ᠬᠦᠬᠡᠬᠤᠳᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠲᠣᠭᠲᠠᠭᠠᠯ ᠠᠴᠠ ᠵᠥᠷᠢᠴᠡᠨ ︽ᠰᠤᠷᠭᠠᠭᠤᠯᠢ ᠳᠡᠪᠰᠢᠬᠦ ᠶᠢ ᠪᠡᠯᠭᠡᠯᠡᠬᠦ ᠳᠠᠶᠢᠯᠠᠯᠭ᠎ᠠ︾ ︽ᠪᠠᠭᠰᠢ ᠨᠠᠷ ᠲᠤ ᠲᠠᠯᠠᠷᠬᠠᠬᠤ ᠳᠠᠶᠢᠯᠠᠯᠭ᠎ᠠ︾ ᠬᠢᠵᠦ ᠡᠳ᠋ ᠮᠥᠩᠭᠦ ᠬᠤᠷᠢᠶᠠᠬᠤ ᠭᠠᠵᠢᠭᠤ ᠰᠤᠷᠲᠠᠯ ᠢ ᠴᠢᠩᠭ᠎ᠠ ᠪᠠᠶᠢᠴᠠᠭᠠᠵᠤ ᠪᠠᠶᠢᠨ᠎ᠠ
ᠨᠡᠶᠢᠲᠡᠯᠡᠭᠰᠡᠨ ᠴᠠᠭ᠄
2020-07-29
      ᠪᠠᠰᠠ ᠨᠢᠭᠡ ᠵᠢᠯ ᠤᠨ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠪᠠᠷ  ᠰᠤᠷᠤᠬᠴᠢ ᠡᠯᠰᠡᠬᠦ  ᠪᠠ ᠳᠤᠮᠳᠠᠳᠤ ᠰᠤᠷᠭᠠᠭᠤᠯᠢ ᠳᠤ ᠰᠣᠷᠣᠭᠴᠢ ᠡᠯᠰᠡᠬᠦ ᠠᠵᠢᠯ ᠤᠳᠠᠯ ᠥᠬᠡᠶ ᠡᠬᠢᠯᠡᠬᠦ ᠶᠢ ᠳᠠᠭᠠᠯᠳᠤᠨ᠂ ᠲᠣᠭᠲᠠᠭᠠᠯ ᠢ ᠵᠥᠷᠢᠴᠡᠨ ︽ᠰᠤᠷᠭᠠᠭᠤᠯᠢ ᠳᠡᠪᠰᠢᠬᠦ ᠶᠢ ᠪᠡᠯᠭᠡᠯᠡᠬᠦ ᠳᠠᠶᠢᠯᠠᠯᠭ᠎ᠠ︾᠂ ︽ᠪᠠᠭᠰᠢ ᠨᠠᠷ ᠲᠤ ᠲᠠᠯᠠᠷᠬᠠᠬᠤ ᠳᠠᠶᠢᠯᠠᠯᠭ᠎ᠠ︾ ᠬᠢᠬᠦ ᠠᠰᠠᠭᠤᠳᠠᠯ ᠴᠤ ᠠᠮᠠᠷᠬᠠᠨ ᠭᠠᠷᠳᠠᠭ᠃ ᠪᠦᠬᠦ ᠬᠤᠲᠠ ᠶᠢᠨ ᠰᠤᠷᠭᠠᠨ ᠬᠥᠮᠦᠵᠢᠯ ᠤᠨ ᠰᠢᠰᠲ᠋ᠧᠮ ᠤᠨ ᠨᠠᠮ ᠤᠨ ᠭᠡᠰᠢᠭᠦᠨ ᠺᠠᠳ᠋ᠷ᠂ ᠠᠯᠪᠠᠨ ᠲᠤᠰᠢᠶᠠᠯᠲᠠᠨ᠂ ᠪᠠᠭᠰᠢ ᠨᠠᠷ ᠤᠨ ᠲᠣᠭᠲᠠᠭᠠᠯ ᠠᠴᠠ ᠵᠥᠷᠢᠴᠡᠨ ︽ᠰᠤᠷᠭᠠᠭᠤᠯᠢ ᠳᠡᠪᠰᠢᠬᠦ ᠶᠢ ᠪᠡᠯᠭᠡᠯᠡᠬᠦ ᠳᠠᠶᠢᠯᠠᠯᠭ᠎ᠠ︾᠂ ︽ᠪᠠᠭᠰᠢ ᠨᠠᠷ ᠲᠤ ᠲᠠᠯᠠᠷᠬᠠᠬᠤ ᠳᠠᠶᠢᠯᠠᠯᠭ᠎ᠠ︾ ᠬᠢᠬᠦ ᠵᠡᠷᠭᠡ ᠰᠠᠬᠢᠯᠭ᠎ᠠ ᠪᠠᠲᠤ ᠶᠢ ᠵᠥᠷᠢᠴᠡᠬᠦ ᠠᠰᠠᠭᠤᠳᠠᠯ ᠭᠠᠷᠭᠠᠬᠤ ᠶᠢ ᠦᠷᠭᠦᠯᠵᠢᠯᠡᠨ᠂ ᠪᠦᠲᠦᠮᠵᠢᠲᠡᠶ᠂ ᠴᠢᠭᠯᠡᠬᠦᠯᠦᠯᠳᠡᠢ ᠪᠠᠷ ᠤᠷᠢᠳᠴᠢᠯᠠᠨ ᠰᠡᠷᠭᠡᠶᠢᠯᠡᠬᠦ ᠶᠢᠨ ᠲᠥᠯᠥᠭᠡ ᠬᠥᠬᠡᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠠᠴᠠ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠳᠤ ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠨᠢ ᠮᠡᠳᠡᠭᠳᠡᠯ ᠳᠠᠷᠤᠮᠠᠯᠯᠠᠨ ᠲᠠᠷᠬᠠᠭᠠᠬᠤ᠂ ᠰᠠᠨᠠᠭᠤᠯᠭ᠎ᠠ ᠶᠢᠨ ᠣᠬᠤᠷ ᠮᠡᠳᠡᠭᠡ ᠶᠠᠪᠤᠭᠤᠯᠬᠤ᠂ ᠢᠯᠡᠴᠢᠯᠡᠨ ᠮᠡᠳᠡᠭᠦᠯᠬᠦ ᠤᠲᠠᠰᠤ ᠪᠠᠨ ᠨᠡᠶᠢᠲᠡᠯᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ︽ᠰᠤᠷᠭᠠᠭᠤᠯᠢ ᠳᠡᠪᠰᠢᠬᠦ ᠶᠢ ᠪᠡᠯᠭᠡᠯᠡᠬᠦ ᠳᠠᠶᠢᠯᠠᠯᠭ᠎ᠠ︾᠂ ︽ᠪᠠᠭᠰᠢ ᠨᠠᠷ ᠲᠤ ᠲᠠᠯᠠᠷᠬᠠᠬᠤ ᠳᠠᠶᠢᠯᠠᠯᠭ᠎ᠠ︾ ᠬᠢᠬᠦ ᠳᠤ ᠬᠠᠨᠳᠤᠭᠤᠯᠤᠨ ᠲᠠᠬᠢᠨᠳᠠ ᠰᠡᠷᠡᠮᠵᠢᠯᠡᠬᠦᠯᠦᠨ ᠰᠠᠨᠠᠭᠤᠯᠤᠬᠰᠠᠨ ᠪᠠᠶᠢᠨ᠎ᠠ᠃      ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠳᠤ ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠠᠴᠠ ᠣᠶᠢᠯᠠᠭᠠᠭᠰᠠᠨ ᠢᠶᠠᠷ᠂ ᠲᠣᠰ ᠤᠳᠠᠭᠠᠨ ᠤ ᠳᠠᠷᠤᠮᠠᠯᠯᠠᠨ ᠲᠠᠷᠬᠠᠭᠠᠬᠰᠠᠨ ᠮᠡᠳᠡᠭᠳᠡᠯ ᠳᠡᠭᠡᠨ᠂ ᠪᠥᠬᠦ ᠬᠤᠲᠠ ᠶᠢᠨ ᠰᠤᠷᠭᠠᠨ ᠬᠥᠮᠦᠵᠢᠯ ᠤᠨ ᠰᠢᠰᠲ᠋ᠧᠮ ᠤᠨ ᠨᠠᠮ ᠤᠨ ᠭᠡᠰᠢᠭᠦᠨ ᠺᠠᠳ᠋ᠷ᠂ ᠠᠯᠪᠠᠨ ᠲᠤᠰᠢᠶᠠᠯᠲᠠᠨ᠂ ᠪᠠᠭᠰᠢ ᠢᠯᠠᠩᠭᠤᠶ᠎ᠠ ᠤᠳᠤᠷᠢᠳᠬᠤ ᠺᠠᠳ᠋ᠷ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠡᠯ᠎ᠡ ᠵᠦᠢᠯ ᠤᠨ ᠲᠣᠭᠲᠠᠭᠠᠯ ᠢ ᠲᠦᠷᠦᠭᠦᠯᠡᠨ ᠬᠡᠷᠡᠭᠵᠢᠭᠦᠯᠵᠦ᠂ ᠦᠯᠢᠭᠡᠷ ᠳᠠᠭᠤᠷᠢᠶᠠᠯ ᠪᠣᠯᠵᠤ᠂ ᠲᠥᠪ ᠰᠤᠷᠲᠠᠯ ᠢ ᠡᠷᠬᠢᠮᠯᠡᠵᠦ᠂ ᠰᠢᠨ᠎ᠡ ᠰᠤᠷᠲᠠᠯ ᠢ ᠪᠤᠢ ᠪᠣᠯᠭᠠᠵᠤ᠂ ᠨᠠᠮ ᠤᠨ ᠰᠠᠬᠢᠯᠭ᠎ᠠ ᠪᠠᠳᠤ ᠵᠠᠰᠠᠭ ᠤᠨ ᠰᠠᠬᠢᠯᠭ᠎ᠠ ᠪᠠᠲᠤ ᠶᠢᠨ ᠲᠥᠪ ᠴᠢᠩᠭ᠎ᠠ ᠴᠢᠨᠠᠷ ᠢ ᠤᠬᠠᠮᠰᠠᠷ ᠠᠴᠠ ᠪᠠᠨ ᠬᠠᠮᠠᠭᠠᠯᠠᠵᠤ᠂ ︽ᠲᠠᠪᠤ ᠶᠢ ᠴᠢᠩᠭ᠎ᠠ ᠴᠠᠭᠠᠵᠠᠯᠠᠬᠤ︾ ᠶᠢ ᠢᠮᠠᠭᠲᠠ ᠪᠡᠶᠡᠯᠡᠭᠦᠯᠬᠦ ᠬᠡᠷᠡᠭᠲᠡᠶ ᠭᠡᠵᠦ ᠲᠣᠳᠣᠷᠬᠠᠶ ᠱᠠᠭᠠᠷᠳᠠᠪᠠ᠄ ᠲᠤᠬᠠᠶᠢᠯᠠᠪᠠᠯ ᠦᠷ᠎ᠡ ᠬᠡᠤᠬᠡᠳ ᠤᠨ ᠢᠶᠠᠨ ᠰᠤᠷᠭᠠᠭᠤᠯᠢ ᠲᠡᠭᠦᠰᠬᠦ᠂ ᠰᠤᠷᠭᠠᠭᠤᠯᠢ ᠳᠡᠪᠰᠢᠬᠦ ᠲᠣᠬᠢᠶᠠᠯ ᠢ ᠠᠰᠢᠭᠯᠠᠨ ︽ᠰᠤᠷᠭᠠᠭᠤᠯᠢ ᠳᠡᠪᠰᠢᠬᠦ ᠶᠢ ᠪᠡᠯᠭᠡᠯᠡᠬᠦ ᠳᠠᠶᠢᠯᠠᠯᠭ᠎ᠠ︾᠂ ︽ᠪᠠᠭᠰᠢ ᠨᠠᠷ ᠲᠤ ᠲᠠᠯᠠᠷᠬᠠᠬᠤ ᠳᠠᠶᠢᠯᠠᠯᠭ᠎ᠠ︾ ᠬᠢᠬᠦ ᠪᠤᠶᠤ ᠪᠤᠰᠤᠳ ᠤᠨ ᠨᠡᠷ᠎ᠡ ᠪᠠᠷ ᠤᠷᠢᠳᠴᠢᠯᠠᠨ ᠬᠢᠬᠦ᠂ ᠪᠦᠯᠦᠭ ᠤᠳᠠᠭ᠎ᠠ ᠬᠤᠪᠢᠶᠠᠬᠤ᠂ ᠭᠠᠵᠠᠷ ᠣᠷᠣᠨ ᠬᠤᠪᠢᠶᠠᠬᠤ ᠵᠡᠷᠭᠡ ᠠᠷᠭ᠎ᠠ ᠮᠠᠶ᠋ᠢᠭ ᠢᠶᠠᠷ ᠬᠡᠯᠪᠡᠷᠢ ᠶᠢ ᠨᠢ ᠥᠭᠡᠷᠡᠲᠦᠭᠦᠯᠦᠨ ︽ᠰᠤᠷᠭᠠᠭᠤᠯᠢ ᠳᠡᠪᠰᠢᠬᠦ ᠶᠢ ᠪᠡᠯᠭᠡᠯᠡᠬᠦ ᠳᠠᠶᠢᠯᠠᠯᠭ᠎ᠠ︾᠂ ︽ᠪᠠᠭᠰᠢ ᠨᠠᠷ ᠲᠤ ᠲᠠᠯᠠᠷᠬᠠᠬᠤ ᠳᠠᠶᠢᠯᠠᠯᠭ᠎ᠠ︾ ᠬᠢᠬᠦ ᠵᠡᠷᠭᠡ ᠲᠥᠷᠥᠯ ᠰᠠᠳᠤᠨ ᠪᠤᠰᠤ ᠬᠦᠮᠦᠰ ᠴᠤᠭᠯᠠᠷᠠᠨ ᠬᠤᠭᠤᠯᠠ ᠢᠳᠡᠬᠦ ᠳᠠᠶᠢᠯᠠᠯᠭ᠎ᠠ ᠬᠢᠵᠦ ᠡᠳ᠋ ᠮᠥᠩᠭᠦ ᠬᠤᠷᠢᠶᠠᠬᠤ ᠶᠢ ᠴᠢᠩᠭ᠎ᠠ ᠴᠠᠭᠠᠵᠠᠯᠠᠬᠤ ᠬᠡᠷᠡᠭᠲᠡᠶ︔ ᠲᠥᠷᠥᠯ ᠰᠠᠳᠤᠨ ᠪᠤᠰᠤ ᠬᠦᠮᠦᠰ ᠴᠤᠭᠯᠠᠷᠠᠨ ᠬᠤᠭᠤᠯᠠ ᠢᠳᠡᠬᠦ ︽ᠰᠤᠷᠭᠠᠭᠤᠯᠢ ᠳᠡᠪᠰᠢᠬᠦ ᠶᠢ ᠪᠡᠯᠭᠡᠯᠡᠬᠦ ᠳᠠᠶᠢᠯᠠᠯᠭ᠎ᠠ︾᠂ ︽ᠪᠠᠭᠰᠢ ᠨᠠᠷ ᠲᠤ ᠲᠠᠯᠠᠷᠬᠠᠬᠤ ᠳᠠᠶᠢᠯᠠᠯᠭ᠎ᠠ︾ ᠵᠢᠴᠢ ᠪᠤᠰᠤᠳ ᠠᠳᠠᠯᠢᠪᠲᠤᠷ ᠮᠠᠶ᠋ᠢᠭ ᠤᠨ ᠳᠠᠶᠢᠯᠠᠯᠭ᠎ᠠ ᠳᠤ ᠣᠷᠣᠬᠤ ᠶᠢ ᠴᠢᠩᠭ᠎ᠠ ᠴᠠᠭᠠᠵᠠᠯᠠᠬᠤ ᠬᠡᠷᠡᠭᠲᠡᠶ︔ ᠡᠷᠬᠡ ᠲᠤᠰᠢᠶᠠᠯ ᠤᠨ ᠨᠦᠯᠦᠭᠡ ᠪᠠ ᠪᠠᠭᠰᠢ ᠶᠢᠨ ᠪᠡᠶ᠎ᠡ ᠶᠢᠨ ᠭᠠᠷᠤᠯ ᠤᠨ ᠨᠥᠯᠥᠭᠡ ᠪᠠᠨ ᠠᠰᠢᠭᠯᠠᠨ᠂ ᠦᠷ᠎ᠡ ᠬᠡᠤᠬᠡᠳ ᠤᠨ ᠢᠶᠠᠨ ᠰᠤᠷᠭᠠᠭᠤᠯᠢ ᠲᠡᠭᠦᠰᠬᠦ᠂ ᠰᠤᠷᠭᠠᠭᠤᠯᠢ ᠳᠡᠪᠰᠢᠬᠦ ᠲᠣᠬᠢᠶᠠᠯ ᠢᠶᠠᠷ ᠪᠡᠯᠡᠭ ᠤᠨ ᠡᠳ᠋᠂ ᠪᠡᠯᠡᠭ ᠤᠨ ᠮᠥᠩᠭᠦ᠂ ᠬᠡᠷᠡᠭᠯᠡᠭᠡᠨ ᠤ ᠺᠠᠷᠲ ᠵᠡᠷᠭᠡ ᠵᠣᠭᠤᠰ ᠮᠥᠩᠭᠦ ᠡᠳ᠋ ᠪᠣᠳᠠᠰ ᠢ ᠭᠥᠯᠢᠶᠡᠨ ᠠᠪᠬᠤ ᠶᠢ ᠴᠢᠩᠭ᠎ᠠ ᠴᠠᠭᠠᠵᠠᠯᠠᠬᠤ ᠬᠡᠷᠡᠭᠲᠡᠶ︔ ᠤᠷᠠᠨ ᠢᠶᠠᠷ ᠨᠡᠷ᠎ᠡ ᠵᠢᠭᠠᠵᠤ ᠠᠯᠪᠠᠨ ᠤ ᠵᠣᠭᠤᠰ ᠪᠤᠶᠤ ᠠᠵᠤ ᠠᠬᠤᠶᠢᠯᠠᠯ᠂ ᠬᠠᠮᠢᠶᠠᠷᠤᠯᠲᠠ ᠶᠢᠨ  ᠦᠢᠡᠯᠴᠢᠯᠡᠭᠡᠨ ᠤ ᠡᠲᠡᠭᠡᠳ ᠤᠨ ᠵᠣᠭᠤᠰ ᠮᠥᠩᠭᠦ ᠡᠳ᠋ ᠪᠣᠳᠠᠰ ᠢᠶᠠᠷ ᠳᠠᠶᠢᠯᠠᠯᠭ᠎ᠠ ᠬᠢᠬᠦ᠂ ᠦᠷ᠎ᠡ ᠬᠡᠤᠬᠡᠳ ᠤᠨ ᠢᠶᠠᠨ ᠰᠤᠷᠤᠯᠭ᠎ᠠ ᠶᠢᠨ ᠵᠠᠷᠤᠳᠠᠯ ᠢ ᠳᠠᠩᠰᠠ ᠠᠴᠠ ᠲᠠᠶᠢᠯᠬᠤ ᠵᠡᠷᠭᠡ ᠶᠢ ᠴᠢᠩᠭ᠎ᠠ ᠴᠠᠭᠠᠵᠠᠯᠠᠬᠤ ᠬᠡᠷᠡᠭᠲᠡᠶ ︔ ᠠᠯᠪᠠᠨ ᠤ ᠲᠡᠷᠭᠡ᠂ ᠠᠯᠪᠠᠨ ᠤ ᠵᠣᠭᠤᠰ ᠢ ᠬᠥᠳᠡᠯᠭᠡᠨ ᠬᠡᠷᠡᠭᠯᠡᠬᠦ ᠪᠤᠶᠤ ᠠᠵᠤ ᠠᠬᠤᠶᠢᠯᠠᠯ᠂ ᠬᠠᠮᠢᠶᠠᠷᠤᠯᠲᠠ ᠶᠢᠨ  ᠦᠢᠯᠡᠴᠢᠯᠡᠭᠡᠨ ᠤ ᠡᠲᠡᠭᠡᠳ ᠤᠨ ᠲᠡᠷᠭᠡ ᠬᠥᠰᠬᠡ᠂ ᠵᠣᠭᠤᠰ ᠮᠥᠩᠭᠦ ᠪᠠᠷ ᠦᠷ᠎ᠡ ᠬᠡᠤᠬᠡᠳ ᠢᠶᠠᠨ ᠲᠤᠰᠬᠤ ᠪᠤᠶᠤ ᠰᠤᠷᠭᠠᠭᠤᠯᠢ ᠳᠤ ᠬᠦᠷᠭᠡᠬᠦ᠂ ᠭᠠᠳᠠᠭᠰᠢ ᠭᠠᠷᠴᠤ ᠲᠤᠭᠤᠷᠢᠨ ᠵᠤᠭᠠᠴᠠᠬᠤ ᠵᠡᠷᠭᠡ ᠶᠢ ᠴᠢᠩᠭ᠎ᠠ ᠴᠠᠭᠠᠵᠠᠯᠠᠬᠤ ᠬᠡᠷᠡᠭᠲᠡᠶ ᠬᠡᠵᠦ ᠱᠠᠭᠠᠷᠳᠠᠵᠠᠢ᠃      ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠳᠤ ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠠᠵᠢᠯᠲᠠᠨ ᠨᠠᠳᠠ ᠳᠤ᠄ ︽ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭᠠᠷᠠᠭᠤᠯᠤᠨ ᠪᠣᠳᠠᠲᠠᠶᠢᠵᠢᠭᠤᠯᠵᠦ᠂ ᠪᠦᠬᠦ ᠬᠤᠲᠠ ᠶᠢᠨ ᠰᠤᠷᠭᠠᠨ ᠬᠥᠮᠦᠵᠢᠯ ᠤᠨ ᠰᠢᠰᠲ᠋ᠧᠮ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠠ ᠪᠠᠭᠰᠢ ᠠᠵᠢᠯᠲᠠᠨ ᠠᠵᠢᠯᠴᠢᠨ ᠤ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠠᠵᠢᠯ ᠢ ᠠᠬᠢᠭᠤᠯᠬᠤ ᠶᠢᠨ ᠲᠥᠯᠥᠭᠡ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠬᠢᠨ ᠡᠯ᠎ᠡ ᠰᠢᠭᠤᠳ ᠬᠠᠷᠢᠶ᠎ᠠ ᠰᠤᠷᠭᠠᠭᠤᠯᠢ᠂ ᠰᠢᠭᠤᠳ ᠬᠠᠷᠢᠶ᠎ᠠ ᠨᠢᠭᠡᠴᠢ᠂ ᠪᠠᠶᠢᠭᠤᠯᠭ᠎ᠠ ᠶᠢᠨ ᠡᠯ᠎ᠡ ᠰᠠᠯᠠᠭ᠎ᠠ ᠲᠠᠰᠤᠭ ᠵᠡᠷᠭᠡ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠰᠦᠯᠵᠢᠶ᠎ᠡ᠂ ᠬᠤᠷᠠᠯ᠂ ᠤᠬᠠᠭᠤᠯᠭ᠎ᠠ ᠶᠢᠨ ᠪᠤᠯᠤᠩ᠂ ᠤᠯᠠᠨ ᠨᠡᠶᠢᠲᠡ ᠶᠢᠨ ᠨᠣᠮᠧᠷ ᠵᠡᠷᠭᠡ ᠲᠠᠪᠴᠠᠩ ᠢ ᠭᠦᠢᠴᠡᠳ ᠠᠰᠢᠭᠯᠠᠨ ᠡᠯ᠎ᠡ ᠵᠦᠢᠯ ᠤᠨ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠥᠷᠭᠡᠨ ᠢᠶᠠᠷ ᠤᠬᠠᠭᠤᠯᠵᠤ᠂ ᠨᠠᠮ ᠤᠨ ᠭᠡᠰᠢᠭᠦᠨ ᠺᠠᠳ᠋ᠷ᠂ ᠠᠯᠪᠠᠨ ᠲᠤᠰᠢᠶᠠᠯᠲᠠᠨ᠂ ᠪᠠᠭᠰᠢ ᠶᠢᠨ ᠬᠥᠮᠦᠵᠢᠯ᠂ ᠬᠠᠮᠢᠶᠠᠷᠤᠯᠲᠠ᠂ ᠬᠢᠨᠠᠯᠲᠠ ᠶᠢ ᠴᠢᠩᠭᠠᠳᠬᠠᠵᠤ᠂ ᠲᠤᠰ ᠰᠤᠷᠭᠠᠭᠤᠯᠢ ᠶᠢᠨ ᠢᠶᠠᠨ ᠪᠠᠭᠰᠢ ᠶᠢ ᠰᠢᠪᠠᠳᠠᠨ ᠱᠠᠭᠠᠷᠳᠠᠵᠤ  ᠪᠠᠶᠢᠭᠠᠳ ᠬᠠᠮᠢᠶ᠎ᠠ ᠪᠦᠬᠦᠢ ᠲᠣᠭᠲᠠᠭᠠᠯ ᠢ ᠴᠢᠩᠭ᠎ᠠ ᠵᠢᠷᠤᠮᠯᠠᠭᠤᠯᠵᠤ᠂ ᠶᠠᠮᠠᠷᠪᠠ ᠬᠡᠯᠪᠡᠷᠢ ᠪᠠᠷ ᠰᠤᠷᠤᠭᠴᠢ ᠵᠢᠴᠢ ᠭᠡᠷ ᠤᠨ ᠠᠬᠠᠮᠠᠳ ᠤᠨ ᠬᠦᠷᠭᠡᠭᠰᠡᠨ ᠪᠡᠯᠡᠭ ᠤᠨ ᠮᠥᠩᠭᠦ᠂ ᠦᠨᠡᠲᠦ ᠲᠡᠮᠳᠡᠭᠲᠦ ᠶᠢ ᠬᠦᠯᠢᠶᠡᠨ ᠠᠪᠬᠤ ᠪᠤᠶᠤ ᠭᠡᠷ ᠤᠨ ᠠᠬᠠᠮᠠᠳ ᠤᠨ ᠲᠣᠬᠢᠷᠠᠭᠤᠯᠤᠭᠰᠠᠨ ᠳᠠᠶᠢᠯᠠᠯᠭ᠎ᠠ ᠳᠤ ᠤᠷᠤᠬᠤ ᠶᠢ ᠴᠠᠭᠠᠵᠠᠯᠠᠵᠤ᠂ ᠰᠤᠷᠤᠭᠴᠢᠳ ᠤᠨ ᠲᠦᠬᠦᠮ ᠪᠣᠷᠣᠭᠵᠢᠭᠤᠨ᠂ ᠠᠷᠪᠢᠯᠡᠨ ᠭᠠᠮᠨᠠᠬᠤ᠂ ᠪᠣᠯᠪᠠᠰᠤᠨ ᠬᠡᠯᠪᠡᠷᠢ ᠪᠠᠷ ᠠᠴᠢ ᠡᠨᠡᠷᠢᠯ ᠳᠤ ᠲᠠᠯᠠᠷᠬᠠᠬᠤ ᠰᠡᠳᠬᠢᠯᠭᠡ ᠪᠠᠨ ᠢᠯᠡᠳᠬᠡᠬᠦ ᠶᠢ ᠢᠳᠡᠪᠬᠢᠲᠡᠢ ᠰᠠᠨᠠᠭᠠᠴᠢᠯᠠᠵᠦ᠂ ᠡᠷᠡᠭᠦᠯ ᠰᠠᠷᠠᠭᠤᠯ᠂ ᠪᠣᠯᠪᠠᠰᠤᠨ᠂ ᠥᠭᠡᠳᠡᠯᠡᠨ ᠳᠠᠪᠰᠢᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠶ ᠬᠡᠵᠦ ᠱᠠᠭᠠᠷᠳᠠᠬᠰᠠᠨ ᠶᠤᠮ︾ ᠬᠡᠵᠦ ᠬᠡᠯᠡᠵᠡᠢ᠃ ︵ᠬᠥᠬᠡᠬᠤᠲᠠ ᠶᠢᠨ ᠡᠳᠦᠷ ᠤᠨ ᠰᠣᠨᠢᠨ ᠤ ᠴᠢᠮᠡᠭᠡᠯᠡᠭᠴᠢ  ᠶᠠᠩ ᠫᠧᠩ ᠵᠢᠶᠧ︶
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号