ᠮᠠᠨ ᠤ ᠬᠤᠲᠠ ᠶᠢᠨ ᠮᠥᠩᠭᠦᠨ ᠭᠦᠢᠯᠭᠡᠭᠡ ᠪᠠᠷ ᠶᠠᠳᠠᠭᠤ ᠶᠢ ᠲᠡᠳᠬᠦᠬᠦ ᠶᠢᠨ ︽ᠪᠠᠭ᠎ᠠ ᠪᠡᠯᠡ ᠮᠥᠩᠭᠦ ᠶᠡᠭᠡ ᠳᠠᠶᠢᠴᠢᠯᠠᠯᠲᠠ︾ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤ ᠬᠦᠴᠦᠨ ᠨᠡᠮᠡᠷᠢᠯᠡᠵᠦ ᠪᠤᠢ
ᠨᠡᠶᠢᠲᠡᠯᠡᠭᠰᠡᠨ ᠴᠠᠭ᠄
2020-07-03
      ᠣᠷᠴᠢᠮᠬᠠᠨ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ 2020 ᠣᠨ ᠤ ᠬᠤᠲᠠ ᠶᠢᠨ ᠲᠤᠰ ᠱᠠᠲᠤᠨ ᠤ ᠮᠥᠩᠭᠦᠨ ᠭᠦᠢᠯᠭᠡᠭᠡ ᠪᠠᠷ ᠶᠠᠳᠠᠭᠤ ᠶᠢ ᠲᠡᠳᠬᠦᠬᠦ ᠪᠡᠯᠡ ᠮᠥᠩᠭᠦ 866 ᠲᠦᠮᠡᠨ ᠲᠥᠭᠦᠷᠢᠭ ᠪᠠᠭᠤᠯᠭᠠᠵᠤ ᠂ ᠶᠠᠳᠠᠭᠤ ᠬᠦᠴᠢᠷᠳᠡᠯᠲᠡᠢ ᠡᠷᠦᠬᠡ ᠳᠤ ᠪᠠᠭ᠎ᠠ ᠲᠣᠭᠠᠨ ᠤ ᠵᠢᠭᠡᠯᠡᠯᠭᠡ ᠶᠢ ︽ᠵᠢᠭᠡᠯᠡᠭᠦᠯᠬᠦ ᠶᠣᠰᠣᠲᠠᠢ ᠳᠤ ᠨᠢ ᠪᠦᠭᠦᠳᠡ ᠳᠤ ᠨᠢ ᠵᠢᠭᠡᠯᠡᠭᠦᠯᠬᠦ︾  ᠪᠠᠷ ᠴᠢᠷᠮᠠᠶᠢᠪᠠ᠃      2018 ᠣᠨ ᠠᠴᠠ ᠨᠠᠭᠠᠰᠢ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠬᠢᠨ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠮᠥᠩᠭᠦᠨ ᠭᠦᠢᠯᠭᠡᠭᠡ ᠪᠠᠷ ᠶᠠᠳᠠᠭᠤ ᠶᠢ ᠲᠡᠳᠬᠦᠬᠦ ᠲᠥᠷᠥ ᠶᠢᠨ ᠪᠣᠳᠣᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠡᠳ᠋ ᠤᠨ ᠵᠠᠰᠠᠭ ᠤᠨ ᠪᠡᠯᠡ ᠮᠥᠩᠭᠦ ᠶᠢᠨ ᠬᠥᠰᠢᠭᠦᠷᠭᠡ ᠶᠢᠨ ᠬᠥᠰᠢᠬᠦ ᠦᠢᠯᠡᠳᠦᠯ ᠢ ᠢᠳᠡᠪᠬᠢᠲᠡᠢ ᠪᠠᠳᠠᠷᠠᠭᠤᠯᠤᠨ᠂ ᠮᠥᠩᠭᠦᠨ ᠭᠦᠢᠯᠭᠡᠭᠡ ᠪᠠᠷ ᠶᠠᠳᠠᠭᠤ ᠶᠢ ᠲᠡᠳᠬᠦᠬᠦ ᠪᠡᠯᠡ ᠮᠥᠩᠭᠦ ᠶᠢ ᠦᠷᠭᠦᠯᠵᠢᠯᠡᠨ ᠲᠣᠭᠲᠠᠭᠤᠨ ᠢᠶᠠᠷ ᠣᠷᠣᠭᠤᠯᠪᠠ᠃ 2018 ᠣᠨ ᠠᠴᠠ 2020 ᠣᠨ ᠤ 6 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠬᠤᠲᠠ ᠶᠢᠨ ᠲᠤᠰ ᠱᠠᠲᠤᠨ ᠤ ᠮᠥᠩᠭᠦᠨ ᠭᠦᠢᠯᠭᠡᠭᠡ ᠪᠠᠷ ᠶᠠᠳᠠᠭᠤ ᠶᠢ ᠲᠡᠳᠬᠦᠬᠦ ᠪᠡᠯᠡ ᠮᠥᠩᠭᠦ ᠨᠡᠶᠢᠲᠡ 5066 ᠲᠦᠮᠡᠨ ᠲᠥᠭᠦᠷᠢᠭ ᠪᠠᠭᠤᠯᠭᠠᠵᠤ᠂ ᠨᠥᠬᠦᠴᠡᠯ ᠳᠤ ᠨᠡᠶᠢᠴᠡᠬᠦ ᠳᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠲᠡᠢ ᠡᠷᠦᠬᠡ ᠳᠤ ︽5 ᠲᠦᠮᠡ ᠠᠴᠠ ᠳᠣᠷᠣᠭᠰᠢ᠂ 3 ᠵᠢᠯ ᠤᠨ ᠳᠣᠲᠣᠷ᠎ᠠ ᠬᠤᠭᠤᠴᠠᠭ᠎ᠠ ᠲᠠᠢ᠂ ᠳᠠᠭᠠᠭᠠᠯᠲᠠ ᠦᠭᠡᠢ ᠪᠠᠷᠢᠴᠠᠭ᠎ᠠ ᠦᠭᠡᠢ᠂ ᠪᠠᠷᠢᠮᠵᠢᠶ᠎ᠠ ᠬᠦᠦ ᠮᠥᠩᠭᠦ ᠶᠢᠨ ᠵᠢᠭᠡᠯᠡᠯᠭᠡ᠂ ᠡᠳ᠋ ‍ᠦᠨ‌ᠵᠠᠰᠠᠭ ᠤᠨ ᠳᠠᠮ ᠬᠦᠦ ᠮᠥᠩᠭᠦ ᠲᠠᠢ︾ ᠶᠠᠳᠠᠭᠤ ᠶᠢ ᠲᠡᠳᠬᠦᠬᠦ ᠪᠠᠭ᠎ᠠ ᠲᠣᠭᠠᠨ ᠤ ᠢᠲᠡᠭᠡᠮᠵᠢ ᠶᠢᠨ ᠵᠢᠭᠡᠯᠡᠯᠭᠡ ᠲᠠᠯᠪᠢᠨ᠂ ᠤᠷᠢᠳ ᠬᠤᠵᠢᠳ ᠨᠥᠬᠦᠴᠡᠯ ᠳᠤ ᠨᠡᠶᠢᠴᠡᠭᠰᠡᠨ2752 ᠶᠠᠳᠠᠭᠤ ᠬᠦᠴᠢᠷᠳᠡᠯᠲᠡᠢ ᠡᠷᠦᠬᠡ ᠳᠤ 11878.7 ᠲᠦᠮᠡᠨ ᠲᠥᠭᠦᠷᠢᠭ ᠤᠨ ᠵᠢᠭᠡᠯᠡᠯᠭᠡ ᠣᠯᠭᠤᠵᠤ᠂ ᠮᠠᠨ ᠤ ᠬᠤᠲᠠ ᠶᠢᠨ ᠳᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠲᠡᠢ ᠡᠷᠦᠬᠡ ᠶᠢᠨ ᠣᠨᠴᠠᠯᠢᠭᠲᠤ ᠲᠠᠷᠢᠶᠠᠯᠠᠩ ᠤᠨ ᠬᠥᠭᠵᠢᠯᠲᠡ ᠶᠢᠨ ᠦᠢᠯᠡᠳᠪᠦᠷᠢᠯᠡᠯ ᠢ ᠳᠡᠮᠵᠢᠵᠦ᠂ ᠶᠠᠳᠠᠭᠤ ᠠᠴᠠ ᠠᠩᠭᠢᠵᠢᠷᠠᠨ ᠴᠢᠨᠡᠭᠡᠯᠢᠭᠵᠢᠬᠦ ᠳᠤ ᠨᠢ ᠤᠨᠤᠪᠴᠢᠳᠠᠢ ᠪᠠᠷ ᠬᠦᠴᠦᠨ ᠨᠡᠮᠡᠷᠢᠯᠡᠵᠡᠢ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号