2020 ᠣᠨ ᠤ ᠪᠠᠷᠠᠭᠤᠨ ᠣᠷᠣᠨ ᠤ ᠲᠥᠯᠥᠪᠯᠡᠭᠡ ᠳᠤ ᠦᠢᠯᠡᠴᠢᠯᠡᠬᠦ ᠰᠠᠶᠢᠨ ᠲᠤᠷᠠᠴᠤᠳ ᠬᠦᠬᠡᠬᠤᠳᠠ ᠠᠴᠠ ᠮᠣᠷᠳᠠᠯ᠎ᠠ
ᠨᠡᠶᠢᠲᠡᠯᠡᠭᠰᠡᠨ ᠴᠠᠭ᠄
2020-07-31
     ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠬᠴᠢ ᠰᠦᠨ ᠯᠢ ᠶᠢᠩ︶ 7 ᠰᠠᠷ᠎ᠠ ᠶᠢᠨ 29 ᠤ ᠡᠳᠦᠷ᠂ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ 2020 ᠣᠨ ᠤ ᠤᠶᠤᠲᠠᠳ  ᠤᠨ ᠪᠠᠷᠠᠭᠤᠨ ᠣᠷᠣᠨ ᠤ ᠲᠦᠯᠦᠪᠯᠡᠭᠡ ᠳᠤ ᠰᠠᠶᠢᠨ ᠳᠤᠷ᠎ᠠ ᠠᠴᠠ ᠪᠠᠨ ᠦᠢᠯᠡᠴᠢᠯᠡᠬᠦ ᠰᠠᠶᠢᠨ ᠳᠤᠷᠠᠴᠤᠳ ᠤᠨ ᠮᠣᠷᠳᠠᠬᠤ ᠶᠣᠰᠣᠯᠠᠯ ᠬᠥᠬᠡᠬᠤᠲᠠ ᠳᠤ ᠶᠠᠪᠤᠭᠳᠠᠵᠤ᠂ ᠪᠠᠷᠠᠭᠤᠨ ᠣᠷᠣᠨ ᠤ ᠲᠦᠯᠦᠪᠯᠡᠭᠡ ᠳᠤ ᠦᠢᠯᠡᠴᠢᠯᠡᠬᠦ 903 ᠰᠠᠶᠢᠨ ᠳᠤᠷᠠᠴᠤᠳ ᠣᠷᠭᠢᠯᠤᠮ᠎ᠠ ᠬᠠᠯᠠᠭᠤᠨ ᠵᠤᠷᠢᠭ ᠡᠪᠤᠷᠯᠠᠨ ᠦᠨᠳᠤᠰᠤᠨ ᠱᠠᠲᠤᠨ ᠳᠤ ᠬᠦᠷᠴᠦ ᠰᠠᠶᠢᠨ ᠳᠤᠷ᠎ᠠ ᠶᠢᠨ ᠦᠢᠯᠡᠴᠢᠯᠡᠭᠡ ᠥᠷᠨᠢᠭᠦᠯᠬᠦ ᠪᠣᠯᠣᠯ᠎ᠠ᠃      ᠶᠣᠰᠣᠯᠠᠯ ᠳᠡᠭᠡᠷ᠎ᠡ᠂ ᠬᠠᠮᠢᠶ᠎ᠠ ᠪᠦᠬᠦᠢ ᠤᠳᠤᠷᠢᠳᠤᠯᠭ᠎ᠠ ᠠᠴᠠ ᠬᠤᠷᠢᠨ ᠬᠤᠶᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠵᠠᠯᠠᠭᠤ ᠰᠠᠶᠢᠨ ᠲᠤᠷᠠᠴᠤᠳ ᠤᠨ ᠠᠰᠫᠢᠷᠠᠨᠲ ᠤᠨ ᠰᠤᠷᠭᠠᠨ ᠬᠥᠮᠥᠵᠢᠯ ᠢ ᠳᠡᠳᠬᠦᠬᠦ ᠪᠦᠯᠬᠦᠮ ᠤᠨ ᠥᠪᠥᠷ ᠮᠣᠩᠭᠤᠯ ᠤᠨ ᠦᠢᠯᠡᠴᠢᠯᠡᠭᠡᠨ ᠤ ᠠᠩᠬᠢ ᠳᠤ ᠲᠤᠭ ᠣᠯᠭᠤᠪᠠ᠃ ᠥᠪᠡᠷᠲᠡᠭᠡᠨ ᠵᠠᠰᠠᠬᠤ ᠣᠷᠣᠨ ᠤ ᠡᠪᠯᠡᠯ ᠤᠨ ᠬᠤᠷᠢᠶ᠎ᠠ᠂ ᠪᠠᠷᠠᠭᠤᠨ ᠣᠷᠣᠨ ᠤ ᠲᠥᠯᠥᠪᠯᠡᠭᠡ ᠶᠢᠨ ᠥᠪᠥᠷ ᠮᠣᠩᠭᠤᠯ ᠤᠨ ᠲᠥᠷᠥᠯ ᠵᠦᠢᠯ ᠤᠨ ᠠᠯᠪᠠᠨ ᠬᠡᠷ ᠠᠴᠠ 2019 — 2020 ᠣᠨ ᠤ ᠪᠠᠷᠠᠭᠤᠨ ᠣᠷᠣᠨ ᠤ ᠲᠥᠯᠥᠪᠯᠡᠭᠡ ᠶᠢᠨ ᠰᠢᠯᠢᠳᠡᠭ ᠲᠥᠷᠥᠯ ᠵᠦᠢᠯ ᠤᠨ ᠠᠯᠪᠠᠨ ᠬᠡᠷ ᠪᠠ ᠰᠢᠯᠢᠳᠡᠭ ᠰᠠᠶᠢᠨ ᠳᠤᠷᠠᠴᠤᠳ ᠢ ᠬᠥᠬᠢᠭᠦᠯᠦᠨ ᠰᠠᠶᠢᠰᠢᠶᠠᠪᠠ᠃     ᠤᠢᠢᠯᠠᠭᠠᠬᠰᠠᠨ ᠢᠶᠠᠷ᠂ ᠶᠣᠰᠣᠯᠠᠯ ᠠᠴᠠ ᠡᠮᠦᠨ᠎ᠡ᠂ ᠦᠪᠡᠷᠳᠡᠭᠡᠨ ᠵᠠᠰᠠᠬᠤ ᠤᠷᠤᠨ ᠤ ᠡᠪᠯᠡᠯ ᠤᠨ ᠬᠤᠷᠢᠶ᠎ᠠ ᠠᠴᠠ 2020 ᠣᠨ ᠤ ᠪᠠᠷᠠᠭᠤᠨ ᠤᠷᠤᠨ ᠤ ᠲᠦᠯᠦᠪᠯᠡᠭᠡ ᠳᠤ ᠦᠢᠯᠡᠴᠢᠯᠡᠬᠦ ᠰᠠᠶᠢᠨ ᠲᠤᠷᠠᠴᠤᠳ ᠢ ᠵᠤᠬᠢᠶᠠᠨ ᠪᠠᠶᠢᠭᠤᠯᠵᠤ᠂ ᠪᠥᠬᠦ ᠤᠯᠤᠰ ᠤᠨ ︽ᠬᠤᠶᠠᠷ ᠬᠤᠷᠠᠯ︾ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ᠂ ᠥᠪᠥᠷ ᠮᠣᠩᠭᠤᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠲᠦᠢᠮᠣ ᠪᠠᠶᠢᠳᠠᠯ᠂ ᠪᠠᠷᠠᠭᠤᠨ ᠣᠷᠣᠨ ᠤ ᠲᠥᠯᠥᠪᠯᠡᠭᠡ ᠶᠢᠨ ᠦᠨᠳᠦᠰᠦᠨ ᠱᠠᠲᠤᠨ ᠤ ᠠᠵᠢᠯ ᠵᠢᠴᠢ ᠰᠢᠨ᠎ᠡ ᠲᠢᠲᠢᠮᠯᠢᠭ ᠠᠭᠤᠰᠬᠢᠨ ᠦᠷᠪᠢᠰᠦᠯ᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠵᠡᠷᠭᠡ ᠠᠭᠤᠯᠭ᠎ᠠ ᠶᠢᠨ ᠲᠤᠭᠤᠷᠢᠨ ᠳᠤ 4 ᠡᠳᠦᠷ ᠤᠨ ᠬᠤᠭᠤᠴᠠᠭ᠎ᠠ ᠲᠠᠢ ᠪᠤᠯᠪᠠᠰᠤᠷᠠᠯ ᠬᠦᠷᠳᠡᠭᠡᠵᠡᠢ᠃      2003 ᠣᠨ ᠠᠴᠠ ᠡᠬᠢᠯᠡᠨ᠂ ᠤᠶᠤᠲᠠᠳ ᠤᠨ ᠪᠠᠷᠠᠭᠤᠨ ᠣᠷᠣᠨ ᠤ ᠲᠥᠯᠥᠪᠯᠡᠭᠡ ᠳᠤ ᠰᠠᠶᠢᠨ ᠳᠤᠷ᠎ᠠ ᠠᠴᠠ ᠪᠠᠨ ᠦᠢᠯᠡᠴᠢᠯᠡᠬᠦ ᠲᠥᠷᠥᠯ ᠵᠦᠢᠯ ᠢ ᠬᠡᠷᠡᠭᠵᠢᠭᠦᠯᠦᠭᠰᠡᠨ ᠠᠴᠠ ᠨᠠᠭᠠᠰᠢ᠂ ᠪᠦᠬᠦ ᠤᠯᠤᠰ ᠤᠨ ᠡᠯ᠎ᠡ ᠭᠠᠵᠠᠷ ᠤᠨ 10061 ᠰᠠᠶᠢᠨ ᠲᠤᠷᠠᠴᠤᠳ ᠮᠠᠨ ᠤ ᠣᠷᠣᠨ ᠳᠤ ᠰᠠᠶᠢᠨ ᠳᠤᠷ᠎ᠠ ᠶᠢᠨ ᠦᠶ᠋ᠯᠡᠴᠢᠯᠡᠭᠡ ᠦᠷᠨᠢᠬᠦᠯᠵᠦ᠂ 4000 ᠭᠠᠷᠤᠶ ᠰᠠᠶᠢᠨ ᠳᠤᠷᠠᠴᠤᠳ ᠥᠪᠥᠷ ᠮᠣᠩᠭᠤᠯ ᠳᠤ ᠨᠤᠳᠤᠬᠰᠢᠵᠤ᠂ ᠲᠡᠳᠡᠨᠠᠷ ︽ᠪᠠᠷᠠᠭᠤᠨ ᠣᠷᠣᠨ ᠳᠤ ᠬᠦᠷᠴᠦ᠂ ᠦᠨᠳᠦᠰᠦᠨ ᠱᠠᠲᠤᠨ ᠳᠤ ᠬᠦᠷᠴᠦ᠂ ᠡᠬᠡ ᠤᠯᠤᠰ ᠤᠨ ᠬᠠᠮᠤᠭ ᠤᠨ ᠬᠡᠷᠡᠭᠴᠡᠭᠡ ᠲᠠᠢ ᠭᠠᠵᠠᠷ ᠲᠤ ᠬᠦᠷᠬᠦ︾ ᠴᠠᠭ ᠦᠶ᠎ᠡ ᠶᠢᠨ ᠬᠦᠴᠦᠷᠬᠡᠭ ᠳᠠᠭᠤᠨ ᠢ ᠴᠢᠪᠬᠠᠳᠠᠵᠤ᠂ ᠥᠪᠥᠷ ᠮᠣᠩᠭᠤᠯ ᠤᠨ ᠠᠵᠤ ᠠᠬᠤᠶ ᠨᠡᠶᠢᠭᠡᠮ  ᠤᠨ ᠬᠥᠭᠵᠢᠯᠲᠡ ᠳᠤ ᠢᠳᠡᠪᠬᠢᠲᠡᠶ ᠬᠤᠪᠢ ᠨᠡᠮᠡᠷᠢ ᠦᠵᠡᠭᠦᠯᠦᠭᠰᠡᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号