ᠬᠤᠲᠠ ᠶᠢᠨ ᠨᠠᠮ ᠤᠨ ᠬᠤᠷᠢᠶ᠎ᠠ ᠶᠢᠨ ᠲᠠᠷᠢᠶᠠᠯᠠᠬᠤ ᠲᠣᠰᠬᠤᠨ ᠮᠠᠯᠵᠢᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ 4 ᠳ᠋ᠦ᠋ᠭᠡᠷ ᠤᠳᠠᠭ᠎ᠠ ᠶᠢᠨ ᠬᠤᠷᠠᠯ ᠵᠢᠴᠢ ᠬᠥᠳᠡᠭᠡ ᠠᠵᠤ ᠠᠬᠤᠢ ᠬᠥᠳᠡᠭᠡ ᠲᠣᠰᠬᠤᠨ ᠤ ᠭᠤᠣᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2020-07-07
ᠾᠧ ᠬᠠᠢ ᠳ᠋ᠦᠩ ᠡᠷᠬᠢᠯᠡᠪᠡ      ︵ᠰᠤᠷᠪᠤᠯᠵᠢᠯᠠᠭᠴᠢ ᠰᠦᠨ ᠶᠦᠸᠧ ᠯᠦᠩ︶ 7 ᠳ᠋ᠤᠭᠠᠷ ᠰᠠᠷ᠎ᠠ ᠶᠢᠨ 6 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠲᠠᠷᠢᠶᠠᠯᠠᠬᠤ ᠲᠣᠰᠬᠤᠨ ᠮᠠᠯᠵᠢᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ 4 ᠳ᠋ᠦ᠋ᠭᠡᠷ ᠤᠳᠠᠭ᠎ᠠ ᠶᠢᠨ ᠬᠤᠷᠠᠯ ᠵᠢᠴᠢ ᠬᠥᠳᠡᠭᠡ ᠠᠵᠤ ᠠᠬᠤᠢ ᠬᠥᠳᠡᠭᠡ ᠲᠣᠰᠬᠤᠨ ᠤ ᠭᠤᠣᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠬᠤᠷᠠᠯᠳᠤᠭᠤᠯᠪᠠ᠃      ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠾᠧ ᠬᠠᠢ ᠳ᠋ᠦᠩ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠤ᠂ ᠬᠤᠲᠠ ᠶᠢᠨ ᠳᠡᠳ᠋ ᠳᠠᠷᠤᠭ᠎ᠠ ᠶᠦᠨ ᠰᠢᠨ ᠮᠢᠩ ᠣᠷᠣᠯᠴᠠᠪᠠ᠃      ᠬᠤᠷᠠᠯ ᠠᠴᠠ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠬᠠᠷᠢᠭᠤᠴᠠᠯᠭᠠᠲᠠᠨ ᠤ 2020 ᠣᠨ ᠤ ᠪᠦᠬᠦ ᠬᠤᠲᠠ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ᠂ ᠵᠣᠷᠯᠣᠩ ᠤᠨ ᠬᠤᠪᠢᠰᠬᠠᠯ᠂ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠨᠥᠬᠦᠴᠡᠯ ᠢ ᠶᠡᠷᠦᠩᠬᠡᠶᠢᠯᠡᠨ ᠵᠠᠰᠠᠭᠰᠠᠨ ᠪᠠᠶᠢᠳᠠᠯ ᠵᠡᠷᠭᠡ ᠭᠤᠣᠯᠳᠠᠯᠭ᠎ᠠ ᠲᠠᠢ ᠠᠵᠢᠯ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠡᠯ᠎ᠡ ᠬᠤᠰᠢᠭᠤ ᠰᠢᠶᠠᠨ ᠲᠣᠭᠤᠷᠢᠭ ᠪᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠠᠴᠠ ᠣᠳᠣᠬᠠᠨ ᠤ ᠠᠵᠢᠯ ᠤᠨ ᠠᠬᠢᠴᠠ ᠶᠢᠨ ᠪᠠᠶᠢᠳᠠᠯ ᠪᠠ ᠳᠠᠷᠠᠭᠠᠴᠢ ᠶᠢᠨ ᠠᠯᠬᠤᠮ ᠤᠨ ᠠᠵᠢᠯ ᠤᠨ ᠲᠥᠯᠦᠪᠯᠡᠭᠡ ᠶᠢᠨ ᠲᠠᠯ᠎ᠠ ᠪᠠᠷ ᠣᠪᠣᠷ ᠢᠶᠠᠨ ᠢᠯᠡᠳᠬᠡᠬᠦ ᠦᠭᠡ ᠬᠡᠯᠡᠪᠡ᠃      ᠬᠤᠷᠠᠯ ᠳᠡᠭᠡᠷ᠎ᠡ ᠾᠧ ᠬᠠᠢ ᠳ᠋ᠦᠩ ᠡᠯ᠎ᠡ ᠬᠤᠰᠢᠭᠤ ᠰᠢᠶᠠᠨ ᠲᠣᠭᠤᠷᠢᠭ ᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ᠂ ᠵᠣᠷᠯᠣᠩ ᠤᠨ ᠬᠤᠪᠢᠰᠬᠠᠯ᠂ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠨᠥᠬᠦᠴᠡᠯ ᠢ ᠶᠡᠷᠦᠩᠬᠡᠶᠢᠯᠡᠨ ᠵᠠᠰᠠᠭᠰᠠᠨ ᠪᠠᠶᠢᠳᠠᠯ ᠵᠡᠷᠭᠡ ᠭᠤᠣᠯᠳᠠᠯᠭ᠎ᠠ ᠲᠠᠢ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠵᠢᠭᠠᠨ ᠭᠠᠷᠭᠠᠬᠤ ᠶᠢᠨ ᠬᠠᠮᠲᠤ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ  ᠬᠢᠨ ᠢ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠵᠣᠷᠢᠭᠲᠠᠢ ᠪᠠᠷ ᠬᠠᠷᠢᠭᠤᠴᠠᠨ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠬᠦᠴᠦ ᠪᠠᠨ ᠬᠠᠮᠲᠤᠳᠬᠠᠨ ᠬᠠᠪᠰᠤᠷᠤᠯᠴᠠᠬᠤ ᠬᠡᠷᠡᠭᠲᠡᠢ ᠭᠡᠵᠦ ᠴᠢᠬᠤᠯᠠᠴᠢᠯᠠᠪᠠ᠃ ᠾᠧ ᠬᠠᠢ ᠳ᠋ᠦᠩ ᠱᠠᠭᠠᠷᠳᠠᠭᠰᠠᠨ ᠨᠢ᠂ ᠡᠯ᠎ᠡ ᠬᠤᠰᠢᠭᠤ ᠰᠢᠶᠠᠨ ᠲᠣᠭᠤᠷᠢᠭ᠂ ᠡᠯ᠎ᠡ ᠲᠣᠯᠣᠭᠠᠶᠢᠯᠠᠬᠤ ᠰᠠᠯᠠᠭ᠎ᠠ ᠮᠥᠴᠢᠷ ᠤᠨ ᠬᠢᠨ ᠦᠵᠡᠯᠲᠡ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠨ᠂ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠢᠳᠡᠪᠬᠢᠲᠡᠢ ᠰᠢᠢᠳᠪᠦᠷᠢᠯᠡᠬᠦ ᠬᠡᠷᠡᠭᠲᠡᠢ︔ ᠪᠡᠯᠡ ᠮᠥᠩᠭᠦ ᠪᠠᠷ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠳᠤ ᠠᠯᠬᠤᠮ ᠢᠶᠠᠨ ᠲᠦᠷᠭᠡᠳᠬᠡᠬᠦ ᠶᠢᠨ ᠬᠠᠮᠲᠤ ᠪᠠᠷᠢᠮᠵᠢᠶ᠎ᠠ ᠶᠢ ᠪᠠᠭᠤᠷᠠᠭᠤᠯᠵᠤ ᠪᠣᠯᠬᠤ ᠦᠭᠡᠢ︔ ᠬᠤᠶᠠᠷ ᠱᠠᠲᠤᠨ ᠤ ᠰᠢᠮᠳᠠᠭᠤᠯᠤᠨ ᠪᠠᠶᠢᠴᠠᠭᠠᠬᠤ ᠠᠵᠢᠯ ᠤᠨ ᠲᠣᠭᠲᠠᠴᠠ ᠶᠢ ᠬᠡᠷᠡᠭᠵᠢᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠵᠡᠷᠭᠡ ᠬᠤᠯᠪᠣᠭᠳᠠᠯ ᠪᠦᠬᠦᠢ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠳ ᠬᠢᠨᠠᠨ ᠵᠢᠯᠣᠭᠤᠳᠬᠤ ᠪᠠᠨ ᠴᠢᠩᠭᠠᠳᠬᠠᠵᠤ᠂ ᠲᠣᠭᠲᠠᠭᠰᠠᠨ ᠬᠤᠭᠤᠴᠠᠭ᠎ᠠ ᠲᠠᠢ ᠪᠠᠷ ᠵᠠᠷᠯᠠᠨ ᠮᠡᠳᠡᠭᠳᠡᠵᠦ᠂ ᠦᠷ᠎ᠡ ᠪᠦᠲᠦᠮᠵᠢ ᠶᠢ ᠮᠥᠷᠳᠡᠨ ᠠᠰᠠᠭᠤᠵᠤ᠂ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠭᠤᠤᠯᠳᠠᠯᠭ᠎ᠠ ᠲᠠᠢ ᠠᠵᠢᠯ ᠤᠨ ᠤᠷᠤᠭᠰᠢᠲᠠᠶ ᠥᠷᠨᠢᠬᠦ ᠶᠢ ᠦᠨᠡᠨᠬᠦ ᠪᠠᠲᠤᠯᠠᠬᠤ ᠬᠡᠷᠡᠭᠲᠡᠶ︔ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠢ ᠰᠠᠶᠢᠲᠤᠷ ᠬᠢᠬᠦ ᠨᠡᠶᠢᠯᠡᠮᠡᠯ ᠬᠦᠴᠦᠨ ᠢ ᠪᠦᠲᠦᠮᠵᠢᠲᠡᠶ ᠨᠢᠭᠲᠠᠷᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢ ᠦᠨᠡᠨᠬᠦ ᠲᠡᠷᠢᠭᠦᠨ ᠪᠠᠶᠢᠷᠢᠨ ᠳᠤ ᠲᠠᠯᠪᠢᠵᠤ᠂ ᠬᠠᠷᠠᠯᠲᠠ ᠪᠠᠨ ᠴᠢᠩᠭ᠎ᠠ ᠠᠳᠬᠤᠵᠤ᠂ ᠤᠳᠠᠭᠠᠨ ᠲᠠᠭᠠᠭᠠᠮᠠᠭᠠᠢ ᠵᠢᠳᠬᠦᠨ ᠴᠢᠷᠮᠠᠶᠢᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠬᠥᠳᠡᠭᠡ ᠲᠣᠰᠬᠤᠨ ᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠲᠠᠰᠤᠷᠠᠯᠲᠠ ᠦᠭᠡᠢ ᠲᠦᠯᠬᠢᠨ ᠠᠬᠢᠭᠤᠯᠵᠤ ᠦᠷ᠎ᠡ ᠪᠦᠲᠦᠮᠵᠢ ᠣᠯᠬᠤ ᠬᠡᠷᠡᠭᠲᠡᠢ ᠭᠡᠵᠡᠢ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号