︵ᠠᠬᠠᠯᠠᠭᠴᠢ ᠰᠤᠷᠪᠤᠯᠵᠢᠯᠠᠭᠴᠢ ᠯᠢ ᠬᠠᠢ ᠵᠧᠨ︶ 7 ᠳ᠋ᠤᠭᠠᠷ ᠰᠠᠷ᠎ᠠ ᠶᠢᠨ 6 ᠤ ᠡᠳᠦᠷ ᠤᠨ ᠦᠳᠡ ᠶᠢᠨ | ᠬᠤᠶᠢᠨ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠷᠢᠨᠭᠡᠷ ᠰᠢᠨ᠎ᠡ | ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠵᠠᠩ ᠪᠠᠢ ᠴᠧᠩ ᠬᠥᠬᠡᠬᠤᠲᠠ ᠶᠢᠨ ᠲᠦᠮᠡᠳ | ᠳᠤᠮᠳᠠᠳᠤ ᠰᠤᠷᠭᠠᠭᠤᠯᠢ ᠳᠤ ᠬᠦᠷᠴᠦ᠂ ᠤᠯᠤᠰ ᠤᠨ ᠰᠢᠯᠭᠠᠯᠲᠠ ᠶᠢᠨ ᠰᠢᠯᠭᠠᠯᠲᠠ ᠶᠢᠨ ᠴᠡᠭ ᠤᠨ ᠪᠡᠯᠡᠳᠬᠡᠯ | ᠠᠵᠢᠯ ᠤᠨ ᠪᠠᠶᠢᠳᠠᠯ ᠢ ᠲᠤᠬᠠᠢ ᠶᠢᠨ ᠭᠠᠵᠠᠷ ᠲᠤ ᠨᠢ ᠲᠣᠭᠤᠷᠢᠨ ᠦᠵᠡᠵᠦ ᠪᠠᠶᠢᠴᠠᠭᠠᠨ ᠰᠤᠳᠤᠯᠤᠯᠲᠠ ᠬᠢᠪᠡ᠃ | ᠵᠠᠩ ᠪᠠᠢ ᠴᠧᠩ ᠰᠤᠷᠭᠠᠭᠤᠯᠢ ᠶᠢᠨ ᠬᠦᠷᠢᠶᠡᠨ ᠳᠤ ᠣᠷᠣᠬᠤ ᠪᠡᠶ᠎ᠡ ᠶᠢᠨ ᠳᠤᠯᠠᠭᠠᠨ ᠢ ᠬᠡᠮᠵᠢᠬᠦ ᠵᠠᠮ᠂ | ᠰᠢᠯᠭᠠᠯᠲᠠ ᠶᠢᠨ ᠲᠠᠯᠠᠪᠠᠢ ᠳᠤ ᠣᠷᠣᠬᠤ ᠨᠢᠭᠤᠷ ᠢ ᠰᠢᠷᠪᠢᠨ ᠲᠠᠨᠢᠬᠤ ᠰᠢᠰᠲ᠋ᠧᠮ᠂ ᠰᠢᠯᠭᠠᠯᠲᠠ ᠶᠢᠨ ᠲᠠᠯᠠᠪᠠᠢ ᠶᠢ | ᠲᠣᠬᠢᠷᠠᠭᠤᠯᠵᠤ ᠪᠠᠶᠢᠷᠢᠯᠠᠭᠤᠯᠤᠭᠰᠠᠨ ᠪᠠᠶᠢᠳᠠᠯ ᠢ ᠲᠤᠬᠠᠢ ᠶᠢᠨ ᠭᠠᠵᠠᠷ ᠲᠤ ᠨᠢ ᠪᠠᠶᠢᠴᠠᠭᠠᠨ ᠦᠵᠡᠵᠦ᠂ | ᠰᠢᠯᠭᠠᠯᠲᠠ ᠶᠢᠨ ᠴᠡᠭ ᠤᠨ ᠡᠯ᠎ᠡ ᠵᠦᠢᠯ ᠤᠨ ᠪᠡᠯᠡᠳᠬᠡᠯ ᠠᠵᠢᠯ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠪᠣᠳᠠᠲᠠᠢ ᠠᠷᠭ᠎ᠠ ᠬᠡᠮᠵᠢᠶ᠎ᠡ᠂ ᠪᠠᠴᠢᠮ ᠪᠠᠶᠢᠳᠠᠯ ᠢ ᠠᠷᠭᠠᠴᠠᠭᠠᠵᠤ ᠰᠢᠢᠳᠪᠦᠷᠢᠯᠡᠬᠦ ᠪᠡᠯᠡᠳᠬᠡᠯ ᠲᠥᠰᠥᠯ᠂ ᠬᠠᠯᠠᠭᠤᠨ ᠢ | ᠪᠠᠭᠤᠷᠠᠭᠤᠯᠵᠤ ᠨᠠᠷᠠᠰᠢᠬᠤ ᠶᠢ ᠰᠡᠷᠭᠡᠶᠢᠯᠡᠬᠦ᠂ ᠦᠢᠯᠡᠴᠢᠯᠡᠭᠡ ᠶᠢᠨ ᠪᠠᠲᠤᠯᠠᠭ᠎ᠠ ᠵᠡᠷᠭᠡ ᠪᠠᠶᠢᠳᠠᠯ ᠤᠨ ᠲᠤᠬᠠᠢ | ᠰᠤᠷᠭᠠᠭᠤᠯᠢ ᠶᠢᠨ ᠬᠠᠷᠢᠭᠤᠴᠠᠯᠭᠠᠲᠠᠨ ᠤ ᠲᠠᠨᠢᠯᠴᠠᠭᠤᠯᠭ᠎ᠠ ᠶᠢ ᠰᠣᠨᠣᠰᠪᠠ᠃ | ᠵᠠᠩ ᠪᠠᠢ ᠴᠧᠩ ᠴᠢᠬᠤᠯᠠᠴᠢᠯᠠᠭᠰᠠᠨ ᠨᠢ᠂ ᠡᠨᠡ ᠵᠢᠯ ᠤᠨ ᠤᠯᠤᠰ ᠤᠨ ᠰᠢᠯᠭᠠᠯᠲᠠ ᠨᠢ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠤᠭᠰᠠᠨ ᠪᠠᠶᠢᠳᠠᠯ ᠳᠣᠣᠷ᠎ᠠ ᠶᠠᠪᠤᠭᠳᠠᠵᠤ᠂ ᠪᠠᠷᠢᠮᠵᠢᠶ᠎ᠠ ᠪᠠᠷ ᠨᠡᠩ | ᠥᠨᠳᠥᠷ ᠱᠠᠭᠠᠷᠳᠠᠯᠭ᠎ᠠ ᠪᠠᠷ ᠨᠡᠩ ᠴᠢᠩᠭ᠎ᠠ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠰᠤᠷᠭᠠᠭᠤᠯᠢ ᠶᠢᠨ ᠬᠢᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠤᠯᠤᠰ ᠤᠨ ᠰᠢᠯᠭᠠᠯᠲᠠ ᠶᠢᠨ ᠠᠮᠤᠷ ᠲᠦᠪᠰᠢᠨ ᠤ ᠠᠵᠢᠯ ᠢ | ᠦᠨᠡᠨᠬᠦ ᠰᠠᠶᠢᠲᠤᠷ ᠠᠳᠬᠤᠵᠤ᠂ ᠡᠯ᠎ᠡ ᠵᠦᠢᠯ ᠤᠨ ᠠᠵᠢᠯ ᠢ ᠨᠠᠷᠢᠨ ᠬᠢᠨᠠᠮᠠᠭᠠᠢ ᠯᠠᠪᠳᠠᠭᠤᠨ ᠪᠠᠳᠤᠳᠠᠢ ᠬᠢᠵᠦ᠂ | ᠤᠯᠤᠰ ᠤᠨ ᠰᠢᠯᠭᠠᠯᠲᠠ ᠳᠤ ᠦᠴᠦᠭᠡᠨ ᠴᠦ ᠣᠰᠣᠯ ᠭᠠᠷᠭᠠᠵᠤ ᠪᠣᠯᠬᠤ ᠦᠭᠡᠢ᠃ ᠨᠢᠭᠡᠳᠦᠯᠲᠡᠢ ᠲᠥᠯᠥᠪᠯᠡᠨ | ᠵᠣᠬᠢᠴᠠᠭᠤᠯᠵᠤ᠂ ᠬᠦᠴᠦ ᠪᠠᠨ ᠨᠢᠭᠡᠳᠦᠨ ᠬᠠᠮᠲᠤᠷᠠᠯᠴᠠᠵᠤ᠂ ᠵᠠᠮ ᠬᠠᠷᠢᠯᠴᠠᠭ᠎ᠠ ᠶᠢ ᠰᠢᠯᠤᠭᠤᠳᠬᠠᠬᠤ ᠪᠠ | ᠡᠮᠴᠢᠯᠡᠭᠡᠨ ᠤ ᠪᠠᠲᠤᠯᠠᠭ᠎ᠠ ᠵᠢᠴᠢ ᠤᠯᠤᠰ ᠤᠨ ᠰᠢᠯᠭᠠᠯᠲᠠ ᠶᠢᠨ ᠭᠡᠨᠡᠳᠲᠡ ᠶᠢᠨ ᠬᠡᠷᠡᠭ ᠢ ᠠᠷᠭᠠᠴᠠᠭᠠᠨ ᠰᠢᠢᠳᠪᠦᠷᠢᠯᠡᠬᠦ | ᠵᠡᠷᠭᠡ ᠠᠵᠢᠯ ᠢ ᠴᠢᠩᠭᠠᠳᠬᠠᠨ᠂ ᠥᠷᠭᠡᠨ ᠣᠯᠠᠨ ᠰᠢᠯᠭᠠᠭᠤᠯᠤᠭᠰᠠᠳ ᠲᠤ ᠰᠠᠶᠢᠨ ᠰᠠᠶᠢᠬᠠᠨ ᠰᠢᠯᠭᠠᠯᠲᠠ ᠶᠢᠨ | ᠣᠷᠴᠢᠨ ᠨᠥᠬᠦᠴᠡᠯ ᠢ ᠴᠢᠷᠮᠠᠶᠢᠨ ᠪᠦᠷᠢᠯᠳᠦᠭᠦᠯᠵᠦ᠂ ᠤᠯᠤᠰ ᠤᠨ ᠰᠢᠯᠭᠠᠯᠲᠠ ᠶᠢᠨ ᠠᠮᠤᠷ ᠲᠣᠭᠲᠠᠭᠤᠨ᠂ ᠠᠮᠤᠷ | ᠲᠦᠪᠰᠢᠨ᠂ ᠡᠮᠬᠢ ᠵᠢᠷᠤᠮ ᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ ᠭᠡᠪᠡ᠃ | ᠬᠤᠲᠠ ᠶᠢᠨ ᠳᠡᠳ᠋ ᠳᠠᠷᠤᠭ᠎ᠠ ᠵᠸᠦ ᠴᠢᠶᠠᠩ᠂ ᠹᠦ᠋ ᠪᠢᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠨᠥᠬᠦᠳ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ |