ᠸᠠᠩ ᠯᠢ ᠰᠢᠶᠠ ᠮᠠᠨ ᠤ ᠬᠤᠲᠠ ᠶᠢᠨ ᠦᠨᠳᠦᠰᠦᠨ ᠱᠠᠲᠤᠨ ᠤ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠰᠢᠰᠲ᠋ᠧᠮᠵᠢ ᠶᠢᠨ ᠪᠠᠶᠢᠭᠤᠯᠤᠯᠲᠠ ᠶᠢ ᠪᠠᠶᠢᠴᠠᠭᠠᠨ ᠰᠤᠳᠤᠯᠬᠤ ᠳᠠᠭᠠᠨ ᠴᠢᠬᠤᠯᠠᠴᠢᠯᠠᠭᠰᠠᠨ ᠨᠢ ᠰᠠᠭᠤᠷᠢ  ᠪᠠᠨ ᠪᠠᠬᠢᠵᠢᠭᠦᠯᠵᠦ ᠳᠤᠲᠠᠭᠤᠳᠠᠯ ᠢᠶᠠᠨ ᠨᠦᠬᠦᠪᠦᠷᠢᠯᠡᠨ ᠲᠥᠪ ᠬᠤᠲᠠ ᠶᠢᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠬᠢᠷᠢ ᠲᠦᠪᠰᠢᠨ ᠢ ᠪᠥᠬᠦ ᠲᠠᠯ᠎ᠠ ᠪᠠᠷ ᠲᠡᠭᠡᠭᠰᠢᠯᠡᠭᠦᠯᠬᠦ ᠭᠡᠷᠡᠭᠲᠡᠢ
ᠨᠡᠶᠢᠲᠡᠯᠡᠭᠰᠡᠨ ᠴᠠᠭ᠄
2020-07-30
     ᠬᠦᠬᠡᠬᠤᠲᠠ ᠶᠢᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠹᠧᠩ ᠶᠠᠨ ᠫᠢᠩ︶7 ᠳ᠋ᠤᠭᠠᠷ ᠰᠠᠷ᠎ᠠ ᠶᠢᠨ 29 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠯᠢ ᠰᠢᠶᠠ ᠮᠠᠨ ᠤ ᠬᠤᠲᠠ ᠶᠢᠨ ᠦᠨᠳᠦᠰᠦᠨ ᠱᠠᠲᠤᠨ ᠤ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠰᠢᠰᠲ᠋ᠧᠮᠵᠢ ᠶᠢᠨ ᠪᠠᠶᠢᠭᠤᠯᠤᠯᠲᠠ ᠶᠢ ᠪᠠᠶᠢᠴᠠᠭᠠᠨ ᠰᠤᠳᠤᠯᠬᠤ ᠳᠠᠭᠠᠨ ᠴᠢᠬᠤᠯᠠᠴᠢᠯᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠶ ᠱᠦᠵᠢ ᠰᠢ ᠶᠢᠨ ᠫᠢᠩ ᠤᠨ 6 ᠳ᠋ᠤᠭᠠᠷ ᠰᠠᠷ᠎ᠠ ᠶᠢᠨ 2 ᠤᠨ ᠡᠳᠦᠷ ᠤᠨ ᠲᠤᠰᠬᠠᠶ ᠮᠡᠷᠭᠡᠵᠢᠯᠲᠡᠨ ᠡᠷᠳᠡᠮᠲᠡᠳ ᠤᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠬᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠦᠵᠡᠯ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠭᠠᠬᠤ ᠦᠢᠯᠡᠴᠢᠯᠡᠭᠡᠨ ᠤ ᠰᠢᠰᠲ᠋ᠧᠮᠵᠢ ᠶᠢ ᠲᠡᠭᠦᠯᠳᠡᠷᠵᠢᠬᠦᠯᠵᠦ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠦᠷᠢᠶ᠎ᠡ ᠴᠠᠷᠠᠭ᠎ᠠ ᠶᠢᠨ ᠳᠤᠲᠠᠭᠤᠳᠠᠯ ᠢ ᠲᠦᠷᠭᠡᠨ ᠨᠦᠬᠦᠪᠦᠷᠢᠯᠡᠵᠦ᠂ ᠦᠨᠳᠦᠰᠦᠨ ᠱᠠᠲᠤᠨ ᠤ ᠰᠠᠭᠤᠷᠢ ᠶᠢ ᠪᠠᠬᠢᠵᠢᠭᠦᠯᠵᠦ᠂ ᠲᠥᠪ ᠬᠤᠲᠠ ᠶᠢᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠭᠡᠷᠡᠭᠳᠡᠢ ᠭᠡᠵᠡᠢ᠃      ᠪᠠᠶᠢᠴᠠᠭᠠᠨ ᠰᠤᠳᠤᠯᠤᠯᠲᠠ  ᠳᠤᠮᠳᠠ᠂ ᠸᠠᠩ ᠯᠢ ᠰᠢᠶᠠ ᠤᠷᠢᠳ ᠬᠤᠵᠢᠳ ᠰᠢᠨ᠎ᠡ ᠬᠤᠲᠠ ᠲᠣᠭᠤᠷᠢᠭ ᠤᠨ ᠴᠢᠩᠭᠢᠰ ᠬᠠᠭᠠᠨ ᠨᠡᠶᠢᠭᠡᠮ ᠲᠣᠭᠤᠷᠢᠭ ᠤᠨ ᠡᠷᠡᠭᠦᠯ  ᠬᠠᠮᠠᠭᠠᠯᠠᠯ ᠤᠨ ᠦᠢᠯᠡᠴᠢᠯᠡᠭᠡᠨ ᠤ ᠲᠥᠪ᠂ ᠰᠢᠨ᠎ᠡ ᠬᠤᠲᠠ ᠲᠣᠭᠤᠷᠢᠭ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ᠂ ᠰᠠᠶᠢᠬᠠᠨ ᠲᠣᠭᠤᠷᠢᠭ ᠤᠨ ᠲᠠᠶᠢᠪᠤᠩ ᠠᠶᠢᠯ ᠭᠤᠣᠯ ᠡᠷᠡᠭᠦᠯ ᠬᠠᠮᠠᠭᠠᠯᠠᠯ ᠤᠨ ᠬᠤᠷᠢᠶ᠎ᠠ ᠵᠡᠷᠭᠡ  ᠭᠠᠵᠠᠷ ᠤᠳ ᠢᠶᠠᠷ ᠬᠦᠷᠴᠦ᠂ ᠶᠠᠪᠤᠬᠤ ᠶᠢᠨ ᠳᠠᠭᠠᠤ ᠠᠰᠠᠭᠤᠵᠤ᠂ ᠦᠨᠳᠦᠰᠦᠨ ᠱᠠᠲᠤᠨ ᠤ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠰᠢᠰᠲ᠋ᠧᠮᠵᠢ‌‍ᠶᠢᠨ ᠪᠠᠶᠢᠭᠤᠯᠤᠯᠲᠠ ᠵᠢᠴᠢ ᠠᠵᠢᠯ ᠥᠷᠨᠢᠭᠦᠯᠦᠭᠰᠡᠨ ᠪᠠᠶᠢᠳᠠᠯ ᠢ ᠨᠠᠷᠢᠨ ᠣᠶᠢᠯᠠᠭᠠᠪᠠ᠃ ᠸᠠᠩ ᠯᠢ ᠰᠢᠶᠠ ᠵᠢᠭᠠᠵᠤ ᠭᠠᠷᠭᠠᠭᠰᠠᠨ ᠨᠢ᠂ ᠭᠡᠨᠡᠳᠲᠡ ᠡᠭᠦᠰᠦᠭᠰᠡᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ  ᠤᠨ ᠪᠠᠶᠢᠳᠠᠯ ᠨᠢ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠰᠢᠰᠲ᠋ᠧᠮᠵᠢ ᠶᠢᠨ ᠪᠠᠶᠢᠭᠤᠯᠤᠯᠲᠠ ᠶᠢᠨ ᠴᠢᠬᠤᠯᠠ ᠴᠢᠨᠠᠷ ᠢ ᠳᠣᠪᠤᠶᠢᠯᠭᠠᠵᠠᠶ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠣᠶ  ᠪᠣᠯᠭᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠵᠤ ᠤᠨᠢᠨ ᠳᠡᠭᠡᠷ᠎ᠡ ᠨᠢ ᠬᠦᠴᠦᠯᠡᠵᠦ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠦᠷᠢᠶᠡᠨ ᠤ ᠰᠠᠭᠤᠷᠢ ᠪᠡᠯᠡᠳᠬᠡᠮᠵᠢ᠂ ᠴᠢᠳᠠᠪᠤᠷᠢᠲᠠᠨ ᠤ ᠪᠠᠶᠢᠭᠤᠯᠤᠯᠲᠠ ᠵᠡᠷᠭᠡ ᠳᠤᠲᠠᠭᠤᠳᠠᠯ ᠢ ᠪᠦᠬᠦ ᠲᠠᠯ᠎ᠠ ᠪᠠᠷ ᠨᠥᠬᠦᠪᠥᠷᠢᠯᠡᠨ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠰᠢᠰᠲ᠋ᠧᠮᠵᠢ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠲᠦᠷᠭᠡᠳᠬᠡᠨ ᠠᠬᠢᠭᠤᠯᠵᠤ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠦᠨᠳᠦᠰᠦᠨ ᠱᠠᠲᠤᠨ ᠤ ᠣᠨᠣᠰᠢᠯᠠᠨ ᠡᠮᠨᠡᠬᠦ  ᠦᠢᠯᠡᠴᠢᠯᠡᠭᠡᠨ ᠤ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠳᠡᠢ ᠭᠡᠵᠡᠢ᠃      ᠸᠠᠩ ᠯᠢ ᠰᠢᠶᠠ ᠴᠢᠬᠤᠯᠠᠴᠢᠯᠠᠭᠰᠠᠨ ᠨᠢ᠂ ᠡᠷᠡᠭᠦᠯ ᠬᠠᠮᠠᠭᠠᠯᠠᠯ ᠡᠷᠡᠭᠦᠯ ᠮᠡᠨᠳᠦ ᠪᠣᠯ ᠬᠠᠮᠤᠭ ᠤᠨ ᠦᠨᠳᠦᠰᠦᠨ ᠠᠷᠠᠳ ᠤᠨ ᠠᠮᠢᠳᠤᠷᠠᠯ ᠪᠣᠯᠤᠨ᠎ᠠ᠂ ᠣᠯᠠᠨ ᠲᠦᠮᠡᠨ ᠤ ᠬᠦᠰᠡᠯ ᠡᠷᠡᠮᠡᠯᠵᠡᠯ ᠳᠤ ᠰᠠᠨᠠᠭᠠᠴᠢᠯᠠᠭ᠎ᠠ ᠠᠴᠠ ᠪᠠᠨ ᠵᠣᠬᠢᠴᠠᠵᠤ᠂ ᠠᠯᠢᠪᠠ ᠪᠦᠬᠦᠨ ᠡᠪᠡᠳᠴᠢᠲᠡᠨ ᠤ ᠲᠥᠯᠥᠭᠡ ᠪᠣᠳᠤᠯᠬᠢᠯᠠᠬᠤ ᠵᠠᠷᠴᠢᠮ ᠶᠣᠰᠣᠭᠠᠷ ︽ᠤᠶᠤᠨᠳᠤ ᠡᠮᠴᠢᠯᠡᠭᠡ︾ ᠶᠢᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠮᠡᠳᠡᠭᠡ ᠵᠠᠩᠭᠢᠴᠢᠯᠠᠯᠲᠠ ᠶᠢᠨ ᠠᠷᠭ᠎ᠠ ᠪᠠᠷᠢᠯ ᠢᠶᠠᠷ ︽ᠡᠪᠡᠳᠴᠢᠨ ᠦᠵᠡᠭᠦᠯᠬᠦ ᠳᠤ ᠬᠦᠴᠢᠷ᠂ ᠡᠪᠡᠳᠴᠢᠨ ᠦᠵᠡᠭᠦᠯᠬᠦ  ᠳᠤ ᠦᠨᠡᠲᠡᠶ᠂ ᠡᠪᠡᠳᠴᠢᠨ ᠦᠵᠡᠭᠦᠯᠬᠦ ᠳᠤ ᠤᠳᠠᠭᠠᠨ︾ ᠪᠠᠶᠢᠬᠤ ᠠᠰᠠᠭᠤᠳᠠᠯ ᠢ ᠰᠢᠢᠳᠪᠦᠷᠢᠯᠡᠬᠦ ᠬᠡᠷᠡᠭᠳᠡᠢ᠃ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠠᠵᠢᠯᠲᠠᠨ ᠤ ᠮᠡᠳᠡᠯᠭᠡ ᠶᠢᠨ ᠨᠥᠭᠡᠴᠡ ᠪᠠ ᠪᠣᠯᠪᠠᠰᠤᠷᠠᠭᠤᠯᠤᠯ ᠰᠤᠷᠢᠯᠲᠠ ᠶᠢ ᠴᠢᠩᠭᠠᠳᠬᠠᠵᠤ᠂ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠭᠠᠬᠤ ᠮᠡᠳᠡᠯᠭᠡ ᠶᠢᠨ ᠤᠬᠠᠭᠤᠯᠭ᠎ᠠ ᠬᠥᠮᠦᠵᠢᠯ ᠢ ᠬᠦᠨᠵᠡᠭᠡᠢ ᠥᠷᠨᠢᠭᠦᠯᠵᠦ ᠂ ᠭᠡᠨᠡᠳᠲᠡ ᠡᠭᠦᠰᠬᠦ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠤᠨ ᠲᠤᠬᠠᠶ ᠠᠷᠠᠳ ᠣᠯᠠᠨ ᠤ ᠲᠠᠨᠢᠯᠲᠠ ᠶᠢᠨ ᠬᠢᠷᠢ ᠲᠥᠪᠰᠢᠨ ᠪᠣᠯᠤᠨ ᠤᠷᠢᠳᠴᠢᠯᠠᠨ ᠰᠡᠷᠭᠡᠶᠢᠯᠡᠵᠦ ᠥᠪᠡᠷ ᠢ ᠪᠠᠨ ᠠᠪᠤᠷᠠᠬᠤ ᠬᠠᠷᠢᠯᠴᠠᠨ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ᠃ ᠥᠷᠭᠡᠨ ᠣᠯᠠᠨ ᠦᠨᠳᠦᠰᠦᠨ ᠱᠠᠲᠤᠨ ᠤ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠬᠥᠮᠦᠰ ᠢ ᠬᠠᠯᠠᠮᠵᠢᠯᠠᠨ ᠬᠠᠶᠢᠷᠠᠯᠠᠵᠤ᠂ ᠣᠯᠠᠨ ᠤ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠵᠦ᠂ ᠠᠷᠠᠳ ᠲᠦᠮᠡᠨ ᠳᠤ ᠨᠡᠩ ᠰᠠᠶᠢᠨ ᠪᠥᠭᠡᠳ ᠳᠥᠭᠦᠮ ᠳᠥᠲᠡ ᠡᠮᠴᠢᠯᠡᠭᠡᠨ ᠤ ᠦᠢᠯᠡᠴᠢᠯᠡᠭᠡ ᠬᠠᠩᠭᠠᠬᠤ ᠪᠠᠷ ᠴᠢᠷᠮᠠᠶᠢᠵᠤ᠂ ᠮᠠᠨ ᠤ ᠬᠤᠲᠠ ᠶᠢᠨ ᠡᠮᠴᠢᠯᠡᠭᠡᠨ ᠤ ᠦᠢᠯᠡᠰ ᠤᠨ ᠬᠥᠭᠵᠢᠯᠲᠡ ᠶᠢᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠬᠦ ᠬᠡᠷᠡᠭᠳᠡᠢ ᠭᠡᠵᠡᠢ᠃      ᠸᠠᠩ ᠯᠢ ᠰᠢᠶᠠ ᠪᠠᠰᠠ ᠡᠮᠴᠢᠯᠡᠭᠡ ᠨᠠᠰᠤᠵᠢᠯ ᠢ ᠤᠶᠠᠯᠳᠤᠭᠤᠯᠬᠤ ᠠᠵᠢᠯ ᠢ ᠲᠦᠷᠭᠡᠳᠬᠡᠨ ᠠᠬᠢᠭᠤᠯᠬᠤ ᠲᠤᠬᠠᠶ ᠪᠤᠳᠠᠳᠠᠢ ᠱᠠᠭᠠᠷᠳᠠᠯᠭ᠎ᠠ ᠳᠤᠷᠠᠳᠴᠠᠶ᠃      ᠬᠤᠲᠠ ᠶᠢᠨ ᠤᠳᠤᠷᠢᠳᠤᠯᠭ᠎ᠠ ᠡᠤ ᠸᠧᠨ ᠮᠢᠩ᠂ ᠰᠢᠤᠢ ᠷᠦᠢ ᠰᠢᠶᠠ ᠵᠢᠴᠢ ᠬᠤᠯᠪᠤᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠨ ᠨᠥᠬᠦᠳ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号