ᠰᠢᠨ᠎ᠡ ᠬᠤᠲᠠ ᠲᠣᠭᠤᠷᠢᠭ ᠤᠨ ᠤᠳᠤᠷᠢᠳᠤᠯᠭ᠎ᠠ ᠬᠠᠷᠢᠶ᠎ᠠ ᠲᠤᠭᠤᠷᠢᠭ ᠤᠨ ᠳᠠᠭᠠᠭᠠᠴᠢᠯᠠᠨ ᠬᠤᠯᠪᠤᠭᠠᠯᠠᠭᠰᠠᠨ ᠠᠵᠤ ᠠᠬᠤᠢᠯᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2020-07-31
      7 ᠳ᠋ᠤᠭᠠᠷ ᠰᠠᠷ᠎ᠠ ᠶᠢᠨ 29 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠸᠧᠶ ᠬᠤᠩ ᠵᠢᠶᠦ᠋ᠨ ᠤ ᠳᠠᠭᠠᠭᠤᠯᠤᠭᠰᠠᠨ ᠪᠠᠶᠢᠴᠠᠭᠠᠨ ᠰᠤᠳᠤᠯᠬᠤ ᠳᠤᠭᠤᠶᠢᠯᠠᠩ ᠠᠴᠠ ᠬᠠᠷᠢᠶ᠎ᠠ ᠲᠤᠭᠤᠷᠢᠭ ᠤᠨ ᠭᠤᠤᠯᠳᠠᠯᠭ᠎ᠠ ᠲᠠᠢ ᠲᠥᠷᠥᠯ ᠵᠣᠶᠢᠯ ᠵᠢᠴᠢ ᠳᠠᠭᠠᠭᠠᠴᠢᠯᠠᠨ ᠬᠤᠯᠪᠤᠭᠠᠯᠠᠭᠰᠠᠨ ᠠᠵᠤ ᠠᠬᠤᠶᠢᠯᠠᠯ ᠳᠤ ᠲᠤᠬᠠᠶ ᠶᠢᠨ ᠭᠠᠵᠠᠷ ᠤᠨ ᠪᠠᠶᠢᠴᠠᠭᠠᠨ ᠰᠤᠳᠤᠯᠤᠯᠲᠠ ᠬᠢᠪᠠ᠃      ᠪᠠᠶᠢᠴᠠᠭᠠᠨ ᠰᠤᠳᠤᠯᠬᠤ ᠳᠤᠭᠤᠶᠢᠯᠠᠩ ᠤᠷᠢᠳ ᠬᠤᠵᠢᠳ ᠺᠠᠶᠢᠶᠤᠸᠠᠨ ᠰᠢᠨ᠎ᠡ ᠴᠠᠭ ᠦᠶ᠎ᠡ ᠶᠢᠨ ᠲᠥᠷᠥᠯ ᠵᠤᠶᠢᠯ᠂ ᠥᠪᠥᠷ ᠮᠣᠩᠭᠤᠯ ᠤᠨ TCL ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠶᠢᠨ ᠬᠤᠩ ᠭᠤᠤᠯ ᠡᠰ ᠤᠨ ᠠᠮᠢ ᠨᠠᠰᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠪᠠᠯᠠ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ᠂ ᠬᠤᠸᠠ ᠰᠢᠶᠦ᠋ᠨ ᠭᠤᠤ ᠺᠧ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠳᠤ ᠬᠦᠷᠴᠦ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠦ᠂ ᠲᠡᠷᠡᠴᠢᠯᠡᠨ ᠳᠠᠭᠠᠭᠠᠴᠢᠯᠠᠨ ᠬᠤᠯᠪᠣᠭᠠᠯᠠᠬᠤ ᠠᠵᠤ ᠠᠬᠤᠶᠢᠯᠠᠯ ᠤᠨ ᠶᠠᠷᠢᠯᠴᠠᠬᠤ ᠬᠤᠷᠠᠯ ᠢ ᠬᠤᠷᠠᠯᠳᠤᠭᠤᠯᠪᠠ᠃
     ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠲᠥᠷᠥᠯ ᠵᠤᠶᠢᠯ ᠢ ᠠᠬᠢᠭᠤᠯᠤᠭᠰᠠᠨ ᠪᠠᠶᠢᠳᠠᠯ᠂ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠭᠰᠡᠨ ᠪᠠᠶᠢᠳᠠᠯ ᠢ ᠨᠠᠷᠢᠨ ᠣᠶᠢᠯᠠᠭᠠᠪᠠ᠃ ᠶᠠᠷᠢᠯᠴᠠᠬᠤ ᠬᠤᠷᠠᠯ ᠳᠡᠭᠡᠷ᠎ᠡ᠂ ᠪᠠᠶᠢᠴᠠᠭᠠᠨ ᠰᠤᠳᠤᠯᠬᠤ ᠳᠤᠭᠤᠶᠢᠯᠠᠩ ᠲᠥᠷᠥᠯ ᠵᠣᠶᠢᠯ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠳᠤ ᠶᠡᠷᠦᠩᠬᠡᠶ ᠱᠦᠵᠢ ᠰᠢ ᠶᠢᠨ ᠫᠢᠩ ᠤᠨ 7 ᠳ᠋ᠤᠭᠠᠷ ᠰᠠᠷ᠎ᠠ ᠶᠢᠨ 21 ᠤ ᠡᠳᠦᠷ ᠤᠨ ᠠᠵᠤ ᠠᠬᠤᠶᠢᠯᠠᠯᠲᠠᠨ ᠤ ᠶᠠᠷᠢᠯᠴᠠᠬᠤ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠬᠤ ᠶᠢᠨ ᠬᠠᠮᠲᠤ᠂ ᠳᠠᠭᠠᠭᠠᠴᠢᠯᠠᠨ ᠬᠤᠯᠪᠣᠭᠠᠯᠠᠭᠰᠠᠨ ᠠᠵᠤ ᠠᠬᠤᠶᠢᠯᠠᠯ ᠤᠨ ᠠᠰᠢᠭᠯᠠᠯᠲᠠ ᠳᠤ ᠣᠷᠣᠵᠤ ᠦᠷ᠎ᠡ ᠪᠦᠲᠦᠮᠵᠢ ᠣᠯᠬᠤ᠂ ᠠᠵᠤ ᠠᠬᠤᠶᠢᠯᠠᠯ ᠤᠨ ᠬᠥᠭᠵᠢᠯᠲᠡ ᠳᠤᠮᠳᠠ ᠤᠷᠤᠰᠢᠵᠤ ᠪᠠᠶᠢᠭ᠎ᠠ ᠠᠰᠠᠭᠤᠳᠠᠯ ᠪᠠ ᠬᠦᠴᠢᠷᠳᠡᠯ ᠢ ᠰᠣᠨᠣᠰᠴᠤ᠂ ᠪᠣᠳᠠᠲᠠᠶ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠰᠤᠳᠤᠯᠵᠤ᠂ ᠠᠵᠤ ᠠᠬᠤᠶᠢᠯᠠᠯ ᠤᠨ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠪᠡ᠃      ᠪᠠᠶᠢᠴᠠᠭᠠᠨ ᠰᠤᠳᠤᠯᠬᠤ ᠳᠤᠭᠤᠶᠢᠯᠠᠩ ᠠᠷᠠᠳ ᠤᠨ ᠡᠵᠡᠩᠨᠡᠯᠲᠡ ᠶᠢᠨ ᠠᠵᠤ ᠠᠬᠤᠢ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠥᠭᠡᠷᠡᠴᠢᠯᠡᠯᠲᠡ ᠬᠥᠭᠵᠢᠯᠲᠡ ᠶᠢᠨ ᠲᠠᠯ᠎ᠠ ᠪᠠᠷ ᠵᠢᠭᠠᠵᠤ ᠭᠠᠷᠭᠠᠭᠰᠠᠨ ᠨᠢ᠂ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠨᠡᠩ ᠯᠠᠪᠳᠠᠭᠤᠨ ᠪᠠᠲᠤᠲᠠᠶ ᠠᠳᠬᠤᠵᠤ᠂ ᠴᠢᠬᠤᠯᠠ ᠡᠯᠧᠮᠧᠨ᠋ᠲ ᠢ ᠪᠠᠲᠤᠯᠠᠬᠤ ᠶᠢ ᠨᠠᠩ ᠪᠦᠲᠦᠮᠵᠢᠲᠡᠶ ᠬᠠᠩᠭᠠᠵᠤ᠂ ᠠᠵᠤ ᠠᠬᠤᠶᠢᠯᠠᠯ ᠳᠤ ᠬᠤᠯᠪᠣᠭᠳᠠᠭᠰᠠᠨ ᠦᠢᠯᠡᠴᠢᠯᠡᠭᠡ ᠶᠢ ᠨᠠᠩ ᠳᠣᠲᠣᠨᠣ ᠬᠠᠩᠭᠠᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠨᠡᠩ ᠬᠦᠴᠦᠲᠡᠶ ᠰᠢᠯᠢᠳᠡᠭᠵᠢᠭᠦᠯᠬᠦ ᠬᠡᠷᠡᠭᠲᠡᠶ ᠭᠡᠪᠡ᠃      ᠪᠠᠶᠢᠴᠠᠭᠠᠨ ᠰᠤᠳᠤᠯᠬᠤ ᠳᠤᠭᠤᠶᠢᠯᠠᠩ ᠵᠢᠭᠠᠵᠤ ᠭᠠᠷᠭᠠᠭᠰᠠᠨ ᠨᠢ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯᠲᠠᠨ ᠪᠣᠯᠤᠭᠰᠠᠨ ᠤ ᠬᠤᠪᠢ ᠳᠤ᠂ ᠶᠡᠷᠦᠩᠬᠡᠢ ᠱᠦᠵᠢ ᠰᠢ ᠶᠢᠨ ᠫᠢᠩ ᠤᠨ ᠵᠢᠭᠠᠪᠤᠷᠢ ᠱᠠᠭᠠᠷᠳᠠᠯᠭ᠎ᠠ ᠶᠢ ᠰᠠᠶᠢᠲᠤᠷ ᠦᠢᠯᠡᠳᠦᠯᠭᠡᠵᠢᠭᠦᠯᠵᠦ᠂ ᠦᠢᠯᠡᠰ ᠪᠦᠲᠦᠭᠡᠬᠦ ᠣᠷᠭᠢᠯᠤᠮ᠎ᠠ ᠰᠡᠳᠬᠢᠯᠭᠡ ᠪᠠᠨ ᠡᠭᠦᠷᠢᠳᠡ ᠬᠠᠳᠠᠭᠠᠯᠠᠵᠤ᠂ ᠵᠣᠷᠢᠭᠲᠠᠢ ᠪᠠᠷ ᠥᠭᠡᠷᠡᠴᠢᠯᠡᠯᠲᠡ ᠬᠢᠵᠦ ᠰᠢᠨ᠎ᠡ ᠶᠢ ᠡᠭᠦᠳᠴᠦ᠂ ᠡᠩᠨᠡᠭᠡ ᠶᠢᠨ ᠪᠠᠶᠢᠭᠤᠯᠤᠯᠲᠠ ᠶᠢ ᠲᠦᠷᠭᠡᠳᠬᠡᠵᠦ᠂ ᠨᠡᠶᠢᠭᠡᠮ ᠤᠨ ᠬᠠᠷᠢᠭᠤᠴᠠᠯᠭ᠎ᠠ ᠶᠢ ᠡᠭᠦᠷᠭᠡᠯᠡᠵᠦ᠂ ᠠᠵᠤ ᠠᠬᠤᠶᠢᠯᠠᠯ ᠤᠨ ᠨᠠᠮ ᠤᠨ ᠪᠠᠶᠢᠭᠤᠯᠤᠯᠲᠠ ᠶᠢ ᠴᠢᠬᠤᠯᠠᠴᠢᠯᠠᠬᠤ ᠬᠡᠷᠡᠭᠲᠡᠢ ᠭᠡᠪᠡ᠃       ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠸᠠᠩ ᠶᠠᠨ ᠵᠢᠶᠦ᠋ᠨ᠂ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠯᠪᠠᠨ ᠭᠡᠷ ᠤᠨ ᠡᠷᠬᠢᠯᠡᠭᠴᠢ ᠯᠢ ᠴᠢᠶᠠᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠼᠠᠢ ᠰᠢᠶᠠ᠂ ᠡᠯ᠎ᠡ ᠬᠤᠯᠪᠤᠭᠳᠠᠯ ᠪᠦᠬᠦᠢ ᠨᠢᠭᠡᠴᠡ ᠶᠢᠨ ᠬᠠᠷᠢᠭᠤᠴᠠᠯᠭᠠᠲᠠᠨ ᠨᠥᠬᠦᠳ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
 
ᠢᠷᠡᠯᠲᠡ᠄ ᠰᠢᠨ᠎ᠡ ᠬᠤᠲᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号