ᠬᠥᠬᠡᠬᠤᠲᠠ ᠠᠵᠤ ᠠᠬᠤᠶᠢᠯᠠᠯ ᠳᠤ ᠬᠤᠯᠪᠤᠬᠳᠠᠬᠤ ᠲᠣᠭᠲᠠᠭᠠᠯ ᠠᠴᠠ ᠵᠥᠷᠢᠴᠡᠨ ᠰᠦᠢᠳᠭᠡᠯ ᠬᠤᠷᠢᠶᠠᠬᠤ ᠦᠢᠯᠡ ᠠᠵᠢᠯᠯᠠᠭ᠎ᠠ ᠶᠢ ᠲᠤᠰᠬᠠᠶᠢᠯᠠᠨ ᠵᠠᠰᠠᠵᠦ ᠪᠠᠶᠢᠨ᠎ᠠ
ᠨᠡᠶᠢᠲᠡᠯᠡᠭᠰᠡᠨ ᠴᠠᠭ᠄
2020-07-31
     ᠤᠶᠢᠷ᠎ᠡ ᠳᠤ᠂ ᠬᠥᠬᠡᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠦᠬᠦ ᠬᠤᠲᠠ ᠶᠢᠨ ᠬᠡᠪᠴᠢᠶᠡᠨ ᠳᠤ ᠠᠵᠤ ᠠᠬᠤᠶᠢᠯᠠᠯ ᠳᠤ ᠬᠤᠯᠪᠤᠬᠳᠠᠬᠤ ᠲᠣᠭᠲᠠᠭᠠᠯ ᠠᠴᠠ ᠵᠥᠷᠢᠴᠡᠨ ᠰᠦᠢᠳᠭᠡᠯ ᠬᠤᠷᠢᠶᠠᠬᠤ ᠦᠢᠯᠡ ᠠᠵᠢᠯᠯᠠᠭ᠎ᠠ ᠶᠢ ᠲᠤᠰᠬᠠᠶᠢᠯᠠᠨ ᠵᠠᠰᠠᠬᠤ ᠠᠵᠢᠯ ᠢ ᠡᠬᠢᠯᠡᠭᠦᠯᠵᠦ᠂ 5 ᠰᠠᠷ᠎ᠠ ᠶᠢᠨ ᠴᠠᠭ ᠢ ᠠᠰᠢᠭᠯᠠᠨ ᠠᠵᠤ ᠠᠬᠤᠶᠢᠯᠠᠯ ᠤᠨ ᠰᠠᠨᠠᠯ ᠶᠡᠬᠡᠳᠡᠢ ᠪᠠᠶᠢᠭ᠎ᠠ ᠲᠦᠭᠵᠢᠷᠡᠯ ᠤᠨ ᠠᠰᠠᠭᠤᠳᠠᠯ ᠪᠠ ᠬᠦᠴᠢᠷᠳᠡᠢ ᠠᠰᠠᠭᠤᠳᠠᠯ ᠤᠨ ᠲᠣᠭᠤᠷᠢᠨ ᠳᠤ᠂ ᠬᠤᠯᠪᠣᠭᠳᠠᠯ ᠪᠦᠬᠦᠢ ᠰᠦᠢᠳᠭᠡᠯ ᠬᠤᠷᠢᠶᠠᠬᠤ ᠠᠴᠠ ᠬᠡᠯᠲᠦᠷᠢᠭᠦᠯᠬᠦ ᠲᠥᠷᠥᠯ ᠵᠦᠢᠯ ᠢ  ᠨᠠᠶᠢᠳᠠᠪᠤᠷᠢᠵᠢᠭᠤᠯᠤᠬᠰᠠᠨ ᠦᠭᠡᠢ᠂ ᠱᠠᠭᠠᠷᠳᠠᠯᠭ᠎ᠠ ᠶᠣᠰᠣᠭᠠᠷ ᠰᠦᠢᠳᠭᠡᠯ ᠬᠤᠷᠢᠶᠠᠬᠤ ᠪᠠᠷᠢᠮᠵᠢᠶ᠎ᠠ ᠪᠠᠨ  ᠪᠠᠭᠤᠷᠠᠭᠤᠯᠤᠬᠰᠠᠨ ᠦᠭᠡᠢ ᠪᠠ ᠲᠣᠭᠲᠠᠭᠠᠯ ᠠᠴᠠ ᠵᠥᠷᠢᠴᠡᠨ ᠥᠪᠡᠷ ᠤᠨ ᠥᠷᠲᠡᠭ ᠢ ᠰᠢᠯᠵᠢᠬᠦᠯᠦᠨ  ᠡᠭᠦᠷᠭᠡᠯᠡᠬᠦᠯᠦᠭᠰᠡᠨ ᠵᠡᠷᠭᠡ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠬᠢᠵᠢᠭ ᠤᠨ ᠪᠠᠶᠢᠳᠠᠯ ᠢ ᠠᠰᠢᠭᠯᠠᠨ ᠳᠤᠷ᠎ᠠ ᠪᠠᠷ ᠢᠶᠠᠨ ᠰᠦᠢᠳᠭᠡᠯ ᠬᠤᠷᠢᠶᠠᠬᠤ ᠲᠥᠷᠥᠯ ᠵᠦᠢᠯ ᠪᠠ ᠪᠠᠲᠤᠯᠠᠭ᠎ᠠ ᠶᠢᠨ ᠮᠥᠩᠭᠦ ᠭᠠᠷᠭᠠᠬᠤ ᠵᠡᠷᠭᠡ ᠶᠠᠪᠤᠳᠠᠯ ᠢ ᠡᠷᠡᠰ ᠰᠡᠷᠭᠡᠶᠢᠯᠡᠨ ᠬᠤᠷᠢᠭᠯᠠᠵᠤ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠪᠤᠳᠠᠳᠠᠢ ᠪᠠᠷ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠵᠤ᠂ ᠠᠵᠤ ᠠᠬᠤᠶᠢᠯᠠᠯ ᠤᠨ ᠬᠥᠭᠵᠢᠯᠲᠡ ᠳᠤ ᠰᠠᠶᠢᠨ ᠰᠠᠶᠢᠬᠠᠨ ᠨᠥᠬᠦᠴᠡᠯ ᠢ ᠪᠦᠷᠢᠯᠳᠦᠭᠦᠯᠦᠨ ᠥᠭᠴᠦ᠂ ᠬᠦᠬᠡᠬᠤᠲᠠ ᠶᠢᠨ ᠠᠵᠤ ᠠᠬᠤᠢ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠤᠬᠰᠠᠨ ᠪᠠᠶᠢᠨ᠎ᠠ᠃      ᠲᠤᠰᠬᠠᠶᠢᠯᠠᠨ ᠵᠠᠰᠠᠬᠤ ᠠᠵᠢᠯᠯᠠᠭ᠎ᠠ ᠨᠢ ︽ᠵᠢᠷᠭᠤᠭᠠᠨ ᠲᠦᠭᠵᠢᠷᠡᠯ ᠤᠨ ᠠᠰᠠᠭᠤᠳᠠᠯ︾ ᠤᠨ ᠭᠤᠭᠴᠤᠭ᠎ᠠ ᠳᠤ ᠴᠢᠭᠯᠡᠭᠦᠯᠦᠨ ᠴᠡᠪᠡᠷᠯᠡᠨ ᠴᠡᠭᠴᠡᠯᠡᠵᠦ ᠵᠠᠰᠠᠬᠤ ᠠᠵᠢᠯ ᠢ ᠥᠷᠨᠢᠭᠦᠯᠪᠡ᠄      ᠨᠢᠭᠡ ᠳᠤ ᠪᠣᠭᠤᠮᠲᠠ ᠶᠢᠨ ᠭᠠᠳᠠᠭᠠᠳᠤ ᠣᠷᠣᠭᠤᠯᠤᠯᠲᠠ ᠪᠠ ᠭᠠᠷᠭᠠᠯᠲᠠ ᠶᠢᠨ ᠰᠦᠢᠳᠭᠡᠯ ᠬᠤᠷᠢᠶᠠᠬᠤ ᠭᠤᠭᠴᠤᠭ᠎ᠠ᠃ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠭᠤᠭᠴᠤᠭ᠎ᠠ ᠳᠠᠬᠢ ᠠᠯᠪᠠᠳᠠᠯᠭ᠎ᠠ ᠪᠠᠷ ᠦᠢᠯᠡᠴᠢᠯᠡᠭᠡᠨ  ᠤ ᠰᠦᠶ᠋ᠳᠬᠡᠯ ᠬᠤᠷᠢᠶᠠᠬᠤ᠂ ᠠᠵᠤ ᠠᠬᠤᠶᠢᠯᠠᠯ ᠤᠨ ᠪᠠᠷᠢᠮᠵᠢᠶ᠎ᠠ ᠶᠢ ᠦᠭᠡᠷᠡᠳᠦᠬᠦᠯᠦᠨ ᠰᠦᠢᠳᠭᠡᠯ ᠬᠤᠷᠢᠶᠠᠬᠤ ᠵᠢᠴᠢ ᠦᠨ᠎ᠡ ᠬᠠᠩᠰᠢ ᠶᠢ ᠢᠯᠡ ᠬᠠᠳᠠᠭᠰᠠᠨ ᠥᠬᠡᠶ᠂ ᠢᠯᠡ ᠬᠠᠳᠠᠭᠰᠠᠨ ᠦᠨ᠎ᠡ ᠬᠠᠩᠰᠢ ᠨᠢ ᠵᠢᠷᠤᠮᠵᠢᠯ ᠥᠬᠡᠶ ᠪᠠᠶᠢᠬᠤ ᠵᠡᠷᠭᠡ ᠦᠢᠯᠡ ᠠᠵᠢᠯᠯᠠᠭ᠎ᠠ ᠶᠢ ᠭᠤᠤᠯᠳᠠᠯᠭ᠎ᠠ ᠲᠠᠢ ᠪᠠᠷ ᠪᠠᠶᠢᠴᠠᠭᠠᠨ  ᠰᠢᠢᠳᠪᠦᠷᠢᠯᠡᠪᠡ᠃      ᠬᠤᠶᠠᠷ ᠲᠤ ᠬᠤᠳᠠᠯᠳᠤᠭᠠᠨ ᠤ ᠪᠠᠩᠬᠢ ᠵᠡᠷᠭᠡ ᠠᠵᠤ ᠠᠬᠤᠶᠢᠯᠠᠯ ᠤᠨ ᠪᠡᠯᠡ ᠲᠣᠬᠢᠷᠠᠭᠤᠯᠬᠤ ᠬᠠᠮᠢᠶ᠎ᠠ ᠪᠦᠬᠦᠢ ᠰᠦᠢᠳᠭᠡᠯ ᠬᠤᠷᠢᠶᠠᠬᠤ ᠭᠤᠭᠴᠤᠭ᠎ᠠ᠃ ᠬᠤᠳᠠᠯᠳᠤᠭᠠᠨ ᠤ ᠪᠠᠩᠬᠢ ᠶᠢᠨ ᠪᠠᠭ᠎ᠠ ᠵᠢᠵᠢᠭ ᠠᠵᠤ ᠠᠬᠤᠶᠢᠯᠠᠯ ᠳᠤ ᠵᠤᠷᠢᠭᠤᠯᠤᠬᠰᠠᠨ ︽ᠬᠤᠶᠠᠷ ᠢ ᠴᠠᠭᠠᠵᠠᠯᠠᠬᠤ ᠬᠤᠶᠠᠷ ᠢ ᠬᠢᠵᠠᠭᠠᠷᠯᠠᠬᠤ︾ ᠲᠥᠷᠥ ᠶᠢᠨ ᠪᠣᠳᠣᠯᠭ᠎ᠠ ︵ᠪᠠᠭ᠎ᠠ ᠵᠢᠵᠢᠭ ᠠᠵᠤ ᠠᠬᠤᠶᠢᠯᠠᠯ ᠠᠴᠠ ᠵᠢᠭᠡᠯᠡᠯᠭᠡ ᠠᠪᠬᠤ ᠠᠮᠠᠯᠠᠯᠲᠠ ᠶᠢᠨ ᠰᠦᠢᠳᠭᠡᠯ᠂ ᠪᠡᠯᠡ ᠮᠥᠩᠭᠦ ᠶᠢᠨ ᠬᠠᠮᠢᠶᠠᠷᠤᠯᠲᠠ ᠶᠢᠨ ᠰᠦᠢᠳᠬᠡᠯ ᠬᠤᠷᠢᠶᠠᠬᠤ ᠶᠢ ᠴᠠᠭᠠᠵᠠᠯᠠᠬᠤ︔ ᠡᠳ᠋ ᠤᠨ ᠶᠠᠪᠤᠳᠠᠯ ᠤᠨ ᠵᠥᠪᠯᠡᠭᠴᠢ ᠶᠢᠨ ᠰᠦᠢᠳᠬᠡᠯ᠂ ᠠᠰᠠᠭᠤᠨ ᠯᠠᠪᠯᠠᠬᠤ ᠰᠦᠢᠳᠬᠡᠯ ᠬᠤᠷᠢᠶᠠᠬᠤ ᠶᠢ ᠴᠢᠩᠭ᠎ᠠ ᠬᠢᠵᠠᠭᠠᠷᠯᠠᠬᠤ︶ ᠶᠢ  ᠨᠠᠶᠢᠳᠠᠪᠤᠷᠢᠵᠢᠭᠤᠯᠬᠤ ᠦᠭᠡᠢ ᠪᠠᠶᠢᠬᠤ᠂ ᠲᠣᠭᠲᠠᠭᠠᠯ ᠠᠴᠠ ᠵᠥᠷᠢᠴᠡᠨ ᠬᠤᠯᠪᠣᠭᠳᠠᠯ ᠪᠦᠬᠦᠢ ᠢᠲᠡᠭᠡᠮᠵᠢᠲᠦ ᠵᠢᠭᠡᠯᠡᠯᠭᠡ ᠶᠢᠨ ᠪᠡᠯᠡ ᠮᠥᠩᠭᠦ ᠶᠢᠨ ᠬᠠᠮᠢᠶᠠᠷᠤᠯᠲᠠ ᠶᠢᠨ ᠰᠦᠢᠳᠭᠡᠯ ᠬᠤᠷᠢᠶᠠᠬᠤ᠂ ᠵᠢᠭᠡᠯᠡᠯᠭᠡ ᠵᠢᠬᠡᠯᠡᠬᠦᠯᠬᠦ ᠬᠦᠴᠦᠷᠬᠡᠭ ᠪᠠᠶᠢᠷᠢ ᠰᠠᠭᠤᠷᠢ ᠪᠠᠨ ᠠᠰᠢᠭᠯᠠᠨ ᠠᠯᠪᠠᠳᠠᠯᠭ᠎ᠠ ᠪᠠᠷ ᠰᠦᠢᠳᠭᠡᠯ ᠬᠤᠷᠢᠶᠠᠬᠤ᠂ ᠵᠥᠪᠬᠡᠨ ᠰᠦᠢᠳᠭᠡᠯ ᠬᠤᠷᠢᠶᠠᠬᠤ ᠠᠴᠠ ᠪᠢᠰᠢ ᠦᠢᠯᠡᠴᠢᠯᠡᠭᠡ ᠬᠢᠬᠦ ᠦᠭᠡᠶ ᠪᠠᠶᠢᠬᠤ᠂ ᠵᠢᠭᠡᠯᠡᠯᠭᠡ ᠶᠢᠨ ᠲᠤᠬᠠᠶᠢᠯᠠᠭᠰᠠᠨ ᠠᠵᠢᠯ ᠵᠢᠴᠢ ᠪᠤᠰᠤᠳ  ᠦᠢᠯᠡᠴᠢᠯᠡᠭᠡᠨ ᠤ ᠳᠤᠮᠳᠠ ᠪᠣᠢ ᠪᠣᠯᠤᠭᠰᠠᠨ ᠡᠭᠦᠷᠭᠡ ᠪᠠᠨ ᠬᠦᠢᠴᠡᠳᠭᠡᠬᠦ ᠶᠢ ᠪᠠᠶᠢᠴᠠᠭᠠᠬᠤ᠂ ᠪᠠᠷᠢᠴᠠᠭᠠᠨ ᠤ ᠡᠳ᠋ ᠢ ᠦᠨᠡᠯᠡᠨ ᠵᠢᠱᠢᠬᠦ ᠵᠡᠷᠭᠡ ᠶᠢᠨ ᠬᠠᠮᠢᠶ᠎ᠠ ᠪᠦᠬᠦᠢ ᠥᠪᠡᠷ ᠤᠨ ᠥᠷᠲᠡᠭ ᠢ ᠠᠵᠤ ᠠᠬᠤᠶᠢᠯᠠᠯ ᠳᠤ ᠰᠢᠯᠵᠢᠭᠦᠯᠦᠨ ᠥᠭᠴᠦ ᠡᠭᠦᠷᠭᠡᠯᠡᠭᠦᠯᠬᠦ ᠦᠢᠯᠡ ᠠᠵᠢᠯᠯᠠᠭ᠎ᠠ ᠶᠢ ᠭᠤᠤᠯᠳᠠᠯᠭ᠎ᠠ ᠲᠠᠢ ᠪᠠᠷ ᠪᠠᠶᠢᠴᠠᠭᠠᠨ ᠰᠢᠢᠳᠪᠦᠷᠢᠯᠡᠪᠡ᠃      ᠭᠤᠷᠪᠠ ᠳᠤ ᠴᠠᠬᠢᠯᠭᠠᠨ ᠬᠠᠩᠭᠠᠬᠤ᠂ ᠬᠡᠢ ᠬᠠᠩᠭᠠᠬᠤ ᠵᠡᠷᠭᠡ ᠨᠡᠶᠢᠲᠡ ᠶᠢᠨ ᠬᠡᠷᠡᠭᠯᠡᠭᠡᠨ ᠤ ᠦᠢᠯᠡᠰ ᠤᠨ  ᠰᠦᠢᠳᠭᠡᠯ ᠬᠤᠷᠢᠶᠠᠬᠤ ᠭᠤᠭᠴᠤᠭ᠎ᠠ᠃ ᠰᠦᠢᠳᠭᠡᠯ ᠬᠤᠷᠢᠶᠠᠬᠤ ᠲᠥᠷᠥᠯ ᠵᠦᠢᠯ ᠪᠤᠶᠤ ᠪᠠᠷᠢᠮᠵᠢᠶ᠎ᠠ ᠶᠢ ᠳᠤᠷ᠎ᠠ ᠪᠠᠷ ᠢᠶᠠᠨ ᠲᠣᠭᠲᠠᠭᠠᠬᠤ᠂ ᠨᠢᠭᠡᠨᠲᠡ ᠬᠦᠴᠦᠨ ᠦᠭᠡᠶ ᠪᠣᠯᠭᠠᠭᠰᠠᠨ ᠲᠥᠷᠥᠯ ᠵᠦᠢᠯ ᠠᠴᠠ ᠮᠦᠨᠬᠦ  ᠰᠦᠢᠳᠭᠡᠯ ᠬᠤᠷᠢᠶᠠᠬᠤ ᠵᠡᠷᠭᠡ ᠵᠠᠰᠠᠭ ᠤᠨ ᠣᠷᠳᠣᠨ ᠤ ᠲᠣᠭᠲᠠᠭᠠᠭᠰᠠᠨ ᠦᠨ᠎ᠡ ᠬᠠᠨᠭ᠍ᠰᠢ᠂ ᠵᠠᠰᠠᠭ ᠤᠨ ᠣᠷᠳᠣᠨ ᠤ ᠵᠢᠯᠣᠭᠤᠳᠬᠤ ᠦᠨ᠎ᠡ ᠬᠠᠨᠭ᠍ᠰᠢ ᠶᠢ ᠬᠡᠷᠡᠭᠵᠢᠭᠦᠯᠬᠦ ᠦᠭᠡᠶ ᠪᠠᠶᠢᠬᠤ ᠵᠢᠴᠢ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢ ᠠᠯᠪᠠᠳᠠᠵᠤ ᠪᠠᠶᠢᠭᠠᠳ ᠵᠦᠶ ᠵᠣᠬᠢᠰ ᠦᠭᠡᠢ ᠦᠢᠯᠡᠴᠢᠯᠡᠭᠡᠨ ᠤ ᠨᠥᠬᠦᠴᠡᠯ ᠢ ᠬᠦᠯᠢᠶᠡᠨ ᠠᠪᠤᠭᠤᠯᠬᠤ᠂ ᠵᠦᠶ ᠵᠣᠬᠢᠰ ᠦᠭᠡᠢ ᠰᠦᠢᠳᠭᠡᠯ ᠬᠤᠷᠢᠶᠠᠬᠤ ᠦᠢᠯᠡ ᠠᠵᠢᠯᠯᠠᠭ᠎ᠠ ᠶᠢ ᠭᠤᠤᠯᠳᠠᠯᠭ᠎ᠠ ᠲᠠᠢ ᠪᠠᠷ ᠪᠠᠶᠢᠴᠠᠭᠠᠨ  ᠰᠢᠢᠳᠪᠦᠷᠢᠯᠡᠪᠡ᠃      ᠳᠥᠷᠪᠡ ᠳᠤ ᠵᠠᠰᠠᠮᠠᠯ ᠵᠠᠮ᠂ ᠲᠡᠮᠦᠷ ᠵᠠᠮ ᠵᠡᠷᠭᠡ ᠪᠠᠷᠠᠭᠠᠨ ᠤ  ᠬᠦᠢᠯᠭᠡᠭᠡᠨ ᠤ ᠬᠦᠷᠢᠶᠡᠨ ᠳᠠᠬᠢ ᠰᠦᠢᠳᠭᠡᠯ ᠬᠤᠷᠢᠶᠠᠬᠤ ᠵᠠᠩᠭᠢᠯᠠᠭ᠎ᠠ᠃ ᠲᠡᠮᠦᠷ ᠵᠠᠮ ᠤᠨ ᠪᠠᠷᠠᠭᠠᠨ ᠤ ᠲᠡᠭᠡᠭᠡᠪᠦᠷᠢ᠂ ᠨᠢᠰᠬᠡᠯ ᠤᠨ ᠪᠠᠭᠤᠳᠠᠯ ᠵᠡᠷᠭᠡ ᠶᠢᠨ ᠵᠠᠰᠠᠭ ᠤᠨ ᠣᠷᠳᠣᠨ ᠤ ᠲᠤᠬᠳᠠᠭᠠᠬᠰᠠᠨ ᠦᠨ᠎ᠡ ᠬᠠᠨᠭ᠍ᠰᠢ᠂ ᠵᠢᠯᠣᠭᠤᠳᠬᠤ ᠦᠨ᠎ᠡ ᠬᠠᠨᠭ᠍ᠰᠢ ᠶᠢ ᠬᠡᠷᠡᠭᠵᠢᠭᠦᠯᠬᠦ ᠦᠭᠡᠢ ᠪᠠᠶᠢᠬᠤ᠂ ᠬᠦᠴᠦᠨ ᠦᠭᠡᠢ ᠪᠣᠯᠭᠠᠬᠤ ᠪᠠᠷ ᠲᠤᠳᠤᠷᠬᠠᠢ ᠵᠠᠷᠯᠠᠬᠰᠠᠨ ᠰᠦᠢᠳᠭᠡᠯ ᠬᠤᠷᠢᠶᠠᠬᠤ ᠲᠥᠷᠥᠯ  ᠵᠦᠢᠯ ᠠᠴᠠ  ᠮᠦᠨᠬᠦ ᠰᠦᠢᠳᠭᠡᠯ ᠬᠤᠷᠢᠶᠠᠵᠤ ᠪᠠᠶᠢᠬᠤ᠂ ᠰᠢᠨ᠎ᠡ ᠰᠣᠷᠭᠤᠭ ᠲᠠᠷᠢᠶᠠᠯᠠᠩ ᠤᠨ ᠪᠦᠲᠦᠭᠡᠭᠳᠡᠬᠦᠨ ᠢ ︽ᠰᠠᠭᠠᠳ ᠦᠭᠡᠢ ᠨᠡᠪᠲᠡᠷᠡᠬᠦᠯᠬᠦ︾ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠦᠭᠡᠢ ᠪᠠᠶᠢᠬᠤ ᠵᠢᠴᠢ ᠲᠦᠷᠭᠡᠨ ᠤ ᠵᠠᠰᠠᠮᠠᠯ ᠵᠠᠮ ᠤᠨ ᠠᠪᠤᠷᠠᠨ ᠲᠤᠰᠠᠯᠠᠯᠳᠡ ᠶᠢᠨ ᠨᠢᠭᠡᠴᠢ ᠰᠦᠢᠳᠭᠡᠯ ᠵᠡᠷᠭᠡ ᠶᠢ ᠵᠠᠰᠠᠭ ᠤᠨ ᠣᠷᠳᠣᠨ ᠤ ᠲᠣᠭᠲᠠᠭᠠᠭᠰᠠᠨ ᠪᠠᠷᠢᠮᠵᠢᠶ᠎ᠠ ᠠᠴᠠ ᠬᠡᠲᠦᠷᠡᠭᠦᠯᠦᠨ ᠬᠤᠷᠢᠶᠠᠵᠤ ᠪᠠᠶᠢᠬᠤ ᠵᠡᠷᠭᠡ ᠦᠢᠯᠡ ᠠᠵᠢᠯᠯᠠᠭ᠎ᠠ ᠶᠢ ᠭᠤᠤᠯᠳᠠᠯᠭ᠎ᠠ ᠲᠠᠢ ᠪᠠᠷ ᠪᠠᠶᠢᠴᠠᠭᠠᠨ ᠰᠢᠢᠳᠪᠦᠷᠢᠯᠡᠪᠡ᠃      ᠲᠠᠪᠤ ᠳᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠠᠭᠤᠴᠢ ᠦᠢᠯᠡᠴᠢᠯᠡᠭᠡ᠂ ᠠᠵᠢᠯ ᠲᠥᠷᠥᠯ ᠤᠨ ᠨᠡᠶᠢᠭᠡᠮᠯᠢᠭ ᠤᠨ ᠬᠠᠮᠢᠶ᠎ᠠ ᠪᠦᠬᠦᠢ ᠰᠦᠢᠳᠭᠡᠯ ᠬᠤᠷᠢᠶᠠᠬᠤ ᠭᠤᠭᠴᠤᠭ᠎ᠠ᠃ ᠡᠯ᠎ᠡ ᠵᠠᠰᠠᠭ ᠵᠠᠬᠢᠷᠭᠠᠨ ᠤ ᠪᠠᠶᠢᠭᠤᠯᠤᠯᠭ᠎ᠠ ᠶᠢ ᠱᠠᠭᠠᠷᠳᠠᠵᠤ ᠪᠠᠶᠢᠭᠠᠳ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠠᠭᠤᠴᠢ ᠦᠢᠯᠡᠴᠢᠯᠡᠭᠡᠨ ᠤ ᠰᠦᠢᠳᠭᠡᠯ ᠬᠤᠷᠢᠶᠠᠬᠤ ᠭᠠᠷᠴᠠᠭ ᠤᠨ ᠨᠠᠷᠢᠨ ᠬᠠᠭᠤᠳᠠᠰᠤ ᠶᠢ ᠴᠢᠩᠭ᠎ᠠ ᠨᠠᠶᠢᠳᠠᠪᠤᠷᠢᠵᠢᠭᠤᠯᠵᠤ᠂ ᠵᠠᠰᠠᠭ ᠵᠠᠬᠢᠷᠭᠠᠨ ᠤ ᠪᠠᠶᠢᠭᠤᠯᠤᠯᠭ᠎ᠠ ᠶᠢᠨ ᠨᠠᠶᠢᠳᠠᠭᠰᠠᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠠᠭᠤᠴᠢ  ᠦᠢᠯᠡᠴᠢᠯᠡᠭᠡ᠂ ᠮᠡᠷᠭᠡᠵᠢᠯ ᠤᠨ ᠴᠢᠨᠠᠷᠲᠠᠶ  ᠦᠢᠯᠡᠴᠢᠯᠡᠭᠡ ᠶᠢᠨ ᠵᠠᠷᠤᠳᠠᠯ ᠢ ᠠᠵᠤ ᠠᠬᠤᠶᠢᠯᠠᠯ ᠳᠤ ᠰᠢᠯᠵᠢᠭᠦᠯᠦᠨ ᠥᠭᠴᠦ ᠡᠭᠦᠷᠭᠡᠯᠡᠭᠦᠯᠬᠦ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠪᠡ᠃      ᠵᠢᠷᠭᠤᠭ᠎ᠠ ᠳᠤ ᠡᠯᠧᠺᠲᠷᠣᠨ ᠵᠠᠰᠠᠭ ᠤᠨ ᠶᠠᠪᠤᠳᠠᠯ ᠤᠨ ᠲᠠᠪᠴᠠᠩ ᠤᠨ ᠰᠦᠢᠳᠭᠡᠯ ᠬᠤᠷᠢᠶᠠᠬᠤ ᠭᠤᠭᠴᠤᠭ᠎ᠠ᠃ ᠡᠯᠧᠺᠲᠷᠣᠨ ᠵᠠᠰᠠᠭ ᠤᠨ ᠶᠠᠪᠤᠳᠠᠯ ᠤᠨ ᠲᠠᠪᠴᠠᠩ ᠤᠨ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢ ᠵᠥᠷᠢᠴᠡᠭᠰᠡᠨ ᠠᠵᠢᠯᠯᠠᠭ᠎ᠠ᠂ ᠵᠠᠰᠠᠭ ᠤᠨ ᠣᠷᠳᠣᠨ ᠠᠴᠠ  ᠦᠢᠯᠡᠴᠢᠯᠡᠭᠡ ᠶᠢ ᠬᠤᠳᠠᠯᠳᠤᠨ ᠠᠪᠬᠤ ᠬᠡᠷᠡᠭᠲᠡᠶ ᠵᠦᠢᠯᠡᠰ᠂ ᠮᠡᠷᠭᠡᠵᠢᠯ ᠬᠠᠮᠠᠭᠠᠯᠠᠬᠤ ᠵᠠᠷᠤᠳᠠᠯ᠂ ᠦᠢᠯᠡᠴᠢᠯᠡᠭᠡᠨ ᠤ ᠵᠠᠷᠤᠳᠠᠯ᠂ ᠡᠯᠧᠺᠲᠷᠣᠨ ᠵᠠᠭᠤᠴᠢ ᠶᠢᠨ ᠥᠪᠡᠷ ᠤᠨ ᠥᠷᠲᠡᠭ ᠤᠨ ᠵᠠᠷᠤᠳᠠᠯ ᠬᠡᠬᠦ ᠮᠡᠳᠦ ᠨᠡᠷ᠎ᠡ ᠪᠠᠷ ᠠᠵᠤ ᠠᠬᠤᠶᠢᠯᠠᠯ ᠠᠴᠠ ᠰᠦᠢᠳᠭᠡᠯ ᠬᠤᠷᠢᠶᠠᠬᠤ ᠵᠡᠷᠭᠡ ᠦᠢᠯᠡ ᠠᠵᠢᠯᠯᠠᠭ᠎ᠠ ᠶᠢ ᠭᠤᠣᠯᠳᠠᠯᠭ᠎ᠠ ᠲᠠᠢ ᠪᠠᠶᠢᠴᠠᠭᠠᠨ ᠰᠢᠢᠳᠪᠦᠷᠢᠯᠡᠪᠡ᠃      ᠣᠳᠣᠬᠠᠨ ᠳᠤ᠂ ᠬᠦᠬᠡᠬᠤᠲᠠ ᠠᠵᠤ ᠠᠬᠤᠶᠢᠯᠠᠯ ᠳᠤ ᠬᠤᠯᠪᠤᠬᠳᠠᠬᠤ ᠲᠣᠭᠲᠠᠭᠠᠯ ᠠᠴᠠ ᠵᠥᠷᠢᠴᠡᠨ ᠰᠦᠢᠳᠭᠡᠯ ᠬᠤᠷᠢᠶᠠᠬᠤ ᠦᠢᠯᠡ ᠠᠵᠢᠯᠯᠠᠭ᠎ᠠ ᠶᠢ ᠲᠤᠰᠬᠠᠶᠢᠯᠠᠨ ᠵᠠᠰᠠᠬᠤ ᠠᠵᠢᠯ ᠢ ᠯᠠᠪᠳᠠᠭᠤᠨ ᠢᠶᠠᠷ ᠬᠢᠵᠦ ᠪᠠᠶᠢᠨ᠎ᠠ᠃       ︵ᠬᠦᠬᠡᠬᠤᠳᠠ ᠶᠢᠨ ᠡᠳᠣᠷ ᠤᠨ ᠡᠳᠦᠷ ᠤᠨ ᠰᠣᠨᠢᠨ ᠤ  ᠰᠤᠷᠪᠤᠯᠵᠢᠯᠠᠭᠴᠢ ᠴᠢ ᠰᠢᠶᠣᠤ ᠶᠠᠨ︶  
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号