ᠬᠦᠬᠡᠬᠤᠳᠠ ᠶᠢᠨ ᠬᠡᠷ ᠪᠦᠯᠢ ᠶᠢᠨ ᠦᠢᠯᠡᠴᠢᠯᠡᠬᠡᠨ ᠤ ᠠᠵᠢᠯ ᠲᠦᠷᠦᠯ ᠤᠨ ᠨᠡᠶᠢᠬᠡᠮᠯᠢᠭ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2020-07-07
      ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠬᠴᠢ ᠬᠠᠢ ᠴᠢᠤᠧᠨᠨ︶ ᠬᠦᠬᠡᠬᠤᠳᠠ ᠶᠢᠨ ᠬᠡᠷ ᠪᠦᠯᠢ ᠶᠢᠨ ᠦᠢᠯᠡᠴᠢᠯᠡᠬᠡᠨ ᠤ ᠠᠵᠢᠯ ᠲᠦᠷᠦᠯ ᠤᠨ ᠨᠡᠶᠢᠬᠡᠮᠯᠢᠭ ᠲᠦᠷᠦᠬᠦᠬᠡᠨ ᠪᠠᠶᠢᠭᠤᠯᠤᠬᠳᠠᠪᠠ᠃ ᠲᠤᠰ ᠨᠡᠶᠢᠬᠡᠮᠯᠢᠭ ᠨᠢ ᠣᠯᠠᠨ ᠲᠦᠮᠡᠨᠴᠢ ᠴᠢᠨᠠᠷᠲᠠᠢ ᠨᠡᠶᠢᠭᠡᠮ ᠤᠨ ᠪᠦᠯᠬᠦᠮ ᠤᠨ ᠵᠤᠬᠢᠶᠠᠨ  ᠪᠠᠶᠢᠭᠤᠯᠤᠯᠳᠠ ᠶᠢᠨ ᠪᠠᠶᠢᠭᠤᠯᠤᠮᠵᠢ ᠪᠠᠶᠢᠵᠦ᠂ ᠬᠦᠬᠡᠬᠤᠳᠠ ᠶᠢᠨ ᠬᠡᠷ ᠪᠦᠯᠢ ᠶᠢᠨ ᠦᠢᠯᠡᠴᠢᠯᠡᠭᠡ ᠡᠷᠬᠢᠯᠡᠵᠦ ᠪᠠᠶᠢᠭ᠎ᠠ ᠠᠵᠦ ᠠᠬᠤᠢᠢᠯᠠᠯ ᠪᠠ ᠬᠤᠪᠢ ᠬᠦᠮᠦᠨ ᠢᠶᠠᠷ ᠪᠦᠷᠢᠯᠳᠦᠭᠰᠡᠨ ᠣᠷᠣᠨ ᠨᠤᠲᠤᠭ ᠤᠨ ᠴᠢᠨᠠᠷᠲᠠᠢ᠂ ᠠᠵᠢᠯ ᠲᠦᠷᠦᠯ ᠤᠨ ᠴᠢᠨᠠᠷᠲᠠᠢ᠂ ᠠᠰᠢᠭ ᠣᠯᠵᠠᠪᠤᠷᠢ ᠶᠢᠨ ᠪᠤᠰᠤ ᠨᠡᠶᠢᠬᠡᠮ ᠤᠨ ᠪᠦᠯᠬᠦᠮ ᠤᠨ ᠵᠤᠬᠢᠶᠠᠨ ᠪᠠᠶᠢᠭᠤᠯᠤᠯᠳᠠ ᠪᠣᠯᠣᠨ᠎ᠠ᠃      ᠬᠥᠬᠡᠬᠤᠲᠠ ᠶᠢᠨ ᠭᠡᠷ ᠪᠦᠯᠢ ᠶᠢᠨ ᠦᠢᠯᠡᠴᠢᠯᠡᠭᠡᠨ ᠤ ᠠᠵᠢᠯ ᠲᠥᠷᠥᠯ ᠤᠨ ᠨᠡᠶᠢᠭᠡᠮᠯᠢᠭ ᠢ ᠬᠦᠬᠡᠬᠤᠳᠠ ᠶᠢᠨ ᠷᠦ᠋ ᠺᠧ ᠭᠡᠷ ᠤᠨ ᠶᠠᠪᠤᠳᠠᠯ ᠤᠨ ᠦᠢᠯᠡᠴᠢᠯᠡᠬᠡᠨ ᠤ ᠬᠢᠵᠠᠭᠠᠷᠳᠤ ᠺᠤᠮᠫᠠᠨᠢ ᠵᠡᠷᠬᠡ ᠬᠡᠳᠦᠨ ᠬᠡᠪᠴᠢᠶᠡᠵᠢᠭᠰᠡᠨ ᠠᠵᠦ ᠠᠬᠤᠢᠢᠯᠠᠯ ᠠᠴᠠ ᠪᠦᠬᠦ ᠬᠤᠳᠠ ᠶᠢᠨ ᠬᠡᠷ ᠪᠦᠯᠢ ᠶᠢᠨ ᠦᠢᠯᠡᠴᠢᠯᠡᠬᠡᠨ ᠤ ᠦᠢᠯᠡᠰ ᠤᠨ ᠬᠦᠭᠵᠢᠯᠳᠡ ᠶᠢ ᠴᠢᠨᠠᠬᠰᠢᠳᠠ ᠠᠬᠢᠭᠤᠯᠬᠤ ᠵᠣᠷᠢᠯᠭ᠎ᠠ ᠪᠠᠷ ᠬᠠᠮᠳᠤ ᠪᠠᠷ ᠰᠠᠨᠠᠭᠠᠴᠢᠯᠠᠵᠦ ᠪᠠᠶᠢᠭᠤᠯᠤᠬᠰᠠᠨ ᠪᠠᠶᠢᠨ᠎ᠠ᠃ ᠲᠤᠰ ᠨᠡᠶᠢᠬᠡᠮᠯᠢᠭ ᠨᠢ ᠭᠡᠷ ᠪᠦᠯᠢ ᠶᠢᠨ ᠦᠢᠯᠡᠴᠢᠯᠡᠬᠡᠨ ᠤ ᠪᠠᠶᠢᠭᠤᠯᠤᠮᠵᠢ ᠶᠢᠨ ᠲᠤᠬᠠᠢᠢᠯᠠᠬᠰᠠᠨ ᠠᠵᠢᠯ ᠤᠨ ᠠᠵᠢᠯᠯᠠᠭ᠎ᠠ ᠶᠢ ᠵᠢᠷᠤᠮᠵᠢᠭᠤᠯᠤᠨ᠂ ᠬᠡᠷ ᠪᠦᠯᠢ ᠶᠢᠨ ᠦᠢᠯᠡᠴᠢᠯᠡᠬᠡᠨ ᠤ ᠠᠵᠦ ᠠᠬᠤᠢᠢᠯᠠᠯ ᠪᠠ ᠦᠢᠯᠡᠴᠢᠯᠡᠭᠡ ᠶᠢᠨ ᠠᠵᠢᠯᠳᠠᠨ ᠤ ᠬᠠᠤᠯᠢ ᠶᠤᠰᠤᠨ ᠤ ᠡᠷᠬᠡ ᠠᠰᠢᠭ ᠢ ᠪᠠᠳᠤᠯᠠᠵᠦ᠂ ᠠᠵᠢᠯ ᠲᠦᠷᠦᠯ ᠤᠨ ᠵᠣᠬᠢᠴᠠᠭᠤᠯᠭ᠎ᠠ ᠪᠠ ᠨᠡᠪᠲᠡᠷᠡᠯᠴᠡᠭᠡ ᠪᠠᠨ ᠴᠢᠩᠭᠠᠳᠬᠠᠨ᠂ ᠠᠵᠢᠯ ᠲᠥᠷᠥᠯ ᠤᠨ ᠦᠪᠡᠷ ᠢ ᠪᠠᠨ ᠱᠠᠭᠠᠷᠳᠠᠬᠤ ᠤᠬᠠᠮᠰᠠᠷ ᠢ ᠴᠢᠩᠭᠠᠳᠬᠠᠨ᠂ ᠬᠡᠷ ᠪᠦᠯᠢ ᠶᠢᠨ ᠦᠢᠯᠡᠴᠢᠯᠡᠭᠡᠨ ᠤ ᠠᠵᠤ ᠠᠬᠤᠢᠢᠯᠠᠯ ᠤᠨ ᠲᠦᠷᠦᠯ ᠲᠡᠮᠳᠡᠭ ᠪᠠ ᠶᠠᠰᠤ ᠴᠢᠨᠠᠷ ᠢ ᠲᠡᠭᠡᠭᠰᠢᠯᠡᠬᠦᠯᠬᠦ ᠶᠢᠨ ᠤᠯᠠᠮ ᠢᠶᠠᠷ ᠪᠦᠬᠦ ᠠᠵᠢᠯ ᠲᠦᠷᠦᠯ ᠤᠨ ᠡᠮᠬᠢ ᠵᠢᠷᠤᠮ ᠢ ᠬᠠᠮᠠᠭᠠᠯᠠᠨ᠂ ᠬᠡᠷ ᠪᠦᠯᠢ ᠶᠢᠨ ᠦᠢᠯᠡᠴᠢᠯᠡᠬᠡᠨ ᠤ ᠡᠷᠡᠬᠦᠯ ᠡᠮᠬᠢ ᠵᠢᠷᠤᠮ ᠲᠠᠢ ᠪᠠᠷ ᠬᠦᠭᠵᠢᠬᠦ ᠶᠢ ᠠᠬᠢᠭᠤᠯᠬᠤ ᠪᠠᠷ ᠵᠤᠷᠢᠯᠳᠠ ᠪᠠᠨ ᠪᠤᠯᠭᠠᠬᠰᠠᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号