ᠵᠠᠩ ᠪᠠᠢ ᠴᠧᠩ ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠠᠵᠢᠯ ᠢ ᠰᠤᠳᠤᠯᠬᠤ ᠳᠠᠭᠠᠨ ᠴᠢᠬᠤᠯᠠᠴᠢᠯᠠᠭᠰᠠᠨ ᠨᠢ  ︽ᠬᠤᠸᠠᠷ ᠬᠠᠳᠬᠤᠬᠤ︾ ᠡᠷᠳᠡᠮ ᠢᠶᠠᠷ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢ ᠴᠢᠩᠭᠠᠳᠬᠠᠵᠤ ᠬᠤᠲᠠ ᠶᠢ ᠨᠡᠩ ᠭᠤᠶᠣ ᠰᠠᠶᠢᠬᠠᠨ ᠣᠯᠠᠨ ᠲᠦᠮᠡᠨ ᠢ ᠨᠡᠩ ᠵᠣᠯ ᠵᠢᠷᠭᠠᠯ ᠲᠠᠢ ᠪᠣᠯᠭᠠᠬᠤ ᠬᠡᠷᠡᠭᠲᠡᠢ
ᠨᠡᠶᠢᠲᠡᠯᠡᠭᠰᠡᠨ ᠴᠠᠭ᠄
2020-07-06
      ︵ᠠᠬᠠᠯᠠᠭᠴᠢ ᠰᠤᠷᠪᠤᠯᠵᠢᠯᠠᠭᠴᠢ ᠯᠢ ᠬᠠᠢ ᠵᠧᠨ︶ 7 ᠳ᠋ᠤᠭᠠᠷ ᠰᠠᠷ᠎ᠠ ᠶᠢᠨ 4 ᠤ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠵᠠᠩ ᠪᠠᠢ ᠴᠧᠩ ᠤᠷᠢᠳ ᠬᠤᠵᠢᠳ ᠬᠠᠶᠢᠯᠠᠷ ᠵᠡᠭᠡᠯᠢ᠂ ᠴᠢᠩᠭᠢᠰ ᠬᠠᠭᠠᠨ ᠵᠡᠭᠦᠨ ᠵᠡᠭᠡᠯᠢ᠂ ᠲᠠ ᠯᠢ ᠵᠡᠭᠦᠨ ᠵᠠᠮ᠂ ᠲᠢᠶᠠᠨ ᠵᠢᠶᠣᠣ ᠬᠤᠸᠠ ᠶᠤᠸᠠᠨ᠂ ᠳᠣᠣᠷ᠎ᠠ ᠰᠢᠨ᠎ᠡ ᠠᠶᠢᠯ ᠲᠣᠰᠬᠤᠨ ᠤ ᠮᠣᠷᠢᠨ ᠤᠷᠤᠯᠳᠤᠭᠠᠨ ᠤ ᠲᠠᠯᠠᠪᠠᠢ ᠶᠢᠨ ᠴᠤᠭᠯᠠᠭ᠎ᠠ ᠮᠠᠶᠢᠮᠠᠢ ᠶᠢᠨ ᠵᠠᠬ᠎ᠠ ᠳᠡᠯᠭᠡᠭᠦᠷ ᠵᠡᠷᠭᠡ ᠣᠷᠣᠨ ᠪᠦᠰᠡ ᠪᠠᠷ ᠭᠦᠨᠵᠡᠭᠡᠶᠢᠷᠡᠵᠦ᠂ ᠵᠠᠮ ᠢ ᠥᠭᠡᠷᠡᠴᠢᠯᠡᠨ ᠰᠠᠶᠢᠵᠢᠷᠠᠭᠤᠯᠬᠤ ᠪᠠᠷᠢᠯᠭ᠎ᠠ᠂ ᠨᠣᠭᠤᠭᠠᠷᠠᠭᠤᠯᠤᠯᠲᠠ ᠶᠢᠨ ᠦᠵᠡᠮᠵᠢ ᠶᠢᠨ  ᠪᠦᠲᠦᠭᠡᠨ ᠪᠠᠶᠢᠭᠤᠯᠤᠯᠲᠠ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠤ ᠴᠡᠭᠴᠡᠯᠡᠯᠲᠡ ᠵᠢᠴᠢ ᠡᠵᠡᠩᠨᠡᠯᠲᠡ ᠬᠠᠮᠢᠶᠠᠷᠤᠯᠲᠠ ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠬᠤ ᠳᠠᠭᠠᠨ ᠴᠢᠬᠤᠯᠠᠴᠢᠯᠠᠭᠰᠠᠨ ᠨᠢ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠨᠠᠷᠢᠯᠢᠭᠵᠢᠭᠤᠯᠤᠭᠰᠠᠨ ᠪᠦᠲᠦᠭᠡᠨ ᠪᠠᠶᠢᠭᠤᠯᠤᠯᠲᠠ ᠬᠠᠮᠢᠶᠠᠷᠤᠯᠲᠠ ᠶᠢᠨ ᠠᠵᠢᠯ ᠤᠨ ᠣᠶᠢᠯᠠᠭᠠᠭᠳᠠᠬᠤᠨ ᠢ ᠪᠠᠲᠤ ᠪᠣᠢ ᠪᠣᠯᠭᠠᠵᠤ᠂ ᠲᠥᠯᠥᠪᠵᠢᠭᠦᠯᠬᠦ᠂ ᠲᠥᠰᠥᠪᠯᠡᠬᠦ᠂ ᠪᠦᠲᠦᠭᠡᠨ ᠪᠠᠶᠢᠭᠤᠯᠬᠤ ᠵᠡᠷᠭᠡ ᠡᠯ᠎ᠡ ᠲᠠᠯ᠎ᠠ ᠳᠡᠭᠡᠷ᠎ᠡ ︽ᠬᠤᠸᠠᠷ ᠬᠠᠳᠬᠤᠬᠤ︾ ᠡᠷᠳᠡᠮ ᠭᠠᠷᠭᠠᠵᠤ᠂ ᠬᠤᠲᠠ ᠶᠢ ᠨᠡᠩ ᠭᠤᠶᠣ ᠰᠠᠶᠢᠬᠠᠨ᠂ ᠣᠯᠠᠨ ᠲᠦᠮᠡᠨ ᠢ ᠨᠡᠩ ᠵᠣᠯ ᠵᠢᠷᠭᠠᠯ ᠲᠠᠢ ᠪᠣᠯᠭᠠᠬᠤ ᠬᠡᠷᠡᠭᠲᠡᠢ ᠭᠡᠪᠡ᠃      ᠬᠠᠶᠢᠯᠠᠷ ᠵᠡᠭᠡᠯᠢ᠂ ᠴᠢᠩᠭᠢᠰ ᠬᠠᠭᠠᠨ ᠵᠡᠭᠦᠨ ᠵᠡᠭᠡᠯᠢ᠂ ᠲᠠ ᠯᠢ ᠵᠡᠭᠦᠨ ᠵᠠᠮ ᠵᠡᠷᠭᠡ ᠵᠠᠮ ᠢ ᠥᠭᠡᠷᠡᠴᠢᠯᠡᠨ ᠰᠠᠶᠢᠵᠢᠷᠠᠭᠤᠯᠬᠤ ᠪᠠᠷᠢᠯᠭ᠎ᠠ ᠶᠢᠨ ᠭᠠᠵᠠᠷ ᠲᠤ᠂ ᠵᠠᠩ ᠪᠠᠢ ᠴᠧᠩ ᠵᠠᠮ ᠤᠨ ᠪᠦᠲᠦᠭᠡᠨ ᠪᠠᠶᠢᠭᠤᠯᠤᠯᠲᠠ ᠵᠢᠴᠢ  ᠨᠣᠭᠤᠭᠠᠷᠠᠭᠤᠯᠤᠯᠲᠠ ᠶᠢᠨ ᠦᠵᠡᠮᠵᠢ ᠶᠢ ᠳᠡᠭᠡᠭᠰᠢᠯᠡᠭᠦᠯᠬᠦ ᠠᠵᠢᠯ ᠤᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠬᠤ ᠳᠠᠭᠠᠨ᠂ ᠬᠤᠯᠪᠣᠭᠳᠠᠯ ᠪᠦᠬᠦᠢ ᠭᠠᠵᠠᠷ ᠣᠷᠣᠨ ᠪᠠ ᠰᠠᠯᠠᠭ᠎ᠠ ᠮᠥᠴᠢᠷ ᠢ ᠵᠡᠮ ᠢ ᠥᠭᠡᠷᠡᠴᠢᠯᠡᠨ ᠰᠠᠶᠢᠵᠢᠷᠠᠭᠤᠯᠬᠤ ᠪᠠᠷᠢᠯᠭ᠎ᠠ ᠶᠢᠨ ᠰᠡᠭᠦᠯ ᠬᠤᠷᠢᠶᠠᠬᠤ ᠠᠵᠢᠯ ᠢ ᠥᠨᠳᠥᠷ ᠪᠠᠷᠢᠮᠵᠢᠶ᠎ᠠ ᠪᠠᠷ ᠪᠡᠶᠡᠯᠡᠭᠦᠯᠬᠦ ᠶᠢᠨ ᠬᠠᠮᠲᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠰᠢᠨᠵᠢᠯᠡᠬᠦ ᠤᠬᠠᠭᠠᠨᠴᠢ ᠪᠠᠷ ᠲᠥᠰᠥᠪᠯᠡᠵᠦ᠂ ᠵᠠᠮ ᠤᠨ ᠬᠡᠰᠡᠭ ᠪᠦᠷᠢ ᠶᠢᠨ ᠂ ᠵᠠᠮ ᠤᠨ ᠠᠭᠤᠯᠵᠠᠷ ᠪᠦᠷᠢ ᠶᠢᠨ᠂ ᠭᠤᠭᠴᠤᠭ᠎ᠠ ᠪᠦᠷᠢ ᠶᠢᠨ ᠲᠥᠯᠥᠪᠵᠢᠭᠦᠯᠭᠡ ᠲᠥᠰᠥᠪᠯᠡᠯ᠂ ᠤᠷᠭᠤᠮᠠᠯ ᠤᠨ ᠬᠤᠴᠢᠯᠭ᠎ᠠ ᠶᠢᠨ ᠰᠣᠩᠭᠤᠯᠲᠠ ᠵᠡᠷᠭᠡ ᠳᠤ ᠨᠠᠷᠢᠯᠢᠭ ᠲᠥᠰᠥᠯ ᠭᠠᠷᠭᠠᠵᠤ᠂ ᠠᠵᠢᠯ ᠤᠨ ᠠᠬᠢᠴᠠ ᠪᠠᠨ ᠲᠦᠷᠭᠡᠳᠬᠡᠨ᠂ ᠡᠯ᠎ᠡ ᠵᠦᠢᠯ ᠤᠨ ᠡᠭᠦᠷᠭᠡ ᠶᠢ ᠲᠣᠭᠲᠠᠭᠰᠠᠨ ᠴᠠᠭ ᠲᠠᠭᠠᠨ ᠪᠡᠶᠡᠯᠡᠭᠦᠯᠬᠦ ᠬᠡᠷᠡᠭᠲᠡᠢ ᠭᠡᠵᠦ ᠱᠠᠭᠠᠷᠳᠠᠪᠠ᠃      110 ᠤᠯᠤᠰ ᠤᠨ ᠵᠠᠮ᠂ ᠲᠢᠶᠠᠨ ᠵᠢᠶᠣᠣ ᠬᠤᠸᠠ ᠶᠤᠸᠠᠨ ᠳᠤ᠂ ᠵᠠᠩ ᠪᠠᠢ ᠴᠧᠩ ᠵᠠᠮ ᠤᠨ ᠬᠤᠶᠠᠷ ᠲᠠᠯ᠎ᠠ ᠶᠢᠨ ᠨᠣᠭᠤᠭᠠᠷᠠᠭᠤᠯᠤᠯᠲᠠ ᠶᠢᠨ ᠠᠵᠢᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ ᠳᠡᠭᠡᠨ᠂ ᠬᠤᠯᠪᠣᠭᠳᠠᠯ ᠪᠦᠬᠦᠢ ᠭᠠᠵᠠᠷ ᠣᠷᠣᠨ ᠪᠠ ᠰᠠᠯᠠᠭ᠎ᠠ ᠮᠥᠴᠢᠷ ᠢ ᠠᠮᠢ ᠠᠬᠤᠢ ᠶᠢ ᠤᠷᠢᠳᠠᠪᠠᠷ ᠪᠣᠳᠣᠯᠬᠢᠯᠠᠭᠰᠠᠨ ᠪᠣᠬᠢᠷᠲᠤᠯ ᠦᠭᠡᠢ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠪᠠ ᠠᠵᠢᠯ ᠤᠨ ᠬᠢᠷᠢ ᠲᠦᠪᠰᠢᠨ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠥᠨᠳᠥᠷ ᠴᠢᠨᠠᠷ  ᠴᠢᠨᠰᠠᠭᠠᠳᠤ ᠨᠤᠭᠤᠭᠠᠷᠠᠭᠤᠯᠤᠯᠲᠠ ᠶᠢᠨ ᠦᠵᠡᠮᠵᠢ ᠶᠢ ᠪᠣᠢ ᠪᠤᠯᠭᠠᠬᠤ ᠬᠡᠷᠡᠭᠲᠡᠢ ᠭᠡᠵᠦ ᠱᠠᠭᠠᠷᠳᠠᠪᠠ᠃      ᠵᠠᠩ ᠪᠠᠢ ᠴᠧᠩ ᠴᠢᠬᠤᠯᠠᠴᠢᠯᠠᠭᠰᠠᠨ ᠨᠢ᠂ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠥᠷᠭᠡᠨ ᠣᠯᠠᠨ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠦᠰᠡᠯ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠵᠤ᠂ ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠠᠵᠢᠯ ᠢ ᠨᠡᠩ ᠳᠣᠪᠣᠶᠢᠮ᠎ᠠ ᠪᠠᠶᠢᠷᠢᠨ ᠳᠤ ᠲᠠᠯᠪᠢᠵᠤ᠂ ᠤᠯᠠᠮᠵᠢᠯᠠᠯᠲᠤ ᠪᠦᠳᠦᠭᠦᠯᠢᠭ ᠠᠵᠢᠯ ᠤᠨ ᠠᠷᠭ᠎ᠠ ᠮᠠᠶ᠋ᠢᠭ ᠢ ᠬᠤᠪᠢᠷᠠᠭᠤᠯᠤᠨ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠨ ᠠᠵᠢᠯᠯᠠᠵᠤ᠂ ᠠᠷᠭ᠎ᠠ ᠪᠣᠳᠣᠯᠭ᠎ᠠ ᠶᠢ ᠣᠨᠣᠪᠴᠢᠲᠠᠢ ᠬᠡᠷᠡᠭᠵᠢᠭᠦᠯᠦᠨ᠂ ᠠᠵᠢᠯ ᠤᠨ ᠲᠥᠰᠥᠯ ᠢ ᠰᠢᠨᠵᠢᠯᠡᠬᠦ ᠤᠬᠠᠭᠠᠨᠴᠢ ᠵᠦᠢ ᠵᠣᠬᠢᠰᠲᠠᠢ ᠲᠣᠭᠲᠠᠭᠠᠵᠤ᠂ ᠮᠠᠨ ᠤ ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠠᠵᠢᠯ ᠦᠨᠡᠨ ᠪᠣᠳᠠᠲᠠᠢ ᠦᠷ᠎ᠡ ᠪᠦᠲᠦᠮᠵᠢ ᠣᠯᠬᠤ ᠶᠢ ᠲᠦᠯᠬᠢᠨ ᠠᠬᠢᠭᠤᠯᠵᠤ᠂ ᠣᠯᠠᠨ ᠲᠦᠮᠡᠨ ᠤ ᠠᠮᠢᠳᠤᠷᠠᠯ ᠢ ᠨᠡᠩ ᠲᠠᠭᠠᠲᠠᠢ᠂ ᠨᠡᠩ ᠵᠣᠯ ᠵᠢᠷᠭᠠᠯ ᠲᠠᠢ ᠪᠣᠯᠭᠠᠬᠤ ᠬᠡᠷᠡᠭᠲᠡᠢ ᠭᠡᠪᠡ᠃      ᠬᠤᠲᠠ ᠶᠢᠨ ᠤᠳᠤᠷᠢᠳᠤᠯᠭ᠎ᠠ ᠯᠢᠦ ᠴᠧᠩ ᠮᠢᠨ᠂ ᠸᠠᠩ ᠬᠤᠤ ᠯᠧᠢ᠂ ᠵᠸᠦ ᠴᠢᠶᠠᠩ᠂ ᠬᠥᠬᠡᠬᠤᠲᠠ ᠶᠢᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠯᠢ ᠰᠢᠶᠥᠥ ᠳ᠋ᠦᠩ ᠵᠢᠴᠢ ᠬᠤᠯᠪᠣᠭᠳᠠᠯ ᠪᠦᠬᠦᠢ ᠭᠠᠵᠠᠷ ᠣᠷᠣᠨ ᠪᠠ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠶᠢᠴᠠᠭᠠᠨ ᠰᠤᠳᠤᠯᠤᠯᠲᠠ ᠳᠤ ᠣᠷᠣᠯᠴᠠᠵᠠᠢ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号