠮᠰᠢᠭ ᠢ ᠰᠡᠷᠡᠮᠵᠢᠯᠡᠭᠦᠯᠵᠦ ᠪᠠᠴᠢᠮ ᠪᠠᠶᠢᠳᠠᠯ ᠢ ᠠᠷᠭᠠᠴᠠᠭᠠᠬᠤ ᠵᠢᠯᠣᠭᠤᠳᠬᠤ ᠲᠠᠪᠴᠠᠩ ᠳᠡᠭᠡᠷ᠎ᠡ ᠠᠴᠠ ᠬᠤᠵᠢᠷ ᠤᠨ ᠭᠤᠤ᠂ ᠬᠠᠷᠠᠴᠢᠨ ᠭᠤᠤ᠂ ᠬᠠᠯᠠᠭᠠᠢ ᠭᠤᠤ ᠵᠡᠷᠭᠡ ᠭᠤᠤ ᠶᠢᠨ ᠰᠢᠰᠲ᠋ᠧᠮ᠂ ᠶᠡᠭᠡ ᠲᠦᠷᠭᠡᠨ ᠭᠤᠣᠯ᠂ ᠪᠠᠭ᠎ᠠ ᠲᠦᠷᠭᠡᠨ ᠭᠤᠣᠯ ᠵᠡᠷᠭᠡ ᠭᠤᠣᠯ ᠤᠨ ᠵᠠᠮ ᠵᠢᠴᠢ ᠬᠤᠲᠠ ᠶᠢᠨ ᠳᠥᠷᠪᠡᠨ ᠲᠣᠭᠤᠷᠢᠭ ᠪᠠ ᠬᠤᠰᠢᠭᠤ ᠰᠢᠶᠠᠨ ᠲᠣᠭᠤᠷᠢᠭ ᠤᠨ ᠲᠣᠨᠳᠠᠰᠤ ᠶᠢᠨ ᠬᠡᠮᠵᠢᠶ᠎ᠡ᠂ ᠬᠤᠲᠠ ᠶᠢᠨ ᠤᠰᠤᠳᠤᠯ ᠤᠨ ᠪᠠᠶᠢᠳᠠᠯ ᠢ ᠪᠠᠶᠢᠴᠠᠭᠠᠨ ᠦᠵᠡᠪᠡ᠃      ᠸᠠᠩ ᠯᠢ ᠰᠢᠶᠠ ᠴᠢᠬᠤᠯᠠᠴᠢᠯᠠᠭᠰᠠᠨ ᠨᠢ᠂ ᠦᠶᠡᠷ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠨᠢ ᠣᠯᠠᠨ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠬᠥᠭᠵᠢᠯᠲᠡ ᠳᠤ ᠬᠤᠯᠪᠣᠭᠳᠠᠨ᠎ᠠ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠦᠵᠡᠯᠲᠡ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠰᠢᠰᠲ᠋ᠧᠮᠵᠢ ᠶᠢ ᠲᠡᠭᠦᠯᠳᠡᠷᠵᠢᠭᠦᠯᠵᠦ᠂ ᠡᠬᠢ ᠪᠠᠶᠠᠯᠢᠭ ᠢ ᠨᠡᠶᠢᠳᠬᠡᠵᠦ᠂ ᠬᠦᠴᠦᠨ ᠵᠦᠢᠯ ᠢ ᠨᠢᠭᠡᠳᠦᠯᠲᠡᠢ ᠲᠥᠯᠥᠪᠵᠢᠭᠦᠯᠦᠨ᠂ ᠲᠤᠯᠭᠠᠮ᠎ᠠ ᠰᠡᠳᠬᠢᠯᠭᠡ᠂  ᠬᠠᠷᠢᠭᠤᠴᠠᠯᠭᠠᠳᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠶᠡᠷᠦᠩᠬᠡᠢ ᠴᠢᠳᠠᠪᠤᠷᠢ ᠪᠠᠨ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ ᠭᠡᠪᠡ᠃      ᠸᠠᠩ ᠯᠢ ᠰᠢᠶᠠ ᠴᠢᠬᠤᠯᠠᠴᠢᠯᠠᠭᠰᠠᠨ ᠨᠢ᠂ ᠣᠳᠣ ᠶᠢᠨ ᠪᠠᠶᠢᠭ᠎ᠠ ᠰᠠᠭᠤᠷᠢᠨ ᠳᠡᠭᠡᠷ᠎ᠡ᠂ ︽ᠬᠤᠲᠠ ᠶᠢᠨ ᠶᠡᠭᠡ ᠲᠠᠷᠢᠬᠢ︾ ᠶᠢᠨ ᠪᠦᠲᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ ᠣᠶᠣᠨᠲᠣ ᠤᠰᠤᠨ ᠤ ᠶᠠᠪᠤᠳᠠᠯ᠂ ᠣᠶᠣᠨᠲᠤ ᠪᠠᠴᠢᠮ ᠪᠠᠶᠢᠳᠠᠯ ᠢ ᠠᠷᠭᠠᠴᠠᠭᠠᠬᠤ᠂ ᠣᠶᠤᠨᠲᠤ ᠣᠢ ᠰᠢᠭᠤᠢ ᠨᠤᠲᠤᠭ ᠪᠡᠯᠴᠢᠭᠡᠷ ᠵᠡᠷᠭᠡ ᠡᠬᠢ ᠪᠠᠶᠠᠯᠢᠭ ᠢ ᠨᠢᠭᠡᠳᠦᠯᠲᠡᠢ ᠲᠥᠯᠥᠪᠵᠢᠭᠦᠯᠦᠨ᠂ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ᠂ ᠬᠡᠷᠡᠭᠯᠡᠭᠡ ᠶᠢ ᠬᠤᠯᠪᠤᠯᠳᠤᠭᠤᠯᠬᠤ ᠶᠢ ᠪᠡᠶᠡᠯᠡᠭᠦᠯᠵᠦ᠂ ᠲᠤᠭ᠎ᠠ ᠪᠠᠷᠢᠮᠲᠠ ᠪᠠᠷ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠶᠡᠷᠦᠩᠬᠡᠶᠢᠯᠡᠨ ᠮᠠᠭᠠᠳᠯᠠᠬᠤ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠬᠦᠴᠦᠲᠡᠢ ᠦᠨᠳᠦᠰᠦᠯᠡᠯ ᠬᠠᠩᠭᠠᠵᠤ᠂ ᠬᠢᠨᠠᠨ ᠬᠡᠮᠵᠢᠬᠦ ᠤᠷᠢᠳᠴᠢᠯᠠᠨ ᠮᠠᠭᠠᠳᠯᠠᠬᠤ ᠤᠷᠢᠳᠴᠢᠯᠠᠨ ᠰᠡᠷᠡᠮᠵᠢᠯᠡᠭᠦᠯᠬᠦ ᠵᠡᠷᠭᠡ ᠶᠡᠷᠦᠩᠬᠡᠶᠢᠯᠡᠭᠰᠡᠨ ᠦᠢᠯᠡᠴᠢᠯᠡᠭᠡ ᠶᠢᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠢ ᠭᠡᠪᠡ᠃      ᠬᠤᠲᠠ ᠶᠢᠨ ᠤᠳᠤᠷᠢᠳᠤᠯᠭ᠎ᠠ ᠦ᠋ ᠸᠧᠨ ᠮᠢᠩ᠂ ᠶᠦᠨ ᠰᠢᠨ ᠮᠢᠩ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号