ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 99 ᠵᠢᠯ ᠤᠨ ᠣᠢ ᠶᠢ ᠪᠡᠯᠭᠡᠯᠡᠬᠦ ᠶᠢᠨ | ᠲᠥᠯᠥᠭᠡ᠂ ᠬᠥᠬᠡᠬᠤᠲᠠ ᠶᠢᠨ ︽ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 99 ᠵᠢᠯ ᠤᠨ | ᠣᠢ ᠶᠢ ᠪᠡᠯᠭᠡᠯᠡᠬᠦ ᠬᠤᠪᠢᠰᠬᠠᠯ ᠤᠨ ᠰᠣᠩᠭᠤᠳᠠᠭ ᠺᠢᠨᠣ᠋ ᠶᠢᠨ ᠦᠵᠡᠭᠦᠯᠭᠡ ᠶᠢᠨ ᠭᠠᠷᠠᠭ︾ ᠤᠨ ᠠᠵᠢᠯᠯᠠᠭ᠎ᠠ | ᠣᠷᠴᠢᠮᠬᠠᠨ ᠬᠤᠲᠠ ᠶᠢᠨ ᠲᠣᠭᠤᠷᠢᠭ ᠤᠨ 10 ᠲᠣᠮᠣ ᠬᠡᠯᠪᠡᠷᠢ ᠶᠢᠨ ᠨᠡᠭᠡᠭᠡᠯᠲᠡ ᠲᠠᠢ ᠴᠡᠴᠡᠷᠯᠢᠭ ᠲᠤ ᠬᠥᠰᠢᠭᠡ ᠪᠠᠨ | ᠰᠡᠬᠦᠪᠡ᠃ | ᠲᠤᠰ ᠤᠳᠠᠭᠠᠨ ᠤ ︽ᠬᠤᠪᠢᠰᠬᠠᠯ ᠤᠨ ᠰᠣᠩᠭᠤᠳᠠᠭ ᠺᠢᠨᠣ᠋ ᠶᠢᠨ ᠦᠵᠡᠭᠦᠯᠭᠡ ᠶᠢᠨ ᠭᠠᠷᠠᠭ︾ ᠤᠨ | ᠠᠵᠢᠯᠯᠠᠭ᠎ᠠ ᠳᠤ ︽ᠤᠯᠤᠰ ᠪᠠᠶᠢᠭᠤᠯᠤᠭᠳᠠᠭᠰᠠᠨ ᠶᠣᠰᠣᠯᠠᠯ︾ ᠵᠡᠷᠭᠡ ᠮᠠᠨ ᠤ ᠨᠠᠮ ᠤᠨ ᠠᠳᠠᠯᠢ ᠪᠤᠰᠤ ᠴᠠᠭ | ᠦᠶ᠎ᠡ ᠶᠢᠨ ᠬᠡᠷᠡᠯ ᠰᠠᠴᠤᠷᠠᠩᠭᠤᠢ ᠲᠡᠦᠬᠡᠨ ᠶᠠᠪᠤᠴᠠ ᠶᠢ ᠮᠠᠭᠳᠠᠨ ᠲᠠᠭᠤᠯᠠᠭᠰᠠᠨ 10 ᠰᠢᠯᠢᠳᠡᠭ ᠦᠯᠢᠭᠡᠷ ᠤᠨ | ᠺᠢᠨᠣ᠋ ᠶᠢ ᠰᠣᠩᠭᠤᠨ ᠲᠠᠨᠢᠯᠴᠠᠭᠤᠯᠵᠤ᠂ ᠬᠤᠲᠠ ᠶᠢᠨ ᠳᠥᠷᠪᠡᠨ ᠲᠣᠭᠤᠷᠢᠭ ᠤᠨ ᠺᠢᠨᠣ᠋ ᠭᠠᠷᠭᠠᠬᠤ ᠺᠣᠮᠫᠠᠨᠢ ᠶᠢᠨ | ᠰᠢᠭᠤᠳ ᠬᠠᠷᠢᠶ᠎ᠠ ᠠᠩᠭᠢ ᠶᠢᠨ 10 ᠲᠣᠭᠠᠴᠢᠯᠠᠭᠰᠠᠨ ᠺᠢᠨᠣ᠋ ᠭᠠᠷᠭᠠᠬᠤ ᠠᠩᠭᠢ ᠶᠢ ᠵᠣᠬᠢᠶᠠᠨ ᠪᠠᠶᠢᠭᠤᠯᠤᠨ | ᠳᠠᠶᠢᠴᠢᠯᠠᠵᠤ᠂ ᠰᠢᠨᠬᠤᠸᠠ ᠲᠠᠯᠠᠪᠠᠢ᠂ ᠬᠤᠲᠠ ᠶᠢ ᠲᠣᠭᠤᠷᠢᠭᠰᠠᠨ ᠤᠰᠤᠨ ᠰᠢᠰᠲ᠋ᠧᠮ᠂ ᠠᠷᠲᠠᠢ ᠴᠡᠩᠭᠡᠯ ᠤᠨ | ᠬᠦᠷᠢᠶᠡᠯᠡᠩ᠂ ᠰᠢᠯᠢ ᠶᠢᠨ ᠴᠡᠴᠡᠷᠯᠢᠭ᠂ ᠲᠣᠷᠭᠠᠨ ᠵᠠᠮ ᠴᠡᠴᠡᠷᠯᠢᠭ᠂ ᠴᠦᠨ ᠳ᠋ᠦ᠋ ᠴᠢᠬᠡᠴᠢ ᠵᠠᠰᠠᠭ ᠤᠨ ᠰᠣᠶᠣᠯ ᠤᠨ | ᠴᠡᠴᠡᠷᠯᠢᠭ᠂ ᠮᠠᠨᠳᠤᠬᠠᠢ ᠴᠡᠴᠡᠷᠯᠢᠭ᠂ ᠴᠢᠩ ᠴᠧᠩ ᠴᠡᠴᠡᠷᠯᠢᠭ᠂ ᠭᠦᠩᠵᠦ ᠶᠢᠨ ᠣᠷᠳᠣᠨ ᠴᠡᠴᠡᠷᠯᠢᠭ᠂ ᠴᠢᠩᠭᠢᠰ | ᠬᠠᠭᠠᠨ ᠴᠡᠴᠡᠷᠯᠢᠭ ᠲᠤ ᠣᠷᠣᠢ ᠪᠦᠷᠢ ᠶᠢᠨ 8᠄30 ᠳᠤ ᠵᠡᠷᠭᠡᠪᠡᠷ ᠭᠠᠷᠭᠠᠨ᠎ᠠ᠃ |