ᠰᠢᠨ᠎ᠡ ᠬᠤᠲᠠ ᠲᠣᠭᠤᠷᠢᠭ 2020 ᠣᠨ ᠤ ᠲᠤᠭᠤᠷᠢᠭ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ ᠶᠢᠨ ᠠᠵᠢᠯ ᠤᠨ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020-07-06
     ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ ᠶᠢᠨ ᠬᠤᠭᠤᠷᠣᠨᠳᠣᠬᠢ ᠰᠤᠷᠤᠯᠴᠠᠯᠭ᠎ᠠ ᠰᠣᠯᠢᠯᠴᠠᠭ᠎ᠠ ᠶᠢ ᠴᠢᠩᠭᠠᠳᠬᠠᠵᠤ᠂ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ ᠨᠢᠭᠡᠴᠡ ᠶᠢᠨ ᠦᠢᠯᠡᠴᠢᠯᠡᠭᠡᠨ ᠤ ᠴᠢᠳᠠᠪᠤᠷᠢ᠂ ᠬᠢᠷᠢ ᠲᠦᠪᠰᠢᠨ ᠢ ᠳᠡᠭᠡᠭᠰᠢᠯᠡᠭᠦᠯᠵᠦ᠂ ᠪᠦᠬᠦ ᠣᠷᠣᠨ ᠤ ᠬᠠᠤᠯᠢ ᠪᠠᠷ ᠵᠠᠰᠠᠬᠤ  ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠢ ᠪᠦᠬᠦ ᠲᠠᠯ᠎ᠠ ᠪᠠᠷ ᠠᠬᠢᠭᠤᠯᠬᠤ ᠶᠢᠨ ᠲᠦᠯᠦᠭᠡ᠂ 7 ᠳ᠋ᠤᠭᠠᠷ ᠰᠠᠷ᠎ᠠ ᠶᠢᠨ 1 ᠤ ᠡᠳᠦᠷ ᠤᠨ ᠦᠳᠡ ᠶᠢᠨ ᠬᠤᠶᠢᠨᠠᠬᠢ 3 ᠴᠠᠭ ᠲᠤ᠂ ᠰᠢᠨ᠎ᠡ ᠬᠤᠲᠠ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠲᠤᠭᠤᠷᠢᠭ ᠤᠨ ᠵᠠᠰᠠᠭ ᠤᠨ ᠣᠷᠳᠣᠨ ᠤ 2020 ᠣᠨ ᠤ ᠬᠠᠤᠯᠢ ᠴᠠᠭᠠᠵᠠ ᠶᠢᠨ ᠵᠥᠪᠯᠡᠭᠴᠢ ᠶᠢᠨ ᠠᠵᠢᠯ ᠤᠨ ᠶᠠᠷᠢᠯᠴᠠᠬᠤ ᠬᠤᠷᠠᠯ ᠬᠤᠷᠠᠯᠳᠤᠭᠤᠯᠵᠤ᠂ ᠰᠢᠨ᠎ᠡ ᠬᠤᠲᠠ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠸᠠᠩ ᠰᠢᠶᠣᠤ ᠬᠤᠢ ᠬᠤᠷᠠᠯ ᠳᠤ ᠣᠷᠣᠯᠴᠠᠵᠤ᠂ ᠰᠢᠨ᠎ᠡ ᠬᠤᠲᠠ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠶᠢᠨ ᠪᠠᠭ ᠤᠨ ᠪᠦᠷᠢᠯᠳᠦᠬᠦᠨ ᠵᠢᠴᠢ ᠬᠤᠯᠪᠣᠭᠳᠠᠯ ᠪᠦᠬᠦᠢ ᠰᠲ᠋ᠣᠺ ᠤᠨ ᠲᠠᠰᠤᠭ ᠤᠨ ᠬᠠᠷᠢᠭᠤᠴᠠᠯᠭᠠᠲᠠᠨ᠂ 9 ᠬᠠᠤᠯᠢ ᠴᠠᠭᠠᠵᠠ ᠶᠢᠨ ᠵᠥᠪᠯᠡᠭᠴᠢ ᠨᠢᠭᠡᠴᠡ ᠶᠢᠨ ᠬᠠᠷᠢᠭᠤᠴᠠᠯᠭᠠᠲᠠᠨ ᠬᠠᠮᠲᠤ ᠪᠠᠷ ᠶᠠᠷᠢᠯᠴᠠᠬᠤ ᠬᠤᠷᠠᠯ ᠳᠤ ᠣᠷᠣᠯᠴᠠᠵᠤ᠂ ᠬᠤᠷᠠᠯ ᠢ ᠳᠡᠳ᠋ ᠲᠣᠪᠴᠢᠶᠠᠨ ᠳᠠᠷᠤᠭ᠎ᠠ ᠮᠧᠩ ᠴᠠᠩ ᠴᠦᠨ ᠡᠷᠭᠢᠯᠡᠪᠡ᠃      ᠬᠤᠷᠠᠯ ᠳᠡᠭᠡᠷ᠎ᠡ᠂ ᠲᠣᠪᠴᠢᠶᠠᠨ ᠳᠠᠷᠤᠭ᠎ᠠ ᠸᠠᠩ ᠭᠦᠸᠧ ᠫᠢᠩ 2019 ᠣᠨ ᠤ ᠲᠤᠭᠤᠷᠢᠭ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠦᠪᠯᠡᠭᠴᠢ ᠶᠢᠨ ᠠᠵᠢᠯ ᠤᠨ ᠪᠠᠶᠢᠳᠠᠯ ᠢ ᠡᠷᠭᠢᠴᠡᠭᠦᠯᠦᠨ ᠳ᠋ᠦᠩᠨᠡᠵᠦ᠂ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠪᠠ ᠲᠠᠷᠠᠭᠠᠴᠢ ᠶᠢᠨ ᠠᠯᠬᠤᠮ ᠤᠨ ᠠᠵᠢᠯ ᠤᠨ ᠲᠥᠯᠥᠪᠯᠡᠭᠡ ᠳᠤ ᠪᠣᠳᠠᠲᠠᠶ ᠲᠣᠳᠣᠷᠬᠠᠶᠢᠯᠠᠯᠲᠠ ᠬᠢᠵᠦ᠂ ᠳᠠᠷᠠᠭ᠎ᠠ ᠨᠢ᠂ ᠲᠣᠪᠴᠢᠶᠠᠨ ᠳᠠᠷᠤᠭ᠎ᠠ ᠸᠠᠩ ᠭᠦᠸᠧ ᠫᠢᠩ 9 ᠬᠠᠤᠯᠢ ᠴᠠᠭᠠᠵᠠ ᠶᠢᠨ ᠵᠥᠪᠯᠡᠭᠴᠢ ᠶᠢᠨ ᠨᠢᠭᠡᠴᠡ ᠲᠠᠢ 2020 ᠣᠨ ᠤ ᠬᠠᠤᠯᠢ ᠴᠠᠭᠠᠵᠠ ᠶᠢᠨ ᠵᠦᠪᠯᠡᠯᠴᠡᠭᠡᠷ ᠲᠤᠭᠲᠠᠪᠠ᠃
    ᠳᠡᠳ᠋ ᠲᠣᠭᠤᠷᠢᠭ ᠤᠨ ᠳᠠᠷᠤᠭ᠎ᠠ ᠸᠠᠩ ᠰᠢᠶᠣᠤ ᠾᠦᠢ ᠬᠠᠤᠯᠢ ᠴᠠᠭᠠᠵᠠ ᠶᠢᠨ ᠵᠥᠪᠯᠡᠭᠴᠢ ᠶᠢᠨ ᠠᠵᠢᠯ ᠤᠨ ᠦᠷ᠎ᠡ ᠪᠦᠲᠦᠮᠵᠢ ᠶᠢ ᠨᠤᠲᠠᠯᠠᠵᠤ᠂ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ ᠶᠢᠨ ᠠᠵᠢᠯ ᠢ ᠬᠡᠷᠬᠢᠨ ᠰᠠᠶᠢᠲᠤᠷ ᠬᠢᠬᠦ ᠳᠤ ᠲᠦᠷᠪᠡᠨ ᠰᠠᠨᠠᠯ ᠳᠤᠷᠠᠳᠪᠠ᠄ ᠨᠢᠭᠡ ᠳᠤ ᠬᠠᠤᠯᠢ ᠪᠠᠷ ᠵᠠᠰᠠᠬᠤ ᠣᠶᠢᠯᠠᠭᠠᠭᠳᠠᠬᠤᠨ ᠢ ᠡᠷᠬᠢᠮᠯᠡᠵᠦ᠂ ᠬᠠᠤᠯᠢ ᠪᠠᠷ ᠵᠠᠰᠠᠬᠤ ᠰᠠᠶᠢᠨ ᠰᠠᠶᠢᠬᠠᠨ ᠣᠷᠴᠢᠨ ᠠᠬᠤᠢ ᠶᠢ ᠬᠠᠮᠲᠤ ᠪᠠᠷ ᠪᠤᠢ ᠪᠣᠯᠭᠠᠬᠤ ᠬᠡᠷᠡᠭᠲᠡᠶ᠃ ᠬᠤᠶᠠᠷ ᠲᠤ᠂ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ ᠶᠢᠨ ᠦᠢᠯᠡᠳᠦᠯ ᠢ ᠪᠠᠳᠠᠷᠠᠭᠤᠯᠵᠤ᠂ ᠵᠠᠰᠠᠭ ᠤᠨ ᠣᠷᠳᠣᠨ ᠤ ᠭᠤᠣᠯ ᠠᠵᠢᠯ ᠢ ᠬᠠᠮᠵᠢᠯᠴᠠᠨ ᠠᠬᠢᠭᠤᠯᠬᠤ ᠬᠡᠷᠡᠭᠲᠡᠢ᠃ ᠭᠤᠷᠪᠠ ᠳᠤ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ ᠶᠢᠨ ᠦᠢᠯᠡᠳᠦᠯ ᠢ ᠪᠠᠳᠠᠷᠠᠭᠤᠯᠵᠤ᠂ ᠵᠥᠷᠢᠴᠡᠯ ᠵᠢᠭᠤᠷᠠᠯᠳᠤᠭᠠᠨ ᠢ ᠴᠠᠭ ᠲᠤᠬᠠᠶ ᠳᠤᠨᠢ ᠠᠷᠢᠯᠭᠠᠬᠤ ᠬᠡᠷᠡᠭᠲᠡᠶ᠃ ᠲᠦᠷᠪᠡ ᠳᠤ ᠲᠣᠭᠲᠠᠴᠠ ᠶᠢ ᠲᠠᠰᠤᠷᠠᠯᠳᠠ ᠦᠭᠡᠢ ᠲᠡᠭᠦᠯᠳᠡᠷᠵᠢᠭᠦᠯᠵᠦ᠂ ᠬᠠᠤᠯᠢ ᠴᠠᠭᠠᠵᠠ ᠶᠢᠨ ᠵᠥᠪᠯᠡᠭᠴᠢ ᠶᠢᠨ ᠦᠢᠯᠡᠳᠦᠯ ᠪᠠᠳᠠᠷᠠᠭᠤᠯᠬᠤ ᠳᠤ ᠪᠠᠲᠤᠯᠠᠭ᠎ᠠ ᠬᠠᠩᠭᠠᠬᠤ ᠬᠡᠷᠡᠭᠲᠡᠶ ᠭᠡᠪᠡ᠃      ᠡᠴᠦᠰ ᠲᠤ᠂ ᠬᠤᠷᠠᠯ ᠳᠤ ᠣᠷᠣᠯᠴᠠᠭᠰᠠᠳ ᠲᠤᠰ ᠪᠡᠶ᠎ᠡ ᠶᠢᠨ ᠠᠵᠢᠯ ᠲᠠᠢ ᠪᠠᠨ ᠤᠶᠠᠯᠳᠤᠭᠤᠯᠤᠨ  ᠲᠤᠭᠤᠷᠢᠭ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ ᠶᠢᠨ ᠠᠵᠢᠯ ᠢ ᠬᠡᠷᠬᠢᠨ ᠠᠬᠢᠭᠤᠯᠬᠤ ᠲᠤᠬᠠᠶ ᠶᠠᠷᠢᠯᠴᠠᠨ ᠰᠣᠯᠢᠯᠴᠠᠵᠤ᠂ ᠡᠯ᠎ᠡ ᠬᠠᠤᠯᠢ ᠴᠠᠭᠠᠵᠠ ᠶᠢᠨ ᠵᠥᠪᠯᠡᠭᠴᠢ ᠨᠢᠭᠡᠴᠡ ᠰᠣᠯᠢᠯᠴᠠᠭᠠᠨ ᠤ ᠶᠠᠷᠢᠶ᠎ᠠ ᠲᠠᠯᠪᠢᠬᠤ ᠶᠠᠪᠤᠴᠠ ᠳᠤ᠂ ᠦᠷᠭᠦᠯᠵᠢᠯᠡᠨ ᠴᠢᠳᠠᠯ ᠤᠨ ᠢᠶᠠᠨ ᠬᠢᠷᠢ ᠪᠠᠷ ᠴᠢᠷᠮᠠᠶᠢᠵᠤ᠂ ᠲᠤᠰᠬᠠᠶ ᠮᠡᠷᠭᠡᠵᠢᠯ ᠤᠨ ᠳᠠᠪᠠᠭᠤᠯᠢᠭ ᠢᠶᠠᠨ ᠪᠠᠳᠠᠷᠠᠭᠤᠯᠵᠤ᠂ ᠡᠷᠡᠰ ᠰᠢᠭᠤᠷᠬᠠᠢ ᠪᠠᠷ ᠤᠷᠤᠭᠰᠢᠯᠠᠨ ᠳᠠᠪᠰᠢᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠰᠢᠨ᠎ᠡ ᠬᠤᠲᠠ ᠲᠤᠭᠤᠷᠢᠭ ᠤᠨ ᠬᠠᠤᠯᠢᠵᠢᠯ ᠤᠨ ᠵᠠᠰᠠᠭ ᠤᠨ ᠣᠷᠳᠣᠨ ᠤ ᠪᠠᠢᠭᠤᠯᠤᠯᠲᠠ ᠳᠤ ᠥᠴᠦᠬᠡᠨ ᠬᠦᠴᠦ ᠪᠠᠨ ᠡᠷᠭᠦᠨ᠎ᠡ ᠭᠡᠵᠦ ᠢᠯᠡᠷᠬᠡᠶᠢᠯᠡᠪᠡ᠃
 
ᠢᠷᠡᠯᠲᠡ᠄ ᠰᠢᠨ᠎ᠡ ᠬᠤᠲᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号