ᠵᠠᠩ ᠪᠠᠢ ᠴᠧᠩ ᠯᠥᠸᠧ ᠴᠢᠩ ᠣᠷᠣᠯᠴᠠᠪᠠ | ︵ᠰᠤᠷᠪᠤᠯᠵᠢᠯᠠᠭᠴᠢ ᠹᠧᠩ ᠶᠠᠨ ᠫᠢᠩ︶ 7 ᠳ᠋ᠤᠭᠠᠷ ᠰᠠᠷ᠎ᠠ ᠶᠢᠨ 3 ᠤ ᠡᠳᠦᠷ ᠤᠨ ᠦᠳᠡ ᠶᠢᠨ ᠡᠮᠦᠨ᠎ᠡ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ | ᠬᠤᠷᠢᠶ᠎ᠠ ᠶᠢᠨ ᠱᠦᠵᠢ ᠸᠠᠩ ᠯᠢ ᠰᠢᠶᠠ ᠬᠤᠲᠠ ᠶᠢᠨ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ | ᠳᠦᠷᠢᠮ ᠤᠨ ᠠᠵᠢᠯ ᠤᠨ ᠤᠳᠤᠷᠢᠳᠬᠤ ᠳᠤᠭᠤᠶᠢᠯᠠᠩ ᠤᠨ 2020 ᠣᠨ ᠤ 2 ᠳ᠋ᠤᠭᠠᠷ ᠤᠳᠠᠭ᠎ᠠ ᠶᠢᠨ ᠬᠤᠷᠠᠯ ᠢ | ᠡᠷᠬᠢᠯᠡᠨ ᠬᠤᠷᠠᠯᠳᠤᠭᠤᠯᠵᠤ ᠴᠢᠬᠤᠯᠠᠴᠢᠯᠠᠭᠰᠠᠨ ᠨᠢ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ | ᠰᠠᠨᠠᠭ᠎ᠠ ᠶᠢ ᠭᠦᠨᠵᠡᠭᠡᠢ ᠰᠤᠷᠤᠯᠴᠠᠨ ᠪᠣᠳᠠᠳᠠᠢ ᠬᠡᠷᠡᠭᠯᠡᠵᠦ᠂ ᠨᠡᠩ ᠥᠨᠳᠥᠷ ᠤᠯᠤᠰ ᠲᠥᠷᠥ ᠶᠢᠨ ᠵᠣᠭᠰᠣᠴᠠ ᠪᠠ | ᠦᠵᠡᠯ ᠤᠬᠠᠮᠰᠠᠷ ᠢᠶᠠᠷ᠂ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠤᠨ ᠠᠵᠢᠯ ᠤᠨ | ᠬᠠᠷᠢᠭᠤᠴᠠᠯᠭ᠎ᠠ ᠶᠢᠨ ᠤᠬᠠᠮᠰᠠᠷ᠂ ᠡᠭᠦᠷᠭᠡ ᠶᠢᠨ ᠤᠬᠠᠮᠰᠠᠷ ᠪᠠ ᠲᠤᠯᠭᠠᠮ᠎ᠠ ᠤᠬᠠᠮᠰᠠᠷ ᠢ ᠦᠨᠡᠨᠬᠦ ᠪᠦᠬᠦ ᠲᠠᠯ᠎ᠠ ᠪᠠᠷ | ᠴᠢᠩᠭᠠᠳᠬᠠᠵᠤ᠂ ᠠᠵᠢᠯ ᠤᠨ ᠬᠠᠷᠢᠭᠤᠴᠠᠯᠭ᠎ᠠ ᠪᠠᠨ ᠰᠠᠬᠢᠵᠤ᠂ ᠠᠵᠢᠯ ᠤᠨ ᠬᠠᠷᠢᠭᠤᠴᠠᠯᠭ᠎ᠠ ᠪᠠᠨ ᠡᠭᠦᠷᠭᠡᠯᠡᠵᠦ᠂ | ᠠᠵᠢᠯ ᠤᠨ ᠬᠠᠷᠢᠭᠤᠴᠠᠯᠭ᠎ᠠ ᠪᠠᠨ ᠭᠦᠢᠴᠡᠳᠬᠡᠬᠦ ᠡᠭᠦᠷᠭᠡ ᠬᠠᠷᠢᠭᠤᠴᠠᠯᠭ᠎ᠠ ᠪᠠᠷ ᠭᠤᠣᠯ ᠮᠥᠷᠡᠨ ᠨᠠᠭᠤᠷ | ᠴᠥᠬᠦᠷᠥᠮ ᠤᠨ ᠳᠠᠷᠤᠭ᠎ᠠ ᠶᠢᠨ ᠳᠦᠷᠢᠮ ᠤᠨ ᠴᠢᠬᠤᠯᠠ ᠶᠡᠭᠡ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠡᠯ᠎ᠡ | ᠵᠦᠢᠯ ᠤᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠪᠣᠳᠠᠳᠠᠢ ᠦᠷ᠎ᠡ ᠪᠦᠲᠦᠮᠵᠢ ᠣᠯᠬᠤ ᠬᠡᠷᠡᠭᠲᠡᠢ ᠭᠡᠪᠡ᠃ | ᠬᠤᠷᠠᠯ ᠠᠴᠠ ᠶᠠᠭᠤᠨ ᠤ ᠡᠮᠦᠨ᠎ᠡ ᠬᠤᠲᠠ ᠶᠢᠨ ᠭᠤᠣᠯ ᠮᠥᠷᠡᠨ ᠨᠠᠭᠤᠷ ᠴᠥᠭᠦᠷᠥᠮ ᠤᠨ ᠲᠠᠷᠤᠭ᠎ᠠ ᠶᠢᠨ | ᠳᠦᠷᠢᠮ ᠤᠨ ᠠᠵᠢᠯ ᠤᠨ ᠤᠳᠤᠷᠢᠳᠬᠤ ᠳᠤᠭᠤᠶᠢᠯᠠᠩ ᠤᠨ 2020 ᠣᠨ ᠤ 1 ᠳ᠋ᠦ᠋ᠭᠡᠷ ᠤᠳᠠᠭ᠎ᠠ ᠶᠢᠨ | ᠬᠤᠷᠠᠯ ᠳᠡᠭᠡᠷ᠎ᠡ ᠵᠥᠪᠯᠡᠭᠰᠡᠨ ᠵᠦᠢᠯᠡᠰ ᠢ ᠨᠠᠶᠢᠳᠠᠪᠤᠷᠢᠵᠢᠭᠤᠯᠤᠭᠰᠠᠨ ᠪᠠᠶᠢᠳᠠᠯ ᠪᠠ ᠪᠦᠬᠦ ᠬᠤᠲᠠ ᠶᠢᠨ ᠬᠤᠶᠠᠳᠤᠭᠠᠷ | ᠤᠯᠠᠷᠢᠯ ᠤᠨ ᠭᠤᠣᠯ ᠮᠥᠷᠡᠨ ᠨᠠᠭᠤᠷ ᠴᠥᠭᠦᠷᠥᠮ ᠤᠨ ᠲᠠᠷᠤᠭ᠎ᠠ ᠶᠢᠨ ᠳᠦᠷᠢᠮ ᠤᠨ ᠠᠵᠢᠯ ᠤᠨ ᠠᠬᠢᠴᠠ ᠶᠢᠨ | ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠳᠠᠷᠠᠭᠠᠴᠢ ᠶᠢᠨ ᠠᠯᠬᠤᠮ ᠤᠨ ᠠᠵᠢᠯ ᠳᠤ ᠲᠣᠬᠢᠷᠠᠭᠤᠯᠤᠯᠲᠠ | ᠪᠠᠶᠢᠷᠢᠯᠠᠭᠤᠯᠤᠯᠲᠠ ᠬᠢᠪᠡ᠃ | ᠸᠠᠩ ᠯᠢ ᠰᠢᠶᠠ ᠴᠢᠬᠤᠯᠠᠴᠢᠯᠠᠭᠰᠠᠨ ᠨᠢ᠂ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ | ᠳᠦᠷᠢᠮ ᠢ ᠰᠠᠶᠢᠲᠤᠷ ᠨᠠᠶᠢᠳᠠᠪᠤᠷᠢᠵᠢᠭᠤᠯᠬᠤ ᠶᠢ ︽ᠠᠮᠢ ᠠᠬᠤᠢ ᠶᠢ ᠤᠷᠢᠳᠠᠪᠠᠷ ᠪᠣᠳᠣᠯᠬᠢᠯᠠᠭᠰᠠᠨ ᠪᠣᠬᠢᠷᠲᠤᠯ ᠦᠭᠡᠢ | ᠬᠥᠭᠵᠢᠯᠲᠡ︾ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠬᠤ᠂ | ᠡᠬᠡ ᠤᠯᠤᠰ ᠤᠨ ᠤᠮᠠᠷᠠᠲᠤ ᠬᠢᠯᠢ ᠶᠢᠨ ᠠᠮᠢ ᠠᠬᠤᠢ ᠶᠢᠨ ᠠᠶᠤᠯᠭᠦᠢ ᠶᠢᠨ ᠬᠠᠯᠬᠠᠪᠴᠢ ᠶᠢ ᠪᠠᠲᠤ ᠪᠠᠬᠢ | ᠴᠤᠭᠴᠠᠯᠠᠬᠤ ᠶᠢᠨ ᠪᠣᠳᠠᠲᠠᠢ ᠠᠵᠢᠯᠯᠠᠭ᠎ᠠ ᠪᠣᠯᠭᠠᠵᠤ᠂ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ | ᠦᠵᠡᠯ ᠰᠠᠨᠠᠭ᠎ᠠ ᠶᠢ ᠦᠢᠯᠡᠳᠦᠯᠭᠡᠵᠢᠭᠦᠯᠬᠦ ᠴᠢᠬᠤᠯᠠ ᠠᠭᠤᠯᠭ᠎ᠠ ᠪᠣᠯᠭᠠᠵᠤ᠂ ᠠᠰᠠᠭᠤᠳᠠᠯ ᠢᠶᠠᠷ ᠤᠳᠤᠷᠢᠳᠤᠮᠵᠢ | ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ | ᠪᠠᠷᠢᠮᠲᠠᠯᠠᠨ᠂ ᠶᠡᠷᠦᠩᠬᠡᠶ ᠱᠦᠵᠢ ᠰᠢ ᠶᠢᠨ ᠫᠢᠩ ᠤᠨ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ | ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ ᠰᠠᠭᠤᠳᠠᠯ ᠤᠨ ᠬᠤᠷᠠᠯ ᠳᠡᠭᠡᠷᠡᠬᠢ ᠶᠠᠷᠢᠶᠠᠨ ᠤ ᠵᠣᠷᠢᠭ | ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ | ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠵᠦ᠂ ᠤᠰᠤᠨ ᠤ ᠠᠮᠢ ᠠᠬᠤᠢ ᠶᠢᠨ ᠰᠢᠰᠲ᠋ᠧᠮ ᠢ | ᠬᠠᠮᠠᠭᠠᠯᠠᠬᠤ ᠡᠷᠴᠢᠮ ᠢᠶᠠᠨ ᠲᠠᠰᠤᠷᠠᠯᠲᠠ ᠦᠭᠡᠢ ᠴᠢᠩᠭᠠᠷᠠᠭᠤᠯᠵᠤ᠂ ᠤᠰᠤᠨ ᠤ ᠡᠬᠢ ᠪᠠᠶᠠᠯᠢᠭ ᠢ ᠠᠷᠪᠢᠯᠠᠨ | ᠡᠷᠴᠢᠮᠵᠢᠭᠦᠯᠦᠨ ᠠᠰᠢᠭᠯᠠᠬᠤ ᠶᠢ ᠶᠡᠬᠡᠪᠡᠷ ᠲᠦᠯᠬᠢᠨ ᠠᠬᠢᠭᠤᠯᠵᠤ᠂ ᠭᠤᠣᠯ ᠮᠥᠷᠡᠨ ᠨᠠᠭᠤᠷ ᠴᠥᠭᠦᠷᠥᠮ ᠤᠨ | ᠬᠠᠮᠢᠶᠠᠷᠤᠯᠲᠠ ᠬᠠᠮᠠᠭᠠᠯᠠᠯᠲᠠ ᠶᠢᠨ ᠠᠵᠢᠯ ᠤᠨ ᠭᠦᠨᠵᠡᠭᠡᠶᠢᠷᠡᠨ ᠬᠥᠭᠵᠢᠬᠦ ᠶᠢ ᠬᠦᠴᠦᠯᠡᠨ ᠠᠬᠢᠭᠤᠯᠬᠤ ᠬᠡᠷᠡᠭᠲᠡᠢ ᠭᠡᠪᠡ | ᠃ | ᠸᠠᠩ ᠯᠢ ᠰᠢᠶᠠ ᠴᠢᠬᠤᠯᠠᠴᠢᠯᠠᠭᠰᠠᠨ ᠨᠢ᠂ ᠡᠯ᠎ᠡ ᠱᠠᠲᠤᠨ ᠤ ᠭᠤᠤᠯ ᠮᠥᠷᠡᠨ ᠨᠠᠭᠤᠷ ᠴᠥᠭᠦᠷᠥᠮ ᠤᠨ | ᠳᠠᠷᠤᠭ᠎ᠠ ᠡᠭᠦᠷᠭᠡ ᠬᠠᠷᠢᠭᠤᠴᠠᠯᠭ᠎ᠠ ᠪᠠᠨ ᠴᠠᠭ ᠢᠮᠠᠭᠲᠠ ᠪᠠᠲᠤ ᠴᠡᠭᠡᠵᠢᠯᠡᠵᠦ᠂ ᠭᠤᠤᠯ ᠮᠥᠷᠡᠨ ᠨᠠᠭᠤᠷ ᠴᠥᠭᠦᠷᠥᠮ ᠢ | ᠴᠢᠩᠭ᠎ᠠ ᠠᠩᠬᠠᠷᠬᠤ ᠮᠥᠷᠲᠡᠭᠡᠨ ᠪᠠᠰᠠ ᠡᠷᠭᠢ ᠬᠠᠪᠢ ᠶᠢ ᠴᠢᠩᠭ᠎ᠠ ᠠᠩᠬᠠᠷᠴᠤ᠂ ︽ᠦᠡᠭᠭᠡᠨ ᠲᠠᠯ᠎ᠠ ᠪᠠ ᠦᠨᠳᠦᠰᠦ | ᠰᠤᠷᠪᠤᠯᠵᠢ ᠶᠢ ᠵᠡᠷᠭᠡ ᠪᠠᠷ ᠵᠠᠰᠠᠬᠤ︾ ᠳᠡᠭᠡᠷ᠎ᠡ ᠦᠢᠯᠡᠳᠦᠯ ᠢᠶᠠᠨ ᠦᠨᠡᠨᠬᠦ ᠪᠠᠳᠠᠷᠠᠭᠤᠯᠬᠤ ᠬᠡᠷᠡᠭᠲᠡᠢ᠃ ᠬᠤᠲᠠ ᠶᠢᠨ | ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠶ | ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠵᠡᠷᠭᠡ | ᠬᠤᠯᠪᠤᠭᠳᠠᠯ ᠪᠦᠬᠦᠢ ᠪᠠᠶᠢᠭᠤᠯᠭ᠎ᠠ ᠨᠢᠭᠡᠴᠡ ᠨᠦᠭᠦᠳ ︽ᠨᠢᠭᠡ ᠬᠥᠯᠭᠡ ᠰᠢᠲᠠᠷ᠎ᠠ︾ ᠶᠢᠨ ᠦᠵᠡᠯ ᠰᠠᠨᠠᠭ᠎ᠠ ᠶᠢ ᠪᠠᠲᠤ | ᠪᠣᠶ ᠪᠣᠯᠭᠠᠵᠤ᠂ ᠲᠣᠰ ᠲᠣᠰ ᠤᠨ ᠲᠤᠰᠢᠶᠠᠯ ᠢᠶᠠᠨ ᠭᠦᠢᠴᠡᠳᠬᠡᠵᠦ᠂ ᠲᠣᠰ ᠲᠣᠰ ᠤᠨ ᠬᠠᠷᠢᠭᠤᠴᠠᠯᠭ᠎ᠠ ᠪᠠᠨ | ᠭᠦᠢᠴᠡᠳᠬᠡᠬᠦ ᠪᠠᠷ ᠪᠠᠷᠠᠬᠤ ᠦᠭᠡᠢ᠂ ᠪᠠᠰᠠ ᠨᠢᠭᠲᠠ ᠬᠠᠮᠵᠢᠯᠴᠠᠨ᠂ ᠬᠠᠮᠲᠤᠷᠠᠨ ᠠᠬᠢᠭᠤᠯᠵᠤ᠂ ᠬᠠᠮᠲᠤᠪᠠᠷ ᠠᠳᠬᠤᠨ | ᠨᠡᠶᠢᠲᠡ ᠪᠠᠷ ᠬᠠᠮᠢᠶᠠᠷᠬᠤ ᠠᠵᠢᠯ ᠤᠨ ᠪᠠᠶᠢᠷᠢᠰᠢᠯ ᠢ ᠪᠦᠷᠢᠯᠳᠦᠭᠦᠯᠬᠦ ᠬᠡᠷᠡᠭᠲᠡᠢ᠃ ᠬᠢᠨᠠᠨ ᠵᠢᠯᠣᠭᠤᠳᠴᠤ | ᠪᠠᠶᠢᠴᠠᠭᠠᠬᠤ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ | ᠳᠦᠷᠢᠮ ᠤᠨ ᠠᠵᠢᠯ ᠢ ᠬᠢᠨᠠᠨ ᠰᠢᠯᠭᠠᠬᠤ ᠶᠢ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠳᠦᠷᠢᠮ ᠤᠨ | ᠬᠠᠮᠤᠭ ᠤᠨ ᠴᠢᠩᠭ᠎ᠠ ᠬᠢᠨᠠᠨ ᠰᠢᠯᠭᠠᠯᠲᠠ ᠲᠠᠢ ᠤᠶᠠᠯᠳᠤᠭᠤᠯᠵᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠦᠭᠡᠢ᠂ | ᠠᠵᠢᠯ ᠢ ᠪᠣᠳᠠᠲᠠᠶᠢᠵᠢᠭᠤᠯᠤᠭᠰᠠᠨ ᠦᠭᠡᠢ᠂ ᠬᠦᠨᠳᠦ ᠨᠣᠴᠢᠲᠠᠶ ᠦᠷ᠎ᠡ ᠳ᠋ᠦᠩ ᠭᠠᠷᠭᠠᠭᠰᠠᠨ ᠠᠴᠠ ᠲᠥᠪ | ᠴᠢᠩᠭ᠎ᠠ ᠪᠠᠷ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ ᠭᠡᠪᠡ᠃ | ᠸᠠᠩ ᠯᠢ ᠰᠢᠶᠠ ᠴᠢᠬᠤᠯᠠᠴᠢᠯᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠦᠶᠡᠷ | ᠤᠰᠤᠲᠤᠯ ᠤᠨ ᠭᠠᠮᠰᠢᠭ ᠢ ᠤᠷᠢᠳᠴᠢᠯᠠᠨ ᠰᠡᠷᠭᠡᠶᠢᠯᠡᠬᠦ ᠪᠠ ᠬᠠᠮᠢᠶᠠᠷᠬᠤ ᠪᠠᠨ ᠴᠢᠩᠭᠠᠳᠬᠠᠵᠤ᠂ ᠠᠷᠠᠳ ᠲᠦᠮᠡᠨ ᠳᠤ | ᠳᠡᠭᠡᠳᠦ ᠬᠡᠮᠵᠢᠶ᠎ᠡ ᠪᠠᠷ ᠬᠠᠷᠢᠭᠤᠴᠠᠬᠤ ᠣᠪᠣᠷ ᠢᠶᠠᠷ ᠣᠷᠢᠳᠴᠢᠯᠠᠨ ᠪᠡᠯᠡᠳᠭᠡᠯ ᠬᠢᠵᠦ᠂ ᠤᠷᠢᠳᠴᠢᠯᠠᠨ ᠰᠡᠷᠭᠡᠶᠢᠯᠡᠵᠦ | ᠂ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ᠠᠵᠢᠯ ᠢ ᠨᠢᠭᠡᠳᠦᠯᠲᠡᠶ ᠵᠢᠯᠣᠭᠤᠳᠬᠤ ᠪᠣᠯᠤᠨ | ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠶᠢ ᠤᠯᠠᠮ ᠨᠢᠭᠡ ᠠᠯᠬᠤᠮ ᠴᠢᠩᠭᠠᠳᠬᠠᠨ᠂ ᠠᠶᠤᠯ ᠲᠦᠭᠰᠢᠭᠦᠷᠢ ᠶᠢᠨ | ᠳᠠᠯᠳᠠ ᠭᠡᠮ ᠢ ᠪᠠᠶᠢᠴᠠᠭᠠᠬᠤ ᠶᠢ ᠴᠢᠩᠭᠠᠳᠬᠠᠵᠤ᠂ ᠣᠨᠴᠠᠭᠠᠢ ᠴᠠᠭ ᠠᠭᠤᠷ᠂ ᠦᠶᠡᠷ ᠤᠨ ᠪᠠᠶᠢᠳᠠᠯ ᠭᠠᠩ ᠤᠨ | ᠪᠠᠶᠢᠳᠠᠯ ᠪᠠ ᠭᠧᠣᠯᠣᠭᠢ ᠶᠢᠨ ᠭᠠᠮᠰᠢᠭ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠵᠤ᠂ | ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ ᠢ ᠨᠥᠭᠡᠴᠡᠯᠡᠬᠦ ᠶᠢ ᠴᠢᠩᠭᠠᠳᠬᠠᠵᠤ᠂ ᠬᠠᠰᠢᠯᠭ᠎ᠠ ᠲᠠᠯᠠᠩ ᠢ | ᠪᠠᠬᠢᠵᠢᠭᠦᠯᠬᠦ᠂ ᠭᠤᠤᠯ ᠤᠨ ᠵᠠᠮ ᠢ ᠰᠢᠯᠤᠭᠤᠳᠬᠠᠬᠤ ᠵᠡᠷᠭᠡ ᠠᠵᠢᠯ ᠢ ᠴᠢᠩᠭᠠᠳᠬᠠᠵᠤ᠂ ᠵᠢᠵᠢᠭᠦᠷᠯᠡᠨ ᠰᠠᠬᠢᠬᠤ ᠶᠢ | ᠴᠢᠩᠭᠠᠳᠬᠠᠵᠤ᠂ ᠠᠷᠠᠳ ᠣᠯᠠᠨ ᠤ ᠠᠮᠢ ᠨᠠᠰᠤ ᠪᠠ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠰᠠᠶᠢᠲᠤᠷ | ᠬᠠᠮᠠᠭᠠᠯᠠᠬᠤ ᠬᠡᠷᠡᠭᠲᠡᠢ ᠭᠡᠪᠡ᠃ | ᠬᠤᠷᠠᠯ ᠢ ᠸᠢᠳᠢᠤ᠋ ᠮᠠᠶ᠋ᠢᠭ ᠢᠶᠠᠷ ᠬᠤᠷᠠᠯᠳᠤᠭᠤᠯᠵᠤ᠂ ᠬᠤᠲᠠ ᠶᠢᠨ ᠤᠳᠤᠷᠢᠳᠤᠯᠭ᠎ᠠ ᠵᠠᠩ ᠪᠠᠢ ᠴᠧᠩ᠂ ᠯᠦᠸᠧ | ᠴᠢᠩ᠂ ᠾᠧ ᠬᠠᠢ ᠳ᠋ᠦᠩ᠂ ᠬᠤᠲᠠ ᠶᠢᠨ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠤᠨ | ᠠᠵᠢᠯ ᠤᠨ ᠤᠳᠤᠷᠢᠳᠬᠤ ᠳᠤᠭᠤᠶᠢᠯᠠᠩ ᠤᠨ ᠭᠡᠰᠢᠭᠦᠳ ᠭᠤᠤᠯ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠪᠠ᠃ | ᠡᠯ᠎ᠡ ᠬᠤᠰᠢᠭᠤ ᠰᠢᠶᠠᠨ ᠲᠣᠭᠤᠷᠢᠭ᠂ ᠬᠤᠯᠪᠤᠭᠳᠠᠯ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ | ᠨᠥᠬᠦᠳ ᠡᠯ᠎ᠡ ᠬᠤᠪᠢᠶᠠᠷᠢ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠵᠠᠶ᠃ |