ᠬᠥᠬᠡᠬᠤᠲᠠ ᠶᠢᠨ ᠰᠢᠨ᠎ᠡ ᠨᠢᠰᠬᠡᠯ ᠤᠨ ᠪᠠᠭᠤᠳᠠᠯ ᠤᠨ ᠲᠥᠷᠥᠯ ᠵᠦᠢᠯ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠰᠢᠨ᠎ᠡ ᠱᠠᠲᠤᠨ ᠳᠤ ᠣᠷᠣᠪᠠ
ᠨᠡᠶᠢᠲᠡᠯᠡᠭᠰᠡᠨ ᠴᠠᠭ᠄
2020-07-30
     ᠬᠦᠬᠡᠬᠤᠲᠠ ᠶᠢᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠶᠦᠨ ᠶᠠᠨ ᠹᠠᠩ︶ ᠰᠤᠷᠪᠤᠯᠵᠢᠯᠠᠭᠴᠢ ᠥᠴᠥᠭᠡᠳᠦᠷ ᠬᠥᠬᠡᠬᠤᠲᠠ ᠶᠢᠨ ᠨᠢᠰᠭᠡᠯ ᠤᠨ ᠪᠠᠭᠤᠳᠠᠯ ᠤᠨ ᠪᠦᠲᠦᠭᠡᠨ ᠪᠠᠶᠢᠭᠤᠯᠤᠯᠲᠠ ᠬᠠᠮᠢᠶᠠᠷᠤᠯᠲᠠ ᠶᠢᠨ ᠺᠣᠮᠫᠠᠨᠢ᠂ ᠬᠥᠬᠡᠬᠤᠲᠠ ᠶᠢᠨ  ᠰᠢᠨ᠎ᠡ ᠨᠢᠰᠬᠡᠯ ᠤᠨ ᠪᠠᠭᠤᠳᠠᠯ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠶᠢᠨ ᠵᠢᠯᠣᠭᠤᠳᠬᠤ ᠭᠠᠵᠠᠷ ᠠᠴᠠ ᠣᠶᠢᠯᠠᠭᠠᠭᠰᠠᠨ ᠢᠶᠠᠷ᠂ ᠬᠥᠬᠡᠬᠤᠲᠠ ᠶᠢᠨ ᠰᠢᠨ᠎ᠡ ᠨᠢᠰᠬᠡᠯ ᠤᠨ ᠪᠠᠭᠤᠳᠠᠯ ᠤᠨ ᠲᠥᠷᠥᠯ ᠵᠦᠢᠯ ᠣᠲᠣ ᠨᠢᠭᠡᠨᠲᠡ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠰᠢᠨ᠎ᠡ ᠱᠠᠲᠤᠨ ᠳᠤ ᠣᠷᠣᠪᠠ᠃      ᠬᠥᠬᠡᠬᠤᠲᠠ ᠶᠢᠨ ᠰᠢᠨ᠎ᠡ ᠨᠢᠰᠬᠡᠯ ᠤᠨ ᠪᠠᠭᠤᠳᠠᠯ ᠤᠨ ᠲᠥᠷᠥᠯ ᠵᠦᠢᠯ ᠪᠣᠯ  ︽ᠠᠷᠪᠠᠨ ᠭᠤᠷᠪᠠᠳᠤᠭᠠᠷ ᠲᠠᠪᠤᠨ ᠵᠢᠯ︾ ᠤᠨ ᠣᠳᠣ ᠦᠶ᠎ᠡ ᠶᠢᠨ ᠶᠡᠷᠦᠩᠬᠡᠶᠢᠯᠡᠭᠰᠡᠨ ᠵᠠᠮ ᠬᠠᠷᠢᠯᠴᠠᠭ᠎ᠠ ᠲᠡᠭᠡᠭᠡᠪᠦᠷᠢ ᠶᠢᠨ  ᠰᠢᠰᠲ᠋ᠧᠮᠵᠢ ᠳᠠᠬᠢ ᠪᠦᠬᠦ ᠤᠯᠤᠰ ᠤᠨ ᠬᠤᠷᠳᠤᠨ ᠤ ᠵᠠᠮ ᠬᠠᠷᠢᠯᠴᠠᠭᠠᠨ ᠤ ᠲᠣᠤᠷ ᠤᠨ ᠭᠤᠤᠯᠳᠠᠯᠭ᠎ᠠ ᠲᠠᠢ ᠲᠥᠷᠥᠯ ᠵᠦᠢᠯ  ᠂ ︽ᠳᠤᠮᠳᠠᠳᠤ ᠤᠯᠤᠰ ᠤᠨ ᠠᠷᠠᠳ ᠤᠨ ᠠᠭᠠᠷ ᠤᠨ ᠲᠡᠭᠡᠭᠡᠪᠦᠷᠢ ᠶᠢᠨ ᠬᠥᠭᠵᠢᠯᠲᠡ ᠶᠢᠨ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ︾ ᠶᠢᠨ ᠴᠢᠬᠤᠯᠠ ᠶᠡᠭᠡ  ᠲᠦᠷᠦᠯ ᠵᠦᠢᠯ  ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠬᠥᠬᠡᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠠᠴᠠ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠥᠪ ᠤᠨ ︽ᠨᠢᠭᠡ ᠪᠦᠰᠡ ᠨᠢᠭᠡ ᠵᠠᠮ︾ ᠤᠨ ᠪᠠᠶᠢᠯᠳᠤᠬᠤ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠪᠦᠬᠦ ᠤᠯᠤᠰ ᠤᠨ ᠠᠷᠠᠳ ᠤᠨ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠶᠡᠷᠦᠩᠬᠡᠢ ᠪᠠᠶᠢᠷᠢᠰᠢᠭᠤᠯᠤᠯᠲᠠ ᠶᠢ ᠲᠡᠭᠦᠯᠳᠡᠷᠵᠢᠬᠦᠯᠵᠦ᠂ ᠮᠠᠨ ᠤ ᠤᠯᠤᠰ ᠤᠨ ᠠᠷᠠᠳ ᠤᠨ ᠠᠭᠠᠷ ᠤᠨ ᠲᠡᠭᠡᠭᠡᠪᠦᠷᠢ ᠶᠢᠨ ᠬᠦᠴᠦᠷᠬᠡᠭ ᠤᠯᠤᠰ ᠤᠨ ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠬᠦ ᠶᠢ ᠠᠬᠢᠭᠤᠯᠬᠤ ᠥᠪᠡᠷᠲᠡᠭᠡᠨ ᠵᠠᠰᠠᠬᠤ ᠣᠷᠣᠨ᠂ ᠬᠥᠬᠡᠬᠤᠲᠠ ᠶᠢᠨ ᠴᠢᠬᠤᠯᠠ ᠶᠡᠭᠡ ᠪᠡᠯᠭᠡ ᠲᠡᠮᠳᠡᠭ ᠤᠨ ᠴᠢᠨᠠᠷᠲᠠᠢ ᠢᠨᠵᠧᠨᠧᠷᠢᠩ ᠪᠣᠯᠣᠨ᠎ᠠ᠃      ᠬᠥᠬᠡᠬᠤᠲᠠ ᠶᠢᠨ ᠰᠢᠨ᠎ᠡ ᠨᠢᠰᠬᠡᠯ ᠤᠨ ᠪᠠᠭᠤᠳᠠᠯ ᠤᠨ ᠪᠠᠶᠢᠷᠢ ᠲᠣᠭᠲᠠᠭᠠᠯᠲᠠ ᠨᠢ ᠣᠷᠣᠨ ᠪᠦᠰᠡ ᠶᠢᠨ ᠴᠢᠨᠠᠷ ᠲᠠᠢ ᠵᠠᠩᠭᠢᠯᠠᠭ᠎ᠠ ᠶᠢᠨ ᠨᠢᠰᠬᠡᠯ ᠤᠨ ᠪᠠᠭᠤᠳᠠᠯ᠂ ᠤᠯᠤᠰ ᠤᠨ ᠳᠣᠲᠣᠭᠠᠳᠤ ᠶᠢᠨ ᠴᠢᠬᠤᠯᠠ ᠭᠤᠤᠯ ᠱᠤᠭᠤᠮ ᠤᠨ ᠨᠢᠰᠬᠡᠯ ᠤᠨ ᠪᠠᠭᠤᠳᠠᠯ᠂ ᠨᠢᠭᠡᠳᠦᠭᠡᠷ ᠲᠥᠷᠥᠯ ᠤᠨ ᠠᠭᠠᠷ ᠠᠶᠠᠯᠠᠯ ᠤᠨ ᠪᠣᠭᠤᠮᠲᠠ ᠨᠢᠰᠬᠡᠯ ᠤᠨ ᠪᠠᠭᠤᠳᠠᠯ ᠪᠣᠯᠤᠨ ᠨᠡᠶᠢᠰᠯᠡᠯ ᠤᠨ ᠨᠢᠰᠬᠡᠯ ᠤᠨ ᠪᠠᠭᠤᠳᠠᠯ ᠤᠨ ᠭᠤᠤᠯ ᠪᠡᠯᠡᠳᠬᠡᠯ ᠨᠢᠰᠬᠡᠯ ᠤᠨ ᠪᠠᠭᠤᠳᠠᠯ  ᠂ ᠳᠣᠲᠣᠭᠠᠳᠤ ᠳᠠᠭᠠᠨ ︽ᠪᠢᠴᠢᠯ ᠣᠷᠴᠢᠯ︾ ᠢ ᠪᠦᠬᠦ ᠲᠠᠯ᠎ᠠ ᠪᠠᠷ ᠰᠠᠭᠠᠳ ᠦᠭᠡᠶ ᠨᠡᠪᠲᠡᠷᠡᠭᠦᠯᠬᠦ᠂   ᠭᠠᠳᠠᠭᠰᠢ ᠥᠨᠳᠥᠷ ᠦᠷ᠎ᠡ ᠠᠰᠢᠭ ᠲᠠᠢ ᠬᠤᠯᠪᠣᠯᠳᠤᠬᠤ ᠲᠣᠮᠣ ᠯᠤᠭᠰᠢᠭᠤᠨ ᠰᠤᠳᠠᠯ᠂ ᠮᠠᠨ ᠤ ᠤᠯᠤᠰ ᠭᠠᠳᠠᠭᠰᠢ ᠤᠮᠠᠷᠠᠰᠢ ᠨᠡᠭᠡᠭᠡᠯᠲᠡ ᠬᠢᠬᠦ ᠶᠢ ᠤᠯᠠᠮ ᠨᠢᠭᠡ ᠠᠯᠬᠤᠮ ᠥᠷᠭᠡᠳᠬᠡᠬᠦ ᠪᠠᠬᠢᠯᠡᠯᠲᠡ ᠪᠣᠯᠤᠨ᠎ᠠ᠃ ᠤᠯᠤᠰ ᠤᠨ  ᠬᠠᠮᠢᠶ᠎ᠠ  ᠪᠦᠬᠦᠢ ᠶᠠᠮᠤᠨ ᠵᠥᠪᠯᠡᠯ ᠪᠣᠯᠤᠨ ᠴᠡᠷᠢᠭ ᠤᠨ ᠲᠠᠯ᠎ᠠ ᠶᠢᠨ ᠬᠠᠯᠠᠮᠵᠢᠯᠠᠯ ᠳᠡᠮᠵᠢᠯᠭᠡ ᠲᠤᠤᠷ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂  ᠬᠦᠬᠡᠬᠤᠲᠠ ᠶᠢᠨ ᠰᠢᠨ᠎ᠡ ᠨᠢᠰᠭᠡᠯ ᠤᠨ ᠪᠠᠭᠤᠳᠠᠯ ᠤᠨ ᠲᠥᠷᠥᠯ  ᠵᠦᠢᠯ ᠢ ᠡᠬᠢᠯᠡᠭᠦᠯᠦᠭᠰᠡᠨ ᠠᠴᠠ ᠨᠠᠭᠠᠰᠢ᠂ ᠡᠮᠦᠨᠡᠬᠢ ᠬᠤᠭᠤᠴᠠᠭᠠᠨ ᠤ ᠠᠵᠢᠯ ᠤᠷᠤᠭᠰᠢᠲᠠᠶ  ᠶᠠᠪᠤᠭᠳᠠᠵᠠᠢ ᠃ ᠬᠥᠬᠡᠬᠤᠲᠠ ᠶᠢᠨ ᠰᠢᠨ᠎ᠡ ᠨᠢᠰᠬᠡᠯ ᠤᠨ ᠪᠠᠭᠤᠳᠠᠯ ᠢ ᠪᠦᠲᠦᠭᠡᠨ ᠪᠠᠶᠢᠭᠤᠯᠬᠤ ᠨᠢ ᠮᠠᠨ ᠤ ᠣᠷᠣᠨ ᠤ ᠠᠭᠠᠷ ᠠᠶᠠᠯᠠᠯ ᠤᠨ ᠲᠣᠤᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ᠂ ᠠᠷᠠᠳ ᠣᠯᠠᠨ ᠤ ᠶᠠᠪᠤᠵᠤ ᠰᠠᠭᠤᠬᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠳᠤ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃  
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号