ᠵᠠᠩ ᠪᠠᠢ ᠴᠧᠩ ᠬᠤᠲᠠ ᠶᠢᠨ ᠳᠠᠷᠤᠭ᠎ᠠ ᠶᠢᠨ ᠠᠯᠪᠠᠨ ᠬᠤᠷᠠᠯ ᠢ ᠡᠷᠬᠢᠯᠡᠨ ᠬᠤᠷᠠᠯᠳᠤᠭᠤᠯᠵᠤ ᠬᠠᠭᠤᠴᠢᠨ ᠬᠤᠷᠢᠶᠠᠯᠠᠯ ᠢ ᠦᠭᠡᠷᠡᠴᠢᠯᠡᠨ ᠰᠢᠨᠡᠳᠭᠡᠬᠦ ᠠᠵᠢᠯ ᠤᠨ ᠠᠬᠢᠴᠠ ᠵᠢᠴᠢ ᠦᠭᠡᠷᠡᠴᠢᠯᠡᠨ ᠰᠢᠨᠡᠳᠭᠡᠬᠦ ᠪᠡᠯᠡ ᠮᠥᠩᠭᠦ ᠶᠢᠨ ᠣᠷᠣᠭᠤᠯᠤᠯᠲᠠ ᠶᠢᠨ ᠪᠠᠶᠢᠳᠠᠯ ᠢ ᠰᠤᠳᠤᠯᠪᠠ
ᠨᠡᠶᠢᠲᠡᠯᠡᠭᠰᠡᠨ ᠴᠠᠭ᠄
2020-07-30
     ᠬᠦᠬᠡᠬᠤᠲᠠ ᠶᠢᠨ ᠡᠳᠦᠷ ᠤᠨ ᠰᠣᠨᠢᠨ ᠤ ᠮᠡᠳᠡᠭᠡ ︵ᠠᠬᠠᠯᠠᠭᠴᠢ ᠰᠣᠷᠪᠤᠯᠵᠢᠯᠠᠭᠴᠢ ᠯᠢ ᠬᠠᠢ ᠵᠧᠨ︶7 ᠳ᠋ᠤᠭᠠᠷ ᠰᠠᠷ᠎ᠠ ᠶᠢᠨ 28 ᠤ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ ᠂ ᠬᠤᠲᠠ ᠶᠢᠨ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ ᠵᠠᠩ ᠪᠠᠢ ᠴᠧᠩ ᠬᠤᠲᠠ ᠶᠢᠨ ᠳᠠᠷᠤᠭ᠎ᠠ ᠶᠢᠨ ᠠᠯᠪᠠᠨ ᠬᠤᠷᠠᠯ ᠢ ᠡᠷᠬᠢᠯᠡᠨ ᠬᠤᠷᠠᠯᠳᠤᠭᠤᠯᠵᠤ᠂ ᠬᠠᠭᠤᠴᠢᠨ ᠬᠤᠷᠢᠶᠠᠯᠠᠯ  ᠢ ᠥᠭᠡᠷᠡᠴᠢᠯᠡᠨ ᠰᠢᠨᠡᠳᠬᠡᠬᠦ ᠠᠵᠢᠯ ᠤᠨ ᠠᠬᠢᠴᠠ ᠵᠢᠴᠢ ᠥᠭᠡᠷᠡᠴᠢᠯᠡᠨ ᠰᠢᠨᠡᠳᠬᠡᠬᠦ ᠪᠡᠯᠡ ᠮᠥᠩᠭᠦ ᠶᠢᠨ ᠣᠷᠣᠭᠤᠯᠤᠯᠲᠠ ᠶᠢᠨ ᠪᠠᠶᠢᠳᠠᠯ  ᠵᠡᠷᠭᠡ  ᠬᠤᠯᠪᠤᠭᠳᠠᠯ ᠪᠦᠬᠦᠢ ᠤᠴᠢᠷ ᠢ ᠰᠤᠳᠤᠯᠪᠠ᠃      ᠬᠤᠷᠠᠯ ᠠᠴᠠ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠮᠠᠨ ᠤ ᠬᠤᠲᠠ ᠶᠢᠨ ᠬᠠᠭᠤᠴᠢᠨ ᠬᠤᠷᠢᠶᠠᠯᠠᠯ ᠢ ᠦᠭᠡᠷᠡᠴᠢᠯᠡᠨ ᠰᠢᠨᠡᠳᠭᠡᠬᠦ ᠠᠵᠢᠯ ᠤᠨ ᠠᠬᠢᠴᠠ ᠵᠢᠴᠢ ᠥᠭᠡᠷᠡᠴᠢᠯᠡᠨ ᠰᠢᠨᠡᠳᠬᠡᠬᠦ ᠪᠡᠯᠡ ᠮᠥᠩᠭᠦ ᠶᠢᠨ ᠣᠷᠣᠭᠤᠯᠤᠯᠲᠠ ᠶᠢᠨ  ᠪᠠᠶᠢᠳᠠᠯ ᠤᠨ  ᠲᠤᠬᠠᠢ ᠬᠠᠷᠢᠭᠤ ᠮᠡᠳᠡᠭᠦᠯᠦᠯᠲᠡ ᠪᠠ ᠴᠦᠨ ᠬᠤᠸᠠ ᠤᠰᠤᠨ ᠤ ᠶᠠᠪᠤᠳᠠᠯ ᠤᠨ ᠺᠣᠮᠫᠠᠨᠢ ᠶᠢᠨ ᠬᠠᠭᠤᠴᠢᠨ  ᠬᠤᠷᠢᠶᠠᠯᠠᠯ ᠤᠨ ᠤᠰᠤ ᠬᠠᠩᠭᠠᠬᠤ ᠤᠰᠤ ᠵᠠᠯᠠᠬᠤ ᠬᠤᠭᠤᠯᠠᠢ ᠶᠢᠨ ᠲᠣᠣᠷ ᠵᠢᠴᠢ ᠬᠤᠶᠠᠳᠠᠬᠢ ᠤᠳᠠᠭ᠎ᠠ ᠤᠰᠤ ᠬᠠᠩᠭᠠᠬᠤ ᠲᠥᠬᠦᠭᠡᠷᠦᠮᠵᠢ ᠶᠢ ᠥᠭᠡᠷᠡᠴᠢᠯᠡᠬᠦ ᠢᠨᠵᠧᠨᠧᠷᠢᠩ ᠤᠨ ᠠᠬᠢᠴᠠ ᠶᠢᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠲᠣᠰ ᠲᠣᠰ ᠰᠣᠨᠣᠰᠪᠠ᠃      ᠵᠠᠩ  ᠪᠠᠢ ᠴᠧᠩ ᠵᠢᠭᠠᠵᠤ ᠭᠠᠷᠭᠠᠭᠰᠠᠨ ᠨᠢ᠂ ᠬᠠᠭᠤᠴᠢᠨ ᠬᠤᠷᠢᠶᠠᠯᠠᠯ ᠢ ᠦᠭᠡᠷᠡᠴᠢᠯᠡᠨ ᠰᠢᠨᠡᠳᠭᠡᠬᠦ ᠠᠵᠢᠯ ᠢ ᠥᠷᠨᠢᠭᠦᠯᠬᠦ ᠪᠣᠯ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠠᠷᠠᠳ ᠲᠤ ᠪᠣᠳᠠᠲᠤ ᠶᠠᠪᠤᠳᠠᠯ ᠬᠢᠬᠦ ᠶᠢᠨ ᠪᠣᠳᠠᠲᠠᠶ ᠢᠯᠡᠷᠡᠯ᠂ ᠡᠶ᠎ᠡ  ᠵᠣᠬᠢᠴᠠᠯᠳᠤ ᠨᠡᠶᠢᠭᠡᠮ ᠢ ᠪᠠᠶᠢᠭᠤᠯᠬᠤ᠂ ᠡᠶ᠎ᠡ ᠵᠣᠬᠢᠴᠠᠯᠳᠤ ᠨᠡᠶᠢᠭᠡᠮ ᠲᠣᠭᠤᠷᠢᠭ ᠢ ᠲᠦᠯᠬᠢᠨ ᠠᠬᠢᠭᠤᠯᠬᠤ ᠶᠢᠨ ᠪᠣᠳᠠᠲᠤ ᠬᠡᠷᠡᠭᠴᠡᠭᠡ ᠪᠣᠯᠤᠨ᠎ᠠ᠃ ᠡᠨᠡ ᠵᠢᠯ ᠤᠨ 7 ᠳ᠋ᠤᠭᠠᠷ ᠰᠠᠷ᠎ᠠ ᠶᠢᠨ 10 ᠤ ᠡᠳᠦᠷ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠠᠴᠠ ︽ᠬᠤᠲᠠ ᠪᠠᠯᠭᠠᠰᠤᠨ ᠤ ᠬᠠᠭᠤᠴᠢᠨ ᠬᠤᠷᠢᠶᠠᠯᠠᠯ ᠢ ᠥᠭᠡᠷᠡᠴᠢᠯᠡᠨ ᠰᠢᠨᠡᠳᠭᠡᠬᠦ ᠠᠵᠢᠯ ᠢ ᠪᠦᠬᠦ ᠲᠠᠯ᠎ᠠ ᠪᠠᠷ ᠠᠬᠢᠭᠤᠯᠬᠤ ᠲᠤᠬᠠᠶ ᠵᠢᠯᠣᠭᠤᠳᠬᠤ ᠰᠠᠨᠠᠯ︾ ᠢ ᠪᠠᠭᠤᠯᠭᠠᠵᠤ᠂ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ  ᠪᠠᠷᠢᠮᠳᠠᠯᠠᠵᠤ᠂ ᠴᠢᠨᠠᠷ ᠰᠠᠶᠢᠲᠠᠶ ᠬᠥᠭᠵᠢᠯᠲᠡ ᠶᠢᠨ ᠱᠠᠭᠠᠷᠳᠠᠯᠭ᠎ᠠ ᠶᠣᠰᠣᠭᠠᠷ᠂ ᠬᠤᠲᠠ ᠪᠠᠯᠭᠠᠰᠤᠨ ᠤ ᠬᠠᠭᠤᠴᠢᠨ ᠬᠤᠷᠢᠶᠠᠯᠠᠯ ᠢ ᠶᠡᠬᠡᠪᠡᠷ ᠥᠭᠡᠷᠡᠴᠢᠯᠡᠨ ᠰᠢᠨᠡᠳᠭᠡᠵᠦ᠂ ᠰᠠᠭᠤᠭᠠᠯᠢ ᠠᠷᠠᠳ ᠤᠨ ᠤᠷᠤᠰᠢᠨ ᠰᠠᠭᠤᠬᠤ ᠣᠷᠴᠢᠨ ᠨᠥᠬᠦᠴᠡᠯ ᠢ ᠰᠠᠶᠢᠵᠢᠷᠠᠭᠤᠯᠵᠤ ᠂ ︽ᠭᠤᠯᠳᠤ ᠪᠠᠷ ᠲᠤᠤᠷ᠎ᠠ ᠱᠠᠳᠤᠨ ᠳᠤ ᠲᠣᠯᠬᠤ᠂ ᠬᠥᠨᠳᠡᠯᠡᠨ ᠢᠶᠠᠷ ᠬᠦᠪᠡᠭᠡ ᠵᠠᠬ᠎ᠠ ᠬᠥᠷᠬᠦ᠂ ᠬᠠᠮᠲᠤ ᠪᠠᠷ ᠪᠠᠶᠢᠭᠤᠯᠵᠤ ᠬᠠᠮᠲᠤ ᠪᠠᠷ ᠵᠠᠰᠠᠵᠤ ᠬᠠᠮᠲᠤ ᠪᠠᠷ ᠡᠳ᠋ᠯᠡᠬᠦ︾ ᠨᠡᠶᠢᠭᠡᠮ ᠲᠣᠭᠤᠷᠢᠭ ᠤᠨ ᠵᠠᠰᠠᠯᠲᠠ ᠶᠢᠨ ᠰᠢᠰᠲ᠋ᠧᠮᠵᠢ ᠶᠢ ᠪᠠᠶᠢᠭᠤᠯᠬᠤ ᠶᠢ ᠲᠦᠯᠬᠢᠨ  ᠠᠬᠢᠭᠤᠯᠬᠤ ᠶᠢ ᠱᠠᠭᠠᠷᠳᠠᠪᠠ ᠭᠡᠵᠡᠢ᠃      ᠵᠠᠩ ᠪᠠᠢ ᠴᠧᠩ ᠴᠢᠬᠤᠯᠠᠴᠢᠯᠠᠭᠰᠠᠨ ᠨᠢ᠂ ᠡᠯ᠎ᠡ ᠬᠤᠯᠪᠤᠭᠳᠠᠯ ᠪᠦᠬᠦᠢ ᠭᠠᠵᠠᠷ ᠣᠷᠣᠨ ᠪᠣᠯᠤᠨ ᠰᠠᠯᠠᠭ᠎ᠠ ᠮᠥᠴᠢᠷ ᠤᠯᠤᠰ ᠤᠨ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠢ ᠠᠳᠬᠤᠵᠤ ᠬᠠᠷᠢᠭᠤᠴᠠᠯᠭ᠎ᠠ ᠪᠠᠨ ᠤᠯᠠᠮ ᠨᠢᠭᠡ ᠠᠯᠬᠤᠮ ᠪᠣᠳᠠᠲᠠᠶᠢᠵᠢᠭᠤᠯᠵᠤ ᠨᠠᠷᠢᠨ ᠬᠢᠨᠠᠮᠠᠭᠠᠶ ᠡᠮᠬᠢᠯᠡᠵᠦ᠂ ᠠᠵᠢᠯ ᠤᠨ ᠲᠣᠬᠢᠷᠠᠭᠤᠯᠤᠯᠲᠠ ᠪᠠᠨ ᠴᠢᠩᠭᠠᠳᠬᠠᠨ ᠂ ᠪᠠᠯᠠ ᠮᠥᠩᠭᠦ ᠶᠢ ᠨᠢᠭᠡᠳᠦᠯᠲᠡᠢ ᠲᠥᠯᠥᠪᠯᠡᠬᠦ ᠶᠢ ᠰᠠᠶᠢᠲᠤᠷ ᠬᠢᠵᠦ᠂ ᠬᠠᠭᠤᠴᠢᠨ ᠬᠤᠷᠢᠶᠠᠯᠠᠯ ᠢ ᠥᠭᠡᠷᠡᠴᠢᠯᠡᠨ ᠰᠢᠨᠡᠳᠭᠡᠬᠦ ᠠᠵᠢᠯ ᠢ ᠢᠳᠡᠪᠬᠢᠲᠡᠢ ᠠᠬᠢᠭᠤᠯᠬᠤ ᠬᠡᠷᠡᠭᠲᠡᠶ᠃ ᠡᠯ᠎ᠡ ᠭᠠᠵᠠᠷ ᠣᠷᠣᠨ ᠬᠠᠷᠢᠶ᠎ᠠ ᠭᠠᠵᠠᠷ ᠤᠨ ᠬᠠᠷᠢᠭᠤᠴᠠᠯᠭ᠎ᠠ ᠪᠠ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠬᠠᠭᠤᠴᠢᠨ  ᠬᠤᠷᠢᠶᠠᠯᠠᠯ ᠢ ᠥᠭᠡᠷᠡᠴᠢᠯᠡᠨ ᠰᠢᠨᠡᠳᠭᠡᠬᠦ ᠡᠭᠦᠷᠭᠡ ᠶᠢ ᠴᠢᠨᠠᠷ ᠰᠠᠶᠢᠲᠠᠶ ᠪᠡᠶᠡᠯᠡᠭᠦᠯᠬᠦ ᠶᠢ ᠪᠠᠳᠤᠯᠠᠵᠤ᠂ ᠬᠠᠭᠤᠴᠢᠨ ᠬᠤᠷᠢᠶᠠᠯᠠᠯ ᠤᠨ ᠰᠠᠭᠤᠭᠠᠯᠢ ᠠᠷᠠᠳ ᠤᠨ ᠤᠷᠤᠰᠢᠨ ᠰᠠᠭᠤᠬᠤ ᠣᠷᠴᠢᠨ ᠨᠦᠬᠦᠴᠡᠯ ᠢ ᠦᠨᠡᠨᠬᠦ ᠰᠠᠶᠢᠵᠢᠷᠠᠭᠤᠯᠵᠤ᠂ ᠰᠠᠭᠤᠭᠠᠯᠢ ᠠᠷᠠᠳ ᠤᠨ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠨᠡᠮᠡᠭᠳᠡᠭᠦᠯᠬᠦ ᠬᠡᠷᠡᠭᠳᠡᠢ ᠭᠡᠵᠡᠢ᠃      ᠬᠤᠲᠠ ᠶᠢᠨ ᠤᠳᠤᠷᠢᠳᠤᠯᠭ᠎ᠠ ᠯᠢᠦ ᠴᠧᠩ ᠮᠢᠨ᠂ ᠵᠧᠤ ᠴᠢᠶᠠᠩ ᠵᠢᠴᠢ ᠬᠤᠯᠪᠤᠭᠳᠠᠯ ᠪᠥᠬᠦᠶ ᠭᠠᠵᠠᠷ ᠣᠷᠣᠨ ᠂ ᠰᠠᠯᠠᠭ᠎ᠠ ᠮᠥᠴᠢᠷ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠶ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号